ᠳᠠᠯᠠᠳ ᠬᠣᠰᠢᠭᠣᠨ ᠤ ᠠᠷᠠᠳ ᠤᠨ ᠪᠠᠶᠢᠴᠠᠭᠠᠬᠤ ᠬᠣᠷᠢᠶ᠎ᠠ ︽ᠵᠠᠯᠬᠠᠭᠠᠬᠤ ᠰᠡᠷᠭᠡᠶᠢᠯᠡᠬᠦ ᠤᠬᠠᠭᠤᠯᠬᠤ ᠬᠣᠪᠢᠷᠠᠭᠣᠯᠬᠣ︾ ᠳᠥᠷᠪᠡᠨ ᠠᠯᠬᠤᠮ ᠢᠶᠠᠷ ᠶᠠᠪᠤᠵᠤ ᠂ ᠭᠠᠵᠢᠭᠤ ᠶᠢ ᠡᠰᠡᠷᠭᠦᠴᠡᠬᠦ ︽ᠬᠠᠮᠠᠭᠠᠯᠠᠯᠲᠠ ᠶᠢᠨ ᠲᠣᠸᠷ︾ ᠢ ᠨᠢᠭᠲᠠ ᠰᠦᠯᠵᠢᠪᠡ
ᠭᠠᠵᠢᠭᠤ ᠨᠣᠮᠯᠠᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠦᠨ ᠡᠶ᠎ᠡ ᠵᠣᠬᠢᠴᠠᠯ ᠬᠢᠭᠡᠳ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠨᠢ ᠨᠠᠮ ᠪᠠ ᠤᠯᠤᠰ ᠤᠨ ᠭᠠᠵᠢᠭᠤ ᠨᠣᠮᠯᠠᠯ ᠤᠨ ᠠᠰᠠᠭᠤᠳᠠᠯ ᠢ ᠰᠡᠷᠭᠡᠶᠢᠯᠡᠬᠦ ᠪᠠ ᠰᠢᠶᠳᠪᠦᠷᠢᠯᠡᠬᠦ ᠬᠣᠯᠪᠣᠭᠳᠠᠯ ᠪᠦᠬᠦᠢ ᠴᠢᠭᠯᠡᠯᠲᠡ ᠲᠦᠷᠦ ᠶᠢᠨ ᠪᠤᠳᠤᠯᠭ᠎ᠠ ᠶᠢᠨ ᠲᠣᠳᠣᠷᠬᠠᠶ ᠱᠠᠭᠠᠷᠳᠠᠯᠭ᠎ᠠ ᠮᠥᠨ᠂ ᠮᠥᠨ ᠴᠤ ︽ᠡᠷᠡᠭᠦᠦ ᠶᠢᠨ ᠬᠠᠤᠯᠢ︾᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠦᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠳᠣᠷᠬᠠᠶ ᠲᠣᠭᠲᠠᠭᠠᠯ ᠮᠥᠨ᠂ ᠨᠡᠩ ᠴᠤ ᠪᠠᠶᠢᠴᠠᠭᠠᠬᠤ ᠪᠠᠶᠢᠭᠤᠯᠭ᠎ᠠ ᠶᠢᠨ ᠠᠷᠢᠭᠤᠨ ᠲᠠᠷᠬᠠᠨ ᠲᠤᠰᠢᠶᠠᠯ ᠬᠠᠷᠢᠭᠤᠴᠠᠯᠭ᠎ᠠ ᠮᠥᠨ᠃ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠬᠡᠷᠡᠭ ᠰᠢᠶᠳᠪᠦᠷᠢᠯᠡᠬᠦ ᠪᠣᠳᠠᠲᠤ ᠪᠠᠶᠢᠳᠠᠯ ᠲᠠᠶ ᠪᠠᠨ ᠤᠶᠠᠯᠳᠤᠭᠤᠯᠤᠨ ︽ᠵᠠᠯᠬᠠᠭᠠᠬᠤ ᠰᠡᠷᠭᠡᠶᠢᠯᠡᠬᠦ ᠤᠬᠠᠭᠤᠯᠬᠤ ᠬᠣᠪᠢᠷᠠᠭᠣᠯᠬᠣ ᠳᠥᠷᠪᠡᠨ ᠠᠯᠬᠤᠮ ᠢᠶᠠᠷ ᠶᠠᠪᠤᠬᠤ︾ ᠠᠷᠭ᠎ᠠ ᠶᠢ ᠳ᠋ᠦᠩᠨᠡᠨ ᠭᠠᠷᠭᠠᠵᠤ ᠂ ᠪᠥᠬᠥ ᠬᠦᠴᠦᠨ ᠢᠶᠡᠷ ᠢᠶᠡᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠳᠦ ᠬᠦᠴᠦᠲᠡᠶ ᠪᠠᠲᠤᠯᠠᠭ᠎ᠠ ᠬᠠᠩᠭᠠᠪᠠ ᠃
ᠨᠢᠭᠡ᠂ ᠴᠢᠩᠭ᠎ᠠ ᠰᠢᠢᠳᠬᠡᠬᠦ ᠶᠢ ᠲᠡᠷᠢᠭᠦᠨ ᠳᠦ ᠲᠠᠯᠪᠢᠵᠤ᠂ ᠬᠠᠤᠯᠢ ᠶᠣᠰᠣᠭᠠᠷ ᠭᠠᠵᠢᠭᠤ ᠨᠣᠮᠯᠠᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠯᠬᠠᠭᠠᠨ ᠰᠢᠳᠬᠡᠨ᠎ᠡ
ᠡᠷᠡᠭᠦᠦ ᠶᠢᠨ ᠬᠡᠷᠡᠭ ᠦᠨ ᠬᠠᠤᠯᠢ ᠪᠠᠷᠢᠬᠣ ᠰᠦᠷᠳᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠣᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠤᠰ ᠣᠷᠣᠨ ᠤ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠦᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ᠃ ᠬᠣᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠶ ᠪᠠᠶᠢᠩᠭᠤ ᠶᠢᠨ ᠴᠢᠨᠠᠷᠲᠠᠶ ᠤᠷᠢᠳᠴᠢᠯᠠᠨ ᠣᠷᠣᠯᠴᠠᠬᠤ ᠲᠣᠭᠲᠠᠴᠠ ᠶᠢ ᠪᠣᠶ ᠪᠣᠯᠭᠠᠵᠤ ᠂ ᠲᠡᠭᠰᠢ ᠬᠡᠮ ᠮᠡᠳᠡᠭᠡ ᠵᠠᠩᠭᠢ ᠶᠢ ᠪᠠᠲᠤᠯᠠᠵᠤ ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠣᠯᠪᠣᠭᠳᠠᠭᠰᠠᠨ ᠶᠠᠯᠠᠲᠤ ᠠᠵᠢᠯᠯᠠᠭ᠎ᠠ ᠪᠦᠷᠢ ᠳᠦ ᠪᠠᠶᠢᠴᠠᠭᠠᠬᠤ ᠪᠠᠶᠢᠭᠤᠯᠭ᠎ᠠ ᠴᠥᠮ ᠤᠷᠢᠳᠴᠢᠯᠠᠨ ᠣᠷᠣᠯᠴᠠᠵᠣ ᠂ ᠲᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠬᠠᠸᠯᠢ ᠶᠣᠰᠣᠭᠠᠷ ᠂ ᠴᠠᠭ ᠲᠤᠬᠠᠶ ᠳᠤᠨᠢ ᠂ ᠪᠥᠬᠥ ᠲᠠᠯ᠎ᠠ ᠪᠠᠷ ᠭᠡᠷᠡᠴᠢ ᠠᠪᠬᠤ ᠶᠢ ᠬᠥᠲᠥᠯᠦᠨ ᠵᠢᠯᠣᠭᠣᠳᠴᠤ ᠂ ᠰᠢᠢᠳᠪᠦᠷᠢᠯᠡᠬᠦ ᠬᠡᠷᠡᠭ ᠶᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠡᠬᠢ ᠡᠭᠦᠰᠦᠯ ᠡᠴᠡ ᠨᠢ ᠳᠡᠭᠡᠭᠰᠢᠯᠡᠭᠦᠯᠦᠨ᠎ᠡ ᠃ 2021 ᠣᠨ ᠠᠴᠠ ᠨᠠᠰᠢ᠂ ᠵᠠᠭᠠᠯᠳᠤᠬᠤ ᠪᠠᠷ ᠰᠢᠯᠵᠢᠭᠦᠯᠦᠨ ᠬᠦᠷᠭᠡᠭᠰᠡᠨ ᠭᠠᠵᠢᠭᠣ ᠨᠣᠮᠲᠠᠨ ᠤ ᠵᠣᠬᠢᠶᠠᠨ ᠪᠠᠢᠭᠣᠯᠣᠯᠲᠠ ᠶᠢ ᠵᠣᠬᠢᠶᠠᠨ ᠪᠠᠢᠭᠣᠯᠵᠣ ᠠᠰᠢᠭᠯᠠᠭᠰᠠᠨ ᠪᠣᠶᠣ ᠮᠣᠬᠣᠷ ᠪᠢᠰᠢᠷᠡᠯ ᠢ ᠠᠰᠢᠭᠯᠠᠵᠣ ᠬᠠᠣᠯᠢ ᠬᠡᠷᠡᠭᠵᠢᠭᠦᠯᠦᠯᠲᠡ ᠶᠢ ᠡᠪᠳᠡᠭᠰᠡᠨ ᠬᠡᠷᠡᠭ ᠢ ᠨᠡᠢᠢᠳᠡ 4 ᠬᠡᠷᠡᠭ 13 ᠬᠥᠮᠦᠨ ᠢ ᠬᠦᠯᠢᠶᠡᠨ ᠠᠪᠴᠤ ᠰᠢᠢᠳᠪᠦᠷᠢᠯᠡᠨ᠂ ᠪᠥᠬᠥᠳᠡ ᠶᠢ ᠠᠯᠪᠠᠨ ᠵᠠᠭᠠᠯᠳᠤᠯᠭ᠎ᠠ ᠭᠠᠷᠭᠠᠵᠤ᠂ ᠡᠯ᠎ᠡ ᠵᠠᠭᠠᠯᠳᠤᠭᠳᠠᠭᠴᠢ ᠴᠥᠮ ᠶᠠᠯ᠎ᠠ ᠲᠠᠶ ᠲᠠᠰᠤᠯᠤᠯᠲᠠ ᠬᠦᠷᠲᠡᠵᠦ᠂ ᠭᠠᠵᠢᠭᠤ ᠨᠣᠮᠯᠠᠯ ᠳᠤ ᠬᠣᠯᠪᠣᠭᠳᠠᠭᠰᠠᠨ ᠬᠡᠷᠡᠭ ᠦᠨ ᠵᠠᠭᠠᠯᠳᠤᠯᠭ᠎ᠠ ᠶᠢ ᠨᠠᠷᠢᠯᠢᠭ ᠣᠨᠣᠴᠠᠲᠠᠶ᠂ ᠬᠦᠴᠦᠲᠡᠶ ᠴᠣᠬᠢᠯᠲᠠ ᠥᠭᠬᠦ ᠶᠢ ᠪᠡᠶᠡᠯᠡᠭᠦᠯᠪᠡ᠃
ᠬᠤᠶᠠᠷ᠂ ᠰᠡᠷᠭᠡᠶᠢᠯᠡᠬᠦ ᠪᠡᠷ ᠭᠣᠣᠯ ᠪᠣᠯᠭᠠᠵᠤ ᠂ ᠦᠷᠭᠦᠯᠵᠢᠯᠡᠨ ᠭᠠᠵᠢᠭᠤ ᠨᠣᠮᠯᠠᠯ ᠢ ᠡᠰᠡᠷᠭᠦᠴᠡᠬᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠥᠭᠡᠮᠡᠯᠵᠢᠭᠦᠯᠦᠨ ᠣᠬᠠᠭᠣᠯᠣᠨᠠ
ᠲᠤᠰ ᠬᠣᠷᠢᠢ᠎ᠠ ᠣᠨᠣᠪᠴᠢᠲᠠᠢ ᠬᠦᠴᠦᠯᠡᠬᠦ ᠶᠢ ᠪᠠᠷᠢᠮᠲᠠᠯᠠᠵᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠡᠳᠦᠷ ᠲᠤᠳᠤᠮ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠶᠠᠪᠤᠴᠠ ᠳᠤ ᠠᠭᠤᠰᠤᠯᠴᠠᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠭᠠᠷ ᠳᠡᠪᠲᠡᠷ ᠢ ᠳᠠᠷᠣᠮᠯᠠᠵᠣ᠂ ᠭᠠᠵᠢᠭᠤ ᠨᠣᠮᠯᠠᠯ ᠢ ᠡᠰᠡᠷᠭᠦᠴᠡᠬᠦ ᠣᠬᠠᠭᠣᠯᠣᠨ ᠬᠥᠮᠦᠵᠢᠭᠦᠯᠬᠦ ᠠᠵᠢᠯᠯᠠᠭ᠎ᠠ ᠶᠢ ᠴᠢᠭ ᠡᠴᠡ ᠴᠢᠭ᠂ ᠨᠢᠭᠣᠷ ᠠᠴᠠ ᠨᠢᠭᠣᠷ ᠬᠦᠷᠲᠡᠯ᠎ᠡ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠳᠦ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠭᠠᠵᠢᠭᠤ ᠨᠣᠮᠯᠠᠯ ᠢ ᠠᠰᠢᠭᠯᠠᠨ ᠬᠥᠮᠦᠨ ᠢ ᠮᠡᠬᠡᠯᠡᠬᠦ᠂ ᠱᠠᠰᠢᠨ ᠰᠤᠷᠲᠠᠬᠤᠨ ᠤ ᠬᠠᠯᠬᠠᠪᠴᠢ ᠪᠠᠷ ᠬᠥᠮᠦᠨ ᠢ ᠮᠡᠬᠡᠯᠡᠬᠦ᠂ ᠡᠪᠡᠳᠴᠢᠨ ᠢ ᠵᠠᠰᠠᠵᠤ ᠭᠠᠮᠰᠢᠭ ᠠᠴᠠ ᠬᠡᠯᠲᠦᠷᠢᠭᠦᠯᠬᠦ ᠪᠡᠷ ᠬᠥᠮᠦᠨ ᠢ ᠲᠥᠭᠡᠷᠢᠭᠳᠡᠭᠦᠯᠬᠦ᠂ ᠹᠸ᠋ᠤᠳᠠᠯ ᠤᠨ ᠮᠤᠬᠤᠷ ᠪᠢᠰᠢᠷᠡᠯ ᠢᠶᠡᠷ ᠬᠥᠮᠦᠨ ᠢ ᠠᠶᠤᠯᠭᠠᠬᠤ ᠵᠡᠷᠭᠡ ᠬᠠᠮᠤᠭ ᠤᠨ ᠦᠷᠭᠦᠯᠵᠢ ᠬᠡᠷᠡᠭᠯᠡᠳᠡᠭ ᠤᠶᠤᠨ ᠲᠠᠷᠢᠬᠢ ᠶᠢ ᠨᠢ ᠤᠬᠢᠶᠠᠬᠤ ᠠᠷᠭ᠎ᠠ ᠵᠠᠮ ᠢ ᠨᠠᠷᠢᠨ ᠲᠠᠶᠢᠯᠪᠤᠷᠢᠯᠠᠵᠤ᠂ ᠬᠡᠷᠬᠢᠨ ᠭᠠᠵᠢᠭᠤ ᠨᠣᠮᠯᠠᠯ ᠤᠨ ᠲᠦᠷᠦᠯ ᠵᠦᠢᠯ ᠪᠠ ᠬᠣᠣᠷ ᠬᠥᠨᠥᠭᠡᠯ ᠢ ᠢᠯᠭᠠᠨ ᠲᠠᠨᠢᠬᠤ ᠬᠢᠭᠡᠳ ᠬᠣᠷᠢᠭᠯᠠᠬᠤ ᠶᠢ ᠰᠢᠢᠳᠪᠦᠷᠢᠯᠡᠭᠰᠡᠨ ᠬᠡᠷᠡᠭ ᠲᠠᠢ ᠪᠠᠨ ᠣᠶᠠᠯᠳᠣᠭᠣᠯᠣᠨ ᠭᠠᠵᠢᠭᠤ ᠨᠣᠮᠯᠠᠯ ᠢ ᠡᠰᠡᠷᠭᠦᠴᠡᠬᠦ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠨ ᠲᠦᠮᠡᠨ ᠳᠦ ᠲᠦᠭᠡᠮᠡᠯᠵᠢᠭᠦᠯᠵᠦ᠂ ᠤᠯᠠᠨ ᠲᠦᠮᠡᠨ ᠢ ᠬᠦᠳᠦᠯᠦᠨ ᠵᠢᠯᠣᠭᠣᠳᠴᠤ ᠪᠠᠶᠢᠭᠠᠳ ᠤᠬᠠᠮᠰᠠᠷ ᠠᠴᠠ ᠪᠠᠨ ᠭᠠᠵᠢᠭᠤ ᠨᠣᠮᠯᠠᠯ ᠢ ᠡᠰᠡᠷᠭᠦᠴᠡᠬᠦ᠂ ᠭᠠᠵᠢᠭᠤ ᠨᠣᠮᠯᠠᠯ ᠠᠴᠠ ᠵᠠᠢᠳᠠᠵᠣ᠂ ᠬᠠᠮᠲᠣ ᠳᠤ ᠨᠢ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠬᠦ ᠦᠢᠯᠡᠳᠦᠯᠭᠡ ᠳᠦ ᠢᠳᠡᠪᠬᠢᠲᠡᠢ ᠣᠷᠣᠯᠴᠠᠭᠣᠯᠣᠨᠠ᠃
ᠭᠤᠷᠪᠠ᠂ ᠬᠡᠷᠡᠭ ᠢᠶᠡᠷ ᠬᠠᠤᠯᠢ ᠶᠢ ᠲᠠᠶᠢᠯᠪᠤᠷᠢᠯᠠᠵᠤ᠂ ᠨᠡᠶᠢᠲᠡᠯᠢᠭ ᠬᠡᠷᠡᠭ ᠦᠨ ᠵᠢᠱᠢᠶ᠎ᠡ ᠶᠢᠨ ᠰᠡᠷᠡᠮᠵᠢᠯᠡᠭᠦᠯᠬᠦ ᠦᠢᠯᠡᠳᠦᠯ ᠢ ᠭᠦᠢᠴᠡᠳ ᠪᠠᠳᠠᠷᠠᠭᠣᠯᠣᠨᠠ
ᠲᠢᠩᠬᠢᠮ ᠦᠨ ᠰᠢᠭᠦᠯᠲᠡ ᠶᠢᠨ ᠰᠤᠷᠭᠠᠨ ᠬᠥᠮᠦᠵᠢᠯ ᠦᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠨᠡᠶᠢᠲᠡᠯᠢᠭ ᠬᠡᠷᠡᠭ ᠦᠨ ᠵᠢᠱᠢᠶ᠎ᠡ ᠶᠢ ᠰᠣᠩᠭᠣᠵᠣ ᠦᠵᠡᠭᠦᠯᠦᠯᠭᠡ ᠶᠢᠨ ᠲᠢᠩᠬᠢᠮ ᠢ ᠵᠣᠬᠢᠶᠠᠨ ᠪᠠᠶᠢᠭᠤᠯᠵᠤ᠂ ᠲᠢᠩᠬᠢᠮ ᠦᠨ ᠰᠢᠭᠦᠯᠲᠡ ᠶᠢᠨ ᠲᠥᠪ ᠴᠢᠩᠭ᠎ᠠ ᠴᠢᠨᠠᠷ ᠢ ᠠᠰᠢᠭᠯᠠᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠦᠨᠳᠦᠷᠴᠡ ᠳᠦ ᠵᠣᠭᠰᠣᠵᠤ᠂ ᠰᠡᠷᠡᠮᠵᠢᠯᠡᠭᠦᠯᠬᠦ ᠰᠤᠷᠭᠠᠨ ᠬᠥᠮᠦᠵᠢᠯ ᠦᠨ ᠠᠷᠭ᠎ᠠ ᠮᠠᠶ᠋ᠢᠭ ᠢᠶᠠᠷ ᠦᠨᠡᠨ ᠪᠣᠳᠠᠲᠤ ᠬᠡᠷᠡᠭ ᠦᠨ ᠵᠢᠱᠢᠶ᠎ᠡ ᠶᠢ ᠡᠰᠢᠯᠡᠵᠦ᠂ ᠬᠢᠯᠪᠠᠷ ᠣᠶᠢᠯᠠᠭᠠᠮᠵᠢᠲᠠᠶ ᠦᠭᠡ ᠶᠠᠷᠢᠶ᠎ᠠ ᠪᠡᠷ ᠭᠠᠵᠢᠭᠤ ᠨᠣᠮᠯᠠᠯ ᠤᠨ ᠦᠨᠡᠨ ᠲᠦᠷᠢ ᠪᠠ ᠬᠣᠣᠷ ᠬᠦᠨᠦᠭᠡᠯᠳᠦ ᠴᠢᠨᠠᠷ ᠢ ᠢᠯᠡᠴᠢᠯᠡᠵᠦ᠂ ᠬᠥᠮᠦᠰ ᠦᠨ ᠰᠡᠳᠬᠢᠯ ᠳᠦ ᠰᠢᠭᠤᠳ ᠴᠣᠬᠢᠯᠲᠠ ᠦᠭᠭᠦᠨ᠎ᠡ᠃ ᠵᠠᠭᠠᠯᠳᠤᠭᠳᠠᠭᠴᠢ ᠶᠢ ᠰᠤᠷᠭᠠᠨ ᠬᠥᠮᠦᠵᠢᠭᠦᠯᠬᠦ ᠶᠢᠨ ᠬᠠᠮᠲᠤ ᠲᠤᠬᠠᠶ ᠶᠢᠨ ᠲᠠᠯᠠᠪᠤᠷ ᠲᠤ ᠰᠤᠯᠠ ᠰᠣᠨᠣᠰᠬᠤ ᠬᠥᠮᠦᠰ ᠵᠢᠴᠢ ᠰᠢᠭᠤᠳ ᠨᠡᠪᠲᠡᠷᠡᠭᠦᠯᠭᠡ ᠶᠢ ᠦᠵᠡᠬᠦ ᠬᠥᠮᠦᠰ ᠲᠦ ᠰᠡᠷᠡᠮᠵᠢ ᠶᠢᠨ ᠬᠤᠩᠬᠤ ᠶᠢ ᠳᠤᠤᠭᠠᠷᠭᠠᠵᠤ᠂ ᠮᠠᠰᠢ ᠰᠠᠢᠢᠨ ᠰᠡᠷᠡᠮᠵᠢᠯᠡᠭᠦᠯᠬᠦ ᠬᠥᠮᠦᠵᠢᠯ ᠦᠨ ᠦᠢᠯᠡᠳᠦᠯ ᠦᠵᠡᠭᠦᠯᠪᠡ᠃ ᠮᠠᠨ ᠤ ᠬᠣᠷᠢᠶᠠᠨ ᠤ ︽ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ︿ ᠰᠦᠨᠡᠰᠦᠨ ᠦ ᠭᠤᠷᠪᠠᠨ ᠠᠰᠠᠭᠤᠯᠲᠠ ﹀ ᠪᠠᠷ ᠭᠠᠵᠢᠭᠤ ᠨᠣᠮᠯᠠᠯ ᠤᠨ ︿ ᠭᠠᠵᠢᠭᠤ ﹀ ᠢ ᠲᠣᠭᠠᠴᠢᠬᠣ ︾ ᠦᠵᠡᠭᠦᠯᠦᠯᠭᠡ ᠶᠢᠨ ᠲᠢᠩᠬᠢᠮ ᠦᠨ ᠮᠡᠳᠡᠭᠡ ᠵᠠᠩᠭᠢ ᠨᠢ ᠳᠤᠮᠳᠠᠳᠤ ᠤᠯᠤᠰ ᠤᠨ ᠭᠠᠵᠢᠭᠤ ᠨᠣᠮᠯᠠᠯ ᠢ ᠡᠰᠡᠷᠭᠦᠴᠡᠬᠦ ᠰᠦᠯᠵᠢᠶ᠎ᠡ ᠡᠴᠡ ᠰᠢᠯᠵᠢᠭᠦᠯᠦᠨ ᠨᠡᠶᠢᠲᠡᠯᠡᠵᠦ ᠂ ᠳᠠᠮᠵᠢᠭᠤᠯᠤᠨ ᠲᠠᠷᠬᠠᠭᠠᠨ ᠭᠦᠶᠦᠯᠭᠡᠨ ᠦᠵᠡᠭᠰᠡᠨ ᠬᠡᠮᠵᠢᠶ᠎ᠡ 500 ᠲᠦᠮᠡ ᠶᠢ ᠳᠠᠪᠠᠪᠠ ᠃
ᠲᠦᠷᠪᠠ᠂ ᠰᠤᠷᠭᠠᠨ ᠬᠥᠮᠦᠵᠢᠭᠦᠯᠦᠨ ᠬᠤᠪᠢᠷᠠᠭᠤᠯᠵᠤ ᠂ ᠭᠠᠵᠢᠭᠤ ᠳᠦ ᠬᠣᠯᠪᠣᠭᠳᠠᠭᠰᠠᠨ ᠬᠥᠮᠦᠰ ᠢ ︽ ᠭᠡᠮ ᠢᠶᠡᠨ ᠬᠠᠯᠠᠵᠤ ᠭᠡᠭᠡᠨ ᠵᠠᠮ ᠳᠤ ᠣᠷᠣᠭᠤᠯᠬᠤ︾ ᠪᠠᠷ ᠬᠠᠪᠰᠤᠷᠤᠨ᠎ᠠ
ᠬᠡᠷᠡᠭ ᠰᠢᠶᠳᠪᠦᠷᠢᠯᠡᠬᠦ ᠶᠠᠪᠤᠴᠠ ᠳᠤ᠂ ᠴᠣᠬᠢᠯᠲᠠ ᠥᠭᠬᠦ ᠪᠠ ᠰᠤᠷᠭᠠᠨ ᠬᠥᠮᠦᠵᠢᠭᠦᠯᠵᠦ ᠬᠤᠪᠢᠷᠠᠭᠤᠯᠬᠤ ᠶᠢ ᠵᠡᠷᠭᠡ ᠪᠡᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠶᠠᠯ᠎ᠠ ᠳᠤ ᠬᠣᠯᠪᠣᠭᠳᠠᠭᠰᠠᠨ ᠬᠥᠮᠦᠰ ᠲᠦ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠶᠠᠷᠢᠵᠤ᠂ ᠲᠡᠭᠦᠨ ᠢ ᠬᠥᠲᠥᠯᠥᠨ ᠵᠢᠯᠣᠭᠣᠳᠴᠤ ᠪᠠᠶᠢᠭᠠᠳ ᠶᠠᠯ᠎ᠠ ᠶᠢ ᠨᠢ ᠮᠡᠳᠡᠷᠡᠭᠦᠯᠦᠨ ᠰᠢᠳᠬᠡᠯ ᠢ ᠬᠦᠯᠢᠶᠡᠯᠭᠡᠬᠦ ᠶᠢᠨ ᠬᠠᠮᠲᠤ ᠰᠡᠳᠬᠢᠯᠭᠡ ᠶᠢ ᠨᠢ ᠬᠥᠳᠡᠯᠭᠡᠵᠦ᠂ ᠶᠣᠰᠣ ᠶᠢ ᠨᠢ ᠮᠡᠳᠡᠭᠦᠯᠵᠦ᠂ ᠬᠦᠯᠢᠴᠡᠩᠭᠦᠶ ᠪᠡᠷ ᠢᠳᠬᠠᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠠᠴᠠ ᠰᠠᠯᠭᠠᠵᠤ᠂ ᠬᠡᠪ ᠦᠨ ᠠᠮᠢᠳᠤᠷᠠᠯ ᠤᠨ ᠵᠠᠮ ᠳᠤᠨᠢ ᠣᠷᠣᠭᠣᠯᠣᠨ᠎ᠠ᠃ ᠰᠢᠢᠳᠪᠦᠷᠢᠯᠡᠭᠰᠡᠨ ᠬᠡᠷᠡᠭ ᠲᠦ ᠂ ᠰᠢᠭᠦᠬᠦ ᠬᠣᠷᠢᠶ᠎ᠠ ᠲᠠᠰᠤᠯᠤᠯᠲᠠ ᠭᠠᠷᠭᠠᠬᠤ ᠠᠴᠠ ᠡᠮᠦᠨ᠎ᠡ 5 ᠵᠠᠭᠠᠯᠳᠤᠭᠳᠠᠭᠴᠢ ᠭᠡᠮᠰᠢᠯ ᠦᠨ ᠪᠢᠴᠢᠭ ᠪᠢᠴᠢᠵᠦ ᠂ ᠭᠠᠵᠢᠭᠤ ᠨᠣᠮᠯᠠᠯ ᠠᠴᠠ ᠤᠬᠤᠷᠢᠨ ᠭᠠᠷᠴᠤ ᠂ ᠭᠠᠵᠢᠭᠤ ᠨᠣᠮᠯᠠᠯ ᠤᠨ ᠠᠵᠢᠯᠯᠠᠭ᠎ᠠ ᠶᠢ ᠳᠠᠭᠢᠵᠤ ᠬᠢᠬᠦ ᠦᠭᠡᠶ ᠭᠡᠵᠦ ᠲᠣᠳᠣᠷᠬᠠᠶ ᠢᠯᠡᠷᠬᠡᠶᠢᠯᠡᠪᠡ ᠃
ᠳᠠᠷᠠᠭᠠᠴᠢ ᠶᠢᠨ ᠠᠯᠬᠤᠮ ᠳᠤ᠂ ᠮᠠᠨ ᠤ ᠬᠣᠷᠢᠢ᠎ᠠ ᠪᠠᠶᠢᠴᠠᠭᠠᠬᠤ ᠶᠢᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠤᠷᠢᠳᠴᠢᠯᠠᠨ ᠰᠡᠷᠭᠡᠶᠢᠯᠡᠬᠦ ᠪᠡᠷ ᠭᠣᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠣᠨᠣᠪᠴᠢᠲᠠᠢ ᠴᠣᠬᠢᠯᠲᠠ ᠥᠭᠴᠦ᠂ ᠡᠷᠡᠭᠦᠯ ᠴᠢᠭᠢᠷᠠᠭ᠂ ᠡᠶ᠎ᠡ ᠵᠣᠬᠢᠴᠠᠩᠭᠤᠢ᠂ ᠲᠣᠭᠲᠠᠭᠤᠨ ᠨᠡᠶᠢᠭᠡᠮ ᠦᠨ ᠣᠷᠴᠢᠨ ᠲᠣᠭᠣᠷᠢᠨ ᠢ ᠪᠤᠢ ᠪᠣᠯᠭᠠᠬᠤ ᠳᠤ ᠦᠷᠭᠦᠯᠵᠢᠯᠡᠨ ᠪᠠᠶᠢᠴᠠᠭᠠᠬᠤ ᠬᠦᠴᠦᠨ ᠢᠶᠡᠨ ᠡᠷᠭᠦᠨ᠎ᠡ᠃