ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ  ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠪᠠ ᠪᠦᠬᠦ ᠤᠯᠤᠰ ᠤᠨ ᠪᠠᠶᠢᠴᠠᠭᠠᠬᠤ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ   

2025-02-14 16:47:45
ᠵᠣᠬᠢᠶᠠᠭᠴᠢ
ᠨᠠᠪᠴᠢ

 

 

1ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠪᠦᠬᠦ ᠤᠯᠤᠰ ᠤᠨ ᠪᠠᠶᠢᠴᠠᠭᠠᠬᠤ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠡᠯ᠎ᠡ ᠵᠦᠢᠯ ᠤᠨ ᠪᠠᠶᠢᠴᠠᠭᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃

 

  

ᠬᠤᠷᠠᠯ ᠠᠴᠠ᠂ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠠᠴᠠ 2025 ᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ︽ᠵᠠᠮ ᠱᠤᠭᠤᠮ ᠤᠨ ᠵᠢᠷᠤᠭ︾ ᠢ ᠲᠣᠳᠣᠷᠬᠠᠶᠢᠯᠠᠵᠤ᠂ ᠪᠦᠬᠦ ᠤᠯᠤᠰ ᠤᠨ ᠪᠠᠶᠢᠴᠠᠭᠠᠬᠤ ᠳᠠᠷᠤᠭ᠎ᠠ ᠶᠢᠨ ᠬᠤᠷᠠᠯ ᠠᠴᠠ 2024 ᠣᠨ ᠤ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ 2025ᠣᠨ ᠤ ᠪᠠᠶᠢᠴᠠᠭᠠᠬᠤ ᠠᠵᠢᠯ ᠤᠨ ᠡᠭᠦᠷᠭᠡ ᠶᠢ ᠰᠢᠰᠲ᠋ᠧᠮ ᠲᠠᠢ ᠪᠠᠶᠢᠷᠢᠯᠠᠭᠤᠯᠵᠤ᠂ ᠬᠡᠷᠡᠭ ᠨᠢᠭᠡᠪᠦᠷᠢ ᠶᠢ ᠴᠢᠨᠠᠷ ᠰᠠᠶᠢᠲᠠᠢ ᠦᠷ᠎ᠡ ᠪᠦᠲᠦᠮᠵᠢ ᠪᠠᠷ ᠰᠢᠢᠳᠪᠦᠷᠢᠯᠡᠬᠦ ᠦᠷᠳᠡᠭ ᠤᠨ ᠬᠥᠭᠡᠭᠡᠴᠡᠯᠳᠦᠯ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠮᠥᠨ ᠴᠢᠨᠠᠷ ᠤᠨ ᠠᠭᠤᠯᠤᠭᠳᠠᠬᠤᠨ ᠢ ᠡᠵᠡᠮᠳᠡᠵᠦ᠂ ᠪᠠᠶᠢᠴᠠᠭᠠᠬᠤ ᠦᠢᠯᠡᠳᠦᠯᠭᠡ ᠶᠢᠨ ᠳᠤᠮᠳᠠ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃

    

   

ᠬᠤᠷᠠᠯ ᠠᠴᠠ᠂ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ︽ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠥᠬᠦ ᠪᠠᠶᠢᠴᠠᠭᠠᠬᠤ ᠠᠵᠢᠯ ᠳᠤ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠲᠠᠢ ᠨᠢᠭᠲᠠ ᠤᠶᠠᠯᠳᠤᠭᠤᠯᠤᠨ᠂ ︽ᠵᠢᠷᠭᠤᠭᠠᠨ ᠠᠵᠢᠯᠯᠠᠭ᠎ᠠ︾ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠶᠴᠡᠳᠬᠡᠵᠦ᠂ ᠨᠠᠩ ᠥᠨᠳᠥᠷ ᠵᠣᠭᠰᠣᠴᠠ ᠪᠠᠷ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠬᠥᠭᠵᠢᠯᠲᠡ ᠶᠢᠨ ᠶᠡᠭᠡ ᠲᠠᠯ᠎ᠠ ᠳᠤ ᠦᠶᠯᠡᠴᠢᠯᠡᠵᠦ᠂ ᠨᠠᠩ ᠥᠨᠳᠥᠷ ᠡᠷᠴᠢᠮ ᠢᠶᠠᠷ ᠬᠢᠨᠠᠯᠲᠠ ᠲᠠᠯᠪᠢᠵᠤ ᠬᠡᠷᠡᠭ ᠰᠢᠶᠳᠪᠦᠷᠢᠯᠡᠬᠦ ᠪᠠᠨ ᠴᠢᠩᠭᠠᠳᠬᠠᠵᠤ᠂ ᠨᠠᠩ ᠶᠡᠭᠡ ᠡᠷᠴᠢᠮ ᠢᠶᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠨᠠᠩ ᠴᠢᠩᠭ᠎ᠠ ᠱᠠᠭᠠᠷᠳᠠᠯᠭ᠎ᠠ ᠪᠠᠷ ᠪᠠᠶᠢᠴᠠᠭᠠᠬᠤ ᠲᠡᠮᠦᠷ ᠴᠡᠷᠢᠭ ᠢ ᠴᠣᠭᠴᠠᠯᠠᠵᠤ᠂ ᠪᠠᠶᠢᠴᠠᠭᠠᠬᠤ ᠠᠵᠢᠯ ᠤᠨ ᠰᠢᠨ᠎ᠡ ᠵᠢᠳᠬᠦᠯ ᠴᠢᠷᠮᠠᠶᠢᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠵᠦ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ ᠠᠴᠠ᠂ ᠤᠯᠤᠰ ᠲᠦᠷᠦ ᠶᠢᠨ ᠤᠬᠠᠮᠰᠠᠷ᠂  ᠬᠠᠥᠯᠢ ᠪᠠᠷ ᠵᠠᠰᠠᠬᠤ ᠵᠣᠷᠢᠭ ᠰᠠᠨᠠᠭ᠎ᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠪᠦᠬᠦ ᠣᠷᠣᠨ ᠤ ᠪᠠᠶᠢᠴᠠᠭᠠᠬᠤ ᠳᠠᠷᠤᠭ᠎ᠠ ᠶᠢᠨ ᠬᠤᠷᠠᠯ ᠢ ᠰᠠᠶᠢᠲᠤᠷ ᠪᠡᠯᠡᠳᠬᠡᠵᠦ᠂ 2025 ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠶᠢᠲᠤᠷ ᠲᠤᠬᠢᠷᠠᠭᠤᠯᠵᠤ᠂ ᠪᠦᠬᠦ ᠲᠠᠯ᠎ᠠ ᠳᠤ ᠨᠡᠩ ᠬᠦᠴᠦᠲᠡᠢ ᠦᠢᠯᠡᠴᠢᠯᠡᠵᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠵᠤ᠂ ᠬᠠᠥᠯᠢ ᠪᠠᠷ ᠵᠠᠰᠠᠬᠤ ᠲᠥᠯᠥᠭᠡ ᠨᠡᠩ ᠬᠦᠴᠦᠲᠡᠢ ᠡᠭᠦᠷᠭᠡᠯᠡᠬᠦ ᠬᠡᠷᠡᠭᠲᠡᠢ᠃

    

   

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro