ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠶᠡᠭᠡ ᠬᠤᠷᠠᠯ ᠬᠤᠷᠠᠯᠳᠤᠭᠤᠯᠵᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ ᠲᠤᠭᠤᠰᠢᠯᠠᠭᠤᠯᠪᠠ
3 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠶᠡᠭᠡ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠪᠦᠬᠦ ᠣᠷᠣᠨ ᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ ᠲᠤᠭᠤᠰᠢᠯᠠᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠢ ᠡᠷᠬᠢᠯᠡᠪᠡ᠃
ᠬᠤᠷᠠᠯ ᠠᠴᠠ᠂ 2025 ᠣᠨ ᠤ ᠪᠦᠬᠦ ᠤᠯᠤᠰ ᠤᠨ ᠬᠤᠶᠠᠷ ᠬᠤᠷᠠᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠡᠭᠦᠰᠴᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠬᠦ ᠵᠢᠯ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠬᠤᠯᠪᠣᠭᠳᠠᠯ ᠪᠥᠬᠦᠶ ᠪᠦᠯᠬᠦᠮ ᠳᠤᠭᠤᠶᠢᠯᠠᠩ ᠤᠨ ᠬᠤᠷᠠᠯ ᠳᠡᠭᠡᠷ᠎ᠡ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ᠂ ᠴᠡᠷᠢᠭ ᠠᠩᠭᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠠᠬᠢᠭᠤᠯᠤᠨ ᠬᠡᠷᠡᠭᠵᠢᠭᠦᠯᠬᠦ ᠶᠢ ᠪᠠᠲᠤᠯᠠᠬᠤ ᠵᠡᠷᠭᠡ ᠶᠢᠨ ᠲᠣᠭᠤᠷᠢᠨ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠨᠠᠷᠢᠨ ᠪᠠᠶᠢᠷᠢᠯᠠᠭᠤᠯᠤᠯᠲᠠ ᠬᠢᠵᠡᠢ᠃ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠢᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠳᠤ ᠤᠨᠢᠨ ᠳᠡᠭᠡᠷ᠎ᠡ ᠨᠢ ᠦᠢᠯᠡᠴᠢᠯᠡᠵᠦ᠂ ᠵᠣᠷᠢᠭ ᠰᠠᠨᠠᠭ᠎ᠠ ᠪᠠᠨ ᠤᠯᠠᠮ ᠴᠢᠨᠠᠭᠰᠢᠳᠠ ᠬᠥᠭᠵᠢᠭᠡᠵᠦ᠂ ᠠᠵᠢᠯ ᠤᠨ ᠠᠮᠵᠢᠯᠲᠠ ᠪᠠᠨ ᠳᠡᠭᠡᠭᠰᠢᠯᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠪᠠᠶᠢᠴᠠᠭᠠᠬᠤ ᠠᠵᠢᠯ ᠤᠨ ︽ᠭᠤᠷᠪᠠᠨ ᠵᠢᠯ ᠳᠤ ᠨᠢᠭᠡ ᠶᠡᠭᠡ ᠬᠤᠪᠢᠷᠠᠯᠲᠠ︾ ᠶᠢᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃
ᠬᠤᠷᠠᠯ ᠠᠴᠠ᠂ ᠡᠩᠬᠡ ᠠᠮᠤᠭᠤᠯᠠᠩ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂︽ᠴᠢᠩᠭ᠎ᠠ︾ ᠪᠠᠶᠢᠬᠤ ᠲᠠᠯ᠎ᠠ ᠶᠢ ᠰᠤᠯᠠᠷᠠᠭᠤᠯᠤᠯ ᠦᠭᠡᠢ ᠠᠳᠬᠤᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠵᠣᠬᠢᠶᠠᠨ ᠪᠠᠶᠢᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠴᠡᠭᠴᠡᠯᠡᠨ ᠵᠠᠰᠠᠬᠤ ᠳᠤ ᠢᠳᠡᠪᠬᠢᠲᠡᠢ ᠣᠷᠣᠯᠴᠠᠵᠤ᠂ ᠲᠤᠶᠢᠯ ᠤᠨ ᠬᠠᠷᠭᠢᠰ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠬᠦᠨᠳᠦ ᠪᠥᠭᠡᠳ ᠲᠦᠷᠭᠡᠨ ᠢᠶᠠᠷ ᠵᠠᠯᠬᠠᠭᠠᠨ ᠰᠢᠳᠬᠡᠬᠦ ᠬᠡᠷᠡᠭᠲᠡᠶ᠃ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ ᠠᠮᠤᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ︽ᠵᠥᠷᠢᠴᠡᠯ ᠠᠶᠤᠯ ᠲᠦᠭᠰᠢᠭᠦᠷᠢ ᠶᠢ ᠠᠷᠢᠯᠭᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ ᠲᠤᠰᠬᠠᠶ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠠᠶᠢᠭᠤᠯᠤᠯᠲᠠ ᠶᠢᠨ ︽ᠭᠤᠤᠯ ᠬᠦᠴᠦᠨ︾ ᠤ ᠦᠶᠯᠡᠳᠦᠯ ᠢ ᠦᠨᠡᠨ ᠬᠦ ᠪᠠᠳᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠳᠤ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠤᠭ ᠤᠨ ᠴᠢᠩᠭ᠎ᠠ ᠬᠠᠤᠯᠢ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠣᠷᠴᠢᠨ ᠲᠣᠭᠤᠷᠢᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠲᠥᠪᠯᠡᠷᠡᠭᠦᠯᠦᠨ ᠪᠣᠭᠤᠮᠲᠠ ᠰᠢᠪᠲᠤᠯᠬᠤ ᠲᠤᠰᠬᠠᠢ ᠠᠵᠢᠯᠯᠠᠭ᠎ᠠ ᠳᠤ ᠴᠣᠬᠢᠯᠲᠠ ᠥᠭᠬᠦ ᠳᠤ ᠢᠳᠡᠪᠬᠢᠲᠡᠢ ᠣᠷᠣᠯᠴᠠᠵᠤ᠂ ᠬᠠᠤᠯᠢ ᠪᠤᠰᠤ ᠪᠠᠷ ᠲᠠᠷᠢᠶᠠᠨ ᠭᠠᠵᠠᠷ ᠢ ᠡᠵᠡᠯᠡᠭᠰᠡᠨ ᠪᠠ ᠡᠪᠳᠡᠭᠰᠡᠨ᠂ ᠤᠢ ᠰᠢᠭᠤᠢ ᠶᠢ ᠡᠪᠳᠡᠵᠦ ᠠᠲᠠᠷ ᠬᠠᠭᠠᠯᠪᠤᠷᠢᠯᠠᠭᠰᠠᠨ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠵᠡᠷᠭᠡ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢ ᠲᠤᠪᠤᠶᠢᠯᠭᠠᠨ᠎ᠠ︔ ᠭᠤᠣᠯ ᠮᠥᠷᠡᠨ ᠨᠠᠭᠤᠷ ᠴᠥᠭᠦᠷᠥᠮ᠂ ᠲᠠᠯ᠎ᠠ ᠨᠤᠲᠤᠭ᠂ ᠤᠢ ᠰᠢᠭᠤᠢ ᠶᠢ ᠪᠣᠬᠢᠷᠲᠤᠭᠤᠯᠤᠭᠰᠠᠨ ︽ᠠᠮᠢ ᠠᠬᠤᠢ ᠶᠢ ᠪᠠᠶᠢᠴᠠᠭᠠᠬᠤ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ ᠣᠷᠴᠢᠨ ᠲᠣᠭᠤᠷᠢᠨ ᠤ ᠡᠬᠢ ᠪᠠᠶᠠᠯᠢᠭ ᠤᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠬᠦᠷᠢᠶᠡᠨ ᠤ ᠲᠣᠭᠤᠷᠢᠨ ᠳᠤ ᠨᠥᠯᠥᠭᠡᠯᠡᠬᠦ ᠬᠦᠴᠦᠨ ᠲᠠᠢ ᠨᠢᠭᠡ ᠪᠦᠯᠦᠭ ᠴᠢᠨᠠᠷ ᠰᠠᠶᠢᠲᠠᠢ ᠦᠷ᠎ᠡ ᠪᠦᠲᠦᠮᠵᠢᠲᠡᠢ ᠬᠡᠷᠡᠭ ᠢ ᠭᠤᠣᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ᠃ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠲᠤᠷᠰᠢᠨ ᠪᠠᠶᠢᠴᠠᠭᠠᠬᠤ ᠭᠤᠭᠴᠤᠭ᠎ᠠ ᠶᠢᠨ ᠠᠵᠤ ᠠᠬᠤᠶᠢᠯᠠᠯ ᠳᠤ ᠬᠤᠯᠪᠣᠭᠳᠠᠬᠤ ︽ᠬᠡᠷᠡᠭ ᠪᠦᠬᠦᠨ ᠢ ᠴᠡᠪᠡᠷᠯᠡᠬᠦ︾ ᠶᠢ ᠦᠷᠭᠦᠯᠵᠢᠯᠡᠨ ᠮᠥᠷᠳᠡᠨ ᠪᠠᠶᠢᠴᠠᠭᠠᠵᠤ᠂ ᠬᠠᠤᠯᠢ ᠠᠴᠠ ᠵᠥᠷᠢᠴᠡᠨ ᠣᠨᠳᠣᠤ ᠭᠠᠵᠠᠷ ᠲᠤ ᠬᠠᠷᠢᠶᠠᠯᠠᠭᠤᠯᠬᠤ᠂ ᠠᠰᠢᠭ ᠬᠥᠭᠡᠭᠡᠴᠡᠯᠳᠦᠨ ᠬᠠᠤᠯᠢ ᠬᠡᠷᠡᠭᠵᠢᠭᠦᠯᠬᠦ ᠵᠡᠷᠭᠡ ᠲᠣᠪᠤᠶᠢᠮ᠎ᠠ ᠠᠰᠠᠭᠤᠳᠠᠯ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠡᠷᠬᠡ ᠶᠢᠨ ᠬᠢᠵᠠᠭᠠᠷ ᠠᠴᠠ ᠳᠠᠪᠠᠭᠰᠠᠨ᠂ ᠬᠦᠷᠢᠶ᠎ᠡ ᠬᠡᠪᠴᠢᠶ᠎ᠡ ᠠᠴᠠ ᠳᠠᠪᠠᠭᠰᠠᠨ᠂ ᠲᠤᠭ᠎ᠠ ᠬᠡᠮᠵᠢᠶ᠎ᠡ ᠠᠴᠠ ᠬᠡᠲᠦᠷᠡᠭᠰᠡᠨ᠂ ᠴᠠᠭ ᠬᠤᠭᠤᠴᠠᠭ᠎ᠠ ᠬᠢᠵᠠᠭᠠᠷᠯᠠᠨ ︽ᠪᠠᠶᠢᠴᠠᠭᠠᠨ ᠳᠠᠷᠤᠵᠤ ᠠᠪᠬᠤ︾ ᠠᠰᠠᠭᠤᠳᠠᠯ ᠢ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠭᠦᠨᠵᠡᠭᠡᠶ ᠥᠷᠨᠢᠭᠦᠯᠬᠦ ᠬᠡᠷᠡᠭᠲᠡᠶ᠃
ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠦᠷᠢᠮ︾ ᠪᠣᠯᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ︽ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ︾ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠤᠴᠢᠷ ᠶᠠᠪᠤᠳᠠᠯ᠂ ᠴᠢᠬᠤᠯᠠ ᠶᠡᠭᠡ ᠰᠡᠷᠭᠡᠭ ᠬᠡᠷᠡᠭ᠂ ᠴᠢᠬᠤᠯᠠ ᠶᠡᠭᠡ ᠭᠡᠨᠡᠳᠲᠡ ᠶᠢᠨ ᠬᠡᠷᠡᠭ ᠭᠠᠷᠤᠭᠰᠠᠨ ᠶᠠᠪᠤᠳᠠᠯ ᠳᠤ ᠴᠠᠭ ᠲᠤᠬᠠᠶ ᠳᠤᠨᠢ ᠨᠠᠮ ᠤᠨ ᠬᠤᠷᠢᠶ᠎ᠠ᠂ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠢᠴᠢ ᠳᠡᠭᠡᠳᠦ ᠱᠠᠲᠤᠨ ᠤ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠬᠡᠷᠡᠭᠲᠡᠶ ᠭᠡᠵᠡᠢ᠃