ᠰᠢᠯᠢᠳᠡᠭ ᠪᠠᠶᠢᠴᠠᠭᠠᠭᠴᠢ ᠰᠢᠯᠢᠩᠭᠣᠸᠠ ᠨᠦᠬᠦᠷ
ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠢᠷᠭᠡᠨ ᠤ ᠵᠠᠰᠠᠭ ᠵᠠᠬᠢᠷᠭᠠᠨ ᠤ ᠬᠡᠷᠡᠭ ᠪᠠᠶᠢᠴᠠᠭᠠᠬᠤ ᠰᠠᠯᠠᠭ᠎ᠠ ᠶᠢᠨ ᠰᠠᠯᠠᠭᠠᠨ ᠳᠠᠷᠤᠭ᠎ᠠ ᠰᠢᠯᠢᠩᠭᠣᠸᠠ ᠪᠤᠯ ᠨᠢᠭᠡᠨ ᠰᠡᠳᠬᠢᠯ ᠦᠨ ᠢᠳᠡ ᠲᠠᠮᠢᠷ ᠲᠠᠢ 《 ᠡᠮᠡᠭᠲᠡᠢ ᠪᠠᠭᠠᠲᠦᠷ》 ᠮᠦᠨ᠃ ᠪᠠᠶᠢᠴᠠᠭᠠᠬᠤ ᠬᠤᠷᠢᠶ᠎ᠠ ᠳᠤ ᠠᠵᠢᠯᠯᠠᠭᠰᠠᠨ ᠡᠴᠡ ᠪᠡᠨ ᠠᠪᠤᠭᠠᠳ ᠲᠡᠷᠡ ᠤᠷᠢᠳ ᠬᠣᠵᠢᠳ ᠡᠳ᠋ ᠦᠨ ᠶᠠᠪᠤᠳᠠᠯ ᠂ ᠲᠤᠭ᠎ᠠ ᠪᠦᠷᠢᠳᠬᠡᠯ ᠂ ᠢᠯᠵᠠᠷᠠᠯ ᠢ ᠡᠰᠡᠷᠭᠦᠴᠡᠬᠦ ᠂ ᠠᠯᠪᠠᠨ ᠵᠠᠭᠠᠯᠳᠤᠯᠭ᠎ᠠ ᠭᠠᠷᠭᠠᠬᠤ᠂ ᠢᠷᠭᠡᠨ ᠦ ᠬᠡᠷᠡᠭ ᠪᠠᠶᠢᠴᠠᠭᠠᠬᠤ ᠵᠡᠷᠭᠡ ᠤᠯᠠᠨ ᠠᠵᠢᠯ ᠤᠨ ᠪᠠᠶᠢᠷᠢ ᠳᠡᠭᠡᠷ᠎ᠡ ᠠᠵᠢᠯᠯᠠᠨ ᠂ ᠣᠷᠭᠢᠯᠤᠮ᠎ᠠ ᠬᠠᠯᠠᠭᠤᠨ ᠰᠡᠳᠭᠢᠯᠭᠡ ᠪᠡᠷ ᠪᠠᠶᠢᠴᠠᠭᠠᠬᠤ ᠦᠢᠯᠡᠰ ᠲᠦ ᠦᠢᠯᠡᠴᠢᠯᠡᠨ ᠂ ᠰᠡᠳᠭᠢᠯ ᠦᠨ ᠲᠠᠮᠢᠷ ᠢᠶᠠᠨ ᠰᠢᠪᠬᠠᠭᠰᠠᠭᠠᠷ ᠢᠷᠡᠵᠡᠢ᠃
ᠢᠷᠭᠡᠨ ᠦ ᠪᠠ ᠵᠠᠰᠠᠭ ᠵᠠᠬᠢᠷᠭᠠᠨ ᠤ ᠬᠡᠷᠡᠭ ᠪᠠᠶᠢᠴᠠᠭᠠᠬᠤ ᠠᠵᠢᠯ ᠢ ᠬᠢᠭᠰᠡᠨ ᠡᠴᠡ ᠪᠡᠨ ᠠᠪᠤᠭᠠᠳ ᠂ ᠲᠡᠷᠡ ᠬᠠᠤᠯᠢ ᠴᠠᠭᠠᠵᠠ ᠶᠢᠨ ᠡᠷᠬᠡ ᠲᠡᠭᠰᠢ ᠪᠤᠰᠤ ᠶᠢᠨ ᠠᠷᠦ ᠳ᠋ᠡᠬᠢ ᠲᠤᠰᠢᠶᠠᠯ ᠤᠨ ᠶᠠᠯᠠᠲᠦ ᠬᠡᠷᠡᠭ ᠢ ᠢᠳᠡᠪᠬᠢᠲᠠᠢ ᠪᠠᠶᠢᠴᠠᠭᠠᠨ ᠰᠢᠢᠳᠪᠦᠷᠢᠯᠡᠵᠡᠢ᠃ 2007 ᠤᠨ ᠳᠤ ᠂ ᠯᠢ ᠣᠪᠣᠭᠲᠤ ᠶᠢᠨ ᠮᠠᠶᠢᠮᠠᠢ ᠶᠢᠨ ᠬᠡᠷ᠎ᠡ ᠶᠢᠨ ᠵᠢᠭᠤᠷᠠᠭᠠᠨ ᠤ ᠬᠡᠷᠡᠭ ᠢ ᠬᠢᠨᠠᠨ ᠪᠠᠶᠢᠴᠠᠭᠠᠬᠤ ᠶᠠᠪᠤᠴᠠ ᠳᠤ ᠂ ᠠᠯᠪᠠᠨ ᠪᠠᠶᠢᠭᠤᠯᠭ᠎ᠠ ᠶᠢᠨ ᠠᠵᠢᠯᠲᠠᠨ ᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠰᠡᠵᠢᠭᠲᠡᠢ ᠪᠠᠶᠢᠳᠠᠯ ᠢ ᠢᠯᠡᠷᠡᠭᠦᠯᠵᠦ ᠂ ᠰᠢᠭᠦᠬᠦ ᠬᠤᠷᠢᠶ᠎ᠠ ᠶᠠᠯ᠎ᠠ ᠲᠠᠢ ᠪᠠᠷ ᠰᠢᠭᠦᠨ ᠲᠠᠰᠤᠯᠵᠤ᠂ ᠲᠤᠰ ᠬᠤᠰᠢᠭᠤᠨ ᠤ ᠲᠡᠷᠡᠴᠢᠯᠡᠨ ᠤᠯᠠᠭᠠᠨᠬᠠᠳᠠ ᠬᠤᠲᠠ ᠶᠢᠨ ᠬᠡᠪᠴᠢᠶᠡᠨ ᠳᠦ ᠢᠷᠭᠡᠨ ᠦ ᠪᠠ ᠵᠠᠰᠠᠭ ᠵᠠᠬᠢᠷᠭᠠᠨ ᠤ ᠬᠡᠷᠡᠭ ᠦᠨ ᠪᠠᠶᠢᠴᠠᠭᠠᠬᠤ ᠰᠠᠯᠠᠭ᠎ᠠ ᠮᠦᠴᠢᠷ ᠦᠨ ᠬᠠᠤᠯᠢ ᠴᠠᠭᠠᠵᠠ ᠶᠢᠨ ᠡᠷᠬᠡ ᠲᠡᠭᠰᠢ ᠪᠤᠰᠤ ᠶᠢᠨ ᠠᠷᠦ ᠳᠡᠬᠢ ᠲᠤᠰᠢᠶᠠᠯ ᠤᠨ ᠶᠠᠯᠠᠲᠦ ᠬᠡᠷᠡᠭ ᠦᠨ ᠲᠡᠭ ᠲᠤᠭ᠎ᠠ ᠶᠢ ᠳᠠᠪᠠᠬᠤ ᠶᠢ ᠪᠡᠶᠡᠯᠡᠭᠦᠯᠪᠡ ᠃
ᠡᠭᠦᠨ ᠦ ᠰᠠᠭᠤᠷᠢᠨ ᠳᠡᠭᠡᠷ᠎ᠡ ᠂ ᠲᠡᠷᠡ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠢ ᠪᠦᠲᠦᠮᠵᠢᠲᠠᠢ ᠪᠠᠷ ᠬᠡᠷᠡᠭᠯᠡᠬᠦ ᠶᠢ ᠤᠯᠠᠮ ᠨᠢᠭᠡ ᠲᠤᠷᠰᠢᠵᠦ ᠂ ᠰᠠᠨᠠᠭᠤᠯᠭ᠎ᠠ ᠶᠢᠨ ᠪᠢᠴᠢᠭ ᠨᠢᠭᠡᠪᠦᠷᠢ ᠶᠢ ᠴᠦᠮ ᠬᠠᠷᠢᠭᠤ ᠪᠢᠴᠢᠭ ᠲᠠᠢ ᠪᠣᠯᠭᠠᠬᠤ ᠶᠢ ᠴᠢᠷᠮᠠᠶᠢᠭᠰᠠᠨ ᠪᠠᠶᠢᠨ᠎ᠠ ᠃ ᠠᠳᠠᠯᠢ ᠱᠠᠲᠦᠨ ᠤ ᠰᠢᠭᠦᠬᠦ ᠬᠤᠷᠢᠶ᠎ᠠ ᠲᠠᠢ ᠨᠡᠪᠲᠡᠷᠡᠯᠴᠡᠨ ᠰᠣᠳᠤᠯᠬᠤ ᠪᠠᠷ ᠳᠠᠮᠵᠢᠭᠠᠳ ᠂ ᠢᠷᠭᠡᠨ ᠦ ᠪᠠ ᠵᠠᠰᠠᠭ ᠵᠠᠬᠢᠷᠭᠠᠨ ᠤ ᠬᠡᠷᠡᠭ ᠦᠨ ᠰᠠᠨᠠᠭᠤᠯᠭ᠎ᠠ ᠶᠢᠨ ᠪᠢᠴᠢᠭ ᠢ ᠪᠠᠭᠤᠯᠭᠠᠬᠤ ᠳᠤ ᠬᠠᠮᠲᠦ ᠶᠢᠨ ᠦᠵᠡᠯᠲᠡ ᠲᠠᠢ ᠪᠤᠯᠵᠠᠢ ᠃ 2009 ᠤᠨ ᠳᠤ ᠲᠡᠷᠡ ᠨᠢᠭᠡᠨ ᠭᠤᠮᠤᠳᠠᠯ ᠲᠤᠭᠠᠴᠢᠭᠰᠠᠨ ᠬᠡᠷᠡᠭ ᠢ ᠳᠠᠭᠠᠭᠠᠨ ᠰᠢᠳᠬᠡᠬᠦ ᠶᠠᠪᠤᠴᠠ ᠳᠤ ᠂ ᠬᠤᠶᠠᠷ ᠬᠦᠢᠴᠡᠳᠬᠡᠬᠦ ᠬᠡᠷᠡᠭ ᠦᠨ ᠳᠤᠮᠳᠠᠬᠢ ᠠᠯᠳᠠᠭ᠎ᠠ ᠶᠢ ᠢᠯᠡᠷᠡᠭᠦᠯᠪᠠ ᠄ ᠬᠡᠷᠡᠭ ᠰᠢᠳᠬᠡᠬᠦ ᠬᠦᠮᠦᠨ ᠦ ᠠᠯᠳᠠᠭ᠎ᠠ ᠠᠴᠠ ᠪᠣᠯᠵᠤ ᠲᠤᠬᠠᠢ ᠶᠢᠨ ᠬᠦᠮᠦᠨ ᠳᠦ ᠶᠡᠬᠡ ᠬᠡᠮᠵᠢᠶᠠᠨ ᠤ ᠡᠳ᠋ ᠮᠦᠩᠭᠦᠨ ᠦ ᠬᠣᠬᠢᠷᠠᠯ ᠢ ᠠᠪᠴᠢᠷᠠᠨ ᠥᠭᠪᠡ ᠃ ᠲᠡᠷᠡ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠦᠨ ᠬᠡᠯᠪᠡᠷᠢ ᠪᠡᠷ ᠰᠢᠬᠦᠬᠦ ᠬᠤᠷᠢᠶ᠎ᠠ ᠳᠤ ᠪᠤᠷᠤᠭᠤ ᠪᠠᠨ ᠵᠠᠯᠠᠷᠠᠭᠤᠯᠬᠤ ᠶᠢ ᠰᠠᠨᠠᠭᠤᠯᠵᠤ ᠂ ᠰᠢᠭᠦᠬᠦ ᠬᠤᠷᠢᠶ᠎ᠠ ᠰᠠᠨᠠᠭᠤᠯᠭ᠎ᠠ ᠶᠢ ᠨᠢ ᠬᠦᠯᠢᠶᠡᠨ ᠠᠪᠴᠦ ᠂ ᠳᠤᠭᠲᠠᠭᠠᠯᠲᠠ ᠶᠢᠨ ᠪᠢᠴᠢᠭ ᠪᠠᠭᠤᠯᠭᠠᠨ ᠵᠠᠯᠠᠷᠠᠭᠤᠯᠵᠠᠢ ᠃ ᠲᠡᠭᠦᠨ ᠦ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠦᠨ ᠬᠡᠯᠪᠡᠷᠢ ᠪᠡᠷ ᠭᠤᠮᠤᠳᠠᠯ ᠲᠤᠭᠠᠴᠢᠭᠰᠠᠨ ᠬᠡᠷᠡᠭ ᠢ ᠰᠢᠢᠳᠪᠦᠷᠢᠯᠡᠭᠰᠡᠨ ᠠᠷᠭ᠎ᠠ ᠨᠢ ᠂ ᠳᠡᠭᠡᠳᠦ ᠱᠠᠲᠦᠨ ᠤ ᠪᠠᠶᠢᠴᠠᠭᠠᠬᠤ ᠬᠤᠷᠢᠶ᠎ᠠ ᠶᠢᠨ ᠥᠨᠳᠦᠷ ᠦᠨᠡᠯᠡᠮᠵᠢ ᠶᠢ ᠤᠯᠤᠭᠰᠠᠨ ᠪᠠᠶᠢᠨ᠎ᠠ ᠃
ᠰᠢᠷᠭᠠᠭᠤ ᠴᠢᠷᠮᠠᠶᠢᠬᠤ ᠪᠠᠷ ᠳᠠᠮᠵᠢᠭᠠᠳ ᠲᠡᠷᠡ ᠭᠤᠷᠪᠠᠨ ᠵᠢᠯ ᠳᠠᠷᠠᠭᠠᠯᠠᠨ ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠰᠢᠯᠢᠳᠡᠭ ᠠᠯᠪᠠᠲᠠᠨ ᠢᠶᠠᠷ ᠦᠨᠡᠯᠡᠭᠳᠡᠵᠦ ᠂ ᠤᠷᠢᠳ ᠬᠣᠵᠢᠳ 《 ᠪᠦᠬᠦ ᠬᠤᠲᠠ ᠶᠢᠨ ᠪᠠᠶᠢᠴᠠᠭᠠᠬᠤ ᠠᠵᠢᠯ ᠤᠨ ᠲᠤᠰᠬᠠᠢ ᠴᠢᠳᠠᠪᠤᠷᠢᠲᠠᠨ》 ᠂ 《 ᠪᠦᠬᠦ ᠬᠤᠳᠠ ᠶᠢᠨ ᠪᠠᠶᠢᠴᠠᠭᠠᠬᠤ ᠪᠠᠶᠢᠭᠤᠯᠭ᠎ᠠ ᠶᠢᠨ ᠢᠷᠭᠡᠨ ᠦ ᠪᠠ ᠵᠠᠰᠠᠭ ᠵᠠᠬᠢᠷᠭᠠᠨ ᠤ ᠬᠡᠷᠡᠭ ᠪᠠᠶᠢᠴᠠᠭᠠᠬᠤ ᠠᠵᠢᠯ ᠤᠨ ᠴᠢᠳᠠᠪᠤᠷᠢᠲᠠᠨ》 ᠂ ᠪᠦᠬᠦ ᠬᠤᠳᠠ ᠶᠢᠨ ᠡᠮᠡᠭᠲᠡᠢ ᠶᠢᠨ ᠠᠵᠢᠯ ᠤᠨ ᠰᠢᠯᠢᠳᠡᠭ ᠠᠵᠢᠯᠲᠠᠨ ᠂ ᠪᠦᠬᠦ ᠬᠤᠲᠠ ᠶᠢᠨ 《3.8 》 ᠤᠯᠠᠭᠠᠨ ᠲᠤᠭᠴᠢ ᠂ 《 ᠠᠩᠬᠠᠳᠤᠭᠠᠷ ᠬᠤᠭᠤᠴᠠᠭᠠᠨ ᠤ ᠪᠦᠬᠦ ᠤᠷᠤᠨ ᠤ ᠢᠷᠭᠡᠨ ᠦ ᠪᠠ ᠵᠠᠰᠠᠭ ᠵᠠᠬᠢᠷᠭᠠᠨ ᠤ ᠬᠡᠷᠡᠭ ᠪᠠᠶᠢᠴᠠᠭᠠᠬᠤ ᠠᠵᠢᠯ ᠤᠨ ᠴᠢᠳᠠᠪᠤᠷᠢᠲᠠᠨ》 ᠵᠡᠷᠭᠡ ᠢᠷᠡᠭᠤ ᠠᠯᠳᠠᠷ ᠢ ᠤᠯᠤᠭᠰᠠᠨ ᠪᠠᠶᠢᠨ᠎ᠠ ᠃