︽ᠡᠷᠡᠭᠲᠡᠶ ᠨᠠᠶᠢᠵᠠ︾
ᠣᠶᠢᠷ᠎ᠠ ᠶᠢᠨ ᠵᠢᠯ ᠦᠳ ᠲᠦ ᠂ ᠴᠠᠬᠢᠯᠭᠠᠨ ᠬᠣᠯᠪᠣᠭ᠎ᠠ ᠪᠠᠷ ᠮᠡᠬᠡᠯᠡᠬᠦ ᠬᠡᠷᠡᠭ ᠦᠷᠭᠦᠯᠵᠢᠯᠡᠨ ᠣᠯᠠᠨ ᠡᠭᠦᠰᠴᠦ ᠂ ᠴᠠᠭ ᠦᠶ᠎ᠡ ᠶᠢᠨ ᠬᠥᠭᠵᠢᠯᠲᠡ ᠶᠢ ᠳᠠᠭᠠᠯᠳᠤᠨ ᠂ AI ᠠᠪᠢᠶᠠᠨ ᠤ ᠳᠠᠭᠤᠷᠢᠶᠠᠮᠠᠯ ᠂ ᠵᠢᠷᠤᠭ ᠡᠭᠦᠰᠭᠡᠬᠦ ᠵᠡᠷᠭᠡ ᠮᠡᠷᠭᠡᠵᠢᠯ ᠨᠢ ᠬᠠᠸᠯᠢ ᠪᠤᠰᠤ ᠡᠲᠡᠭᠡᠳ ᠲᠦ ᠠᠰᠢᠭᠯᠠᠭᠳᠠᠵᠤ ᠂ ᠪᠠᠶᠠᠨ ᠡᠷᠬᠡᠲᠡᠨ ᠢᠶᠡᠷ ᠣᠪᠯᠠᠵᠣ᠂ ᠰᠦᠯᠵᠢᠶᠠᠨ ᠤ ᠢᠨᠠᠭᠯᠠᠭᠴᠢ ᠶᠢᠨ ᠵᠣᠭᠣᠰ ᠮᠥᠩᠭᠥ ᠶᠢ ᠮᠡᠬᠡᠯᠡᠨ ᠠᠪᠬᠤ ᠪᠠᠷ ᠤᠬᠠᠭᠠᠯᠠᠭᠰᠠᠨ ︽ ᠭᠠᠬᠠᠶ ᠠᠯᠠᠬᠤ ᠲᠠᠪᠠᠭ ︾ ᠤᠨ ᠮᠡᠬᠡᠯᠡᠯ ᠨᠢ ᠨᠢᠭᠡᠨᠲᠡ ᠮᠡᠬᠡᠯᠡᠭᠴᠢ ᠶᠢ ᠮᠡᠬᠡᠯᠡᠬᠦ ︽ ᠵᠣᠭᠣᠰ ᠤᠬᠢᠶᠠᠬᠤ ︾ ᠶᠠᠪᠤᠳᠠᠯ ᠪᠣᠯᠵᠣ ᠬᠤᠪᠢᠷᠬᠠᠰᠠᠨ ᠪᠠᠶᠢᠨ᠎ᠠ ᠃
ᠬᠡᠷᠡᠭ ᠦᠨ ᠵᠢᠱᠢᠶ᠎ᠡ ᠦᠨ ᠰᠢᠭᠤᠳ ᠨᠡᠪᠲᠡᠷᠡᠬᠦ ᠲᠡᠷᠭᠡ
2024 ᠣᠨ ᠤ 9 ᠰᠠᠷ᠎ᠠ ᠳᠤ ᠂ ᠳᠠᠯᠠᠳ ᠬᠣᠰᠢᠭᠤᠨ ᠤ ᠰᠠᠭᠤᠭᠠᠯᠢ ᠠᠷᠠᠳ ᠸᠠᠩ ᠣᠪᠣᠭᠲᠤ ︵ ᠡᠮᠡᠭᠲᠡᠶ ︶ ᠨᠢᠭᠡᠨ ᠰᠢᠭᠤᠳ ᠨᠡᠪᠲᠡᠷᠡᠭᠦᠯᠭᠡ ᠶᠢᠨ ᠲᠠᠰᠤᠭ ᠢᠶᠠᠷ ᠳᠡᠮᠵᠢᠨ ᠡᠷᠡᠭᠲᠡᠶ ᠯᠢ ᠣᠪᠣᠭᠲᠤ ᠲᠡᠶ ᠲᠠᠨᠢᠯᠴᠠᠵᠠᠶ᠂ ᠯᠢ ᠣᠪᠣᠭᠲᠤ ᠥᠪᠡᠷ ᠢ ᠪᠡᠨ ᠭᠠᠳᠠᠭᠠᠳᠤ ᠳᠤ ᠲᠣᠮᠣ ᠬᠡᠲᠦ ᠳᠡᠯᠭᠡᠭᠦᠷ ᠡᠵᠡᠩᠨᠡᠵᠦ ᠪᠠᠶᠢᠨ᠎ᠠ ᠭᠡᠵᠦ ᠂ ᠠᠵᠢᠯ ᠶᠠᠭᠠᠷᠠᠸ ᠠᠴᠠ ᠪᠣᠯᠵᠣ ᠬᠠᠮᠤᠭ ᠤᠨ ᠰᠠᠶᠢᠨ ᠢᠨᠠᠭ ᠤᠨ ᠴᠠᠭ ᠠᠴᠠ ᠣᠰᠣᠯᠳᠠᠵᠣ ᠂ ᠰᠢᠭᠤᠳ ᠨᠡᠪᠲᠡᠷᠡᠭᠦᠯᠭᠡ ᠶᠢᠨ ᠲᠠᠰᠤᠭ ᠢᠶᠠᠷ ᠳᠡᠮᠵᠢᠨ ᠬᠠᠨᠢ ᠦᠵᠡᠵᠦ ᠪᠠᠢᠨ᠎ᠠ ᠭᠡᠪᠡ᠃ ᠸᠠᠩ ᠣᠪᠣᠭᠲᠤ ᠪᠣᠯᠤᠨ ᠯᠢ ᠣᠪᠣᠭᠲᠤ ᠬᠠᠷᠢᠴᠠᠭᠰᠠᠨ ᠤ ᠳᠠᠷᠠᠭ᠎ᠠ ᠂ ᠯᠢ ᠣᠪᠣᠭᠲᠤ ᠡᠳᠦᠷ ᠪᠦᠷᠢ ᠬᠠᠯᠠᠭᠤᠨ ᠳᠤᠯᠠᠭᠠᠨ ᠢ ᠨᠢ ᠠᠰᠠᠭᠤᠵᠤ ᠂ ᠸᠠᠩ ᠣᠪᠣᠭᠲᠤ ᠶᠢ ᠥᠪᠡᠷ ᠦᠨ ᠪᠠᠶᠢᠭᠤᠯᠤᠭᠰᠠᠨ ᠢᠨᠠᠭ ᠳᠤᠷᠠᠯᠠᠯ ᠤᠨ ᠮᠡᠭᠡᠯᠡᠯ ᠳᠡᠬᠡᠨ ᠣᠷᠣᠭᠣᠯᠪᠠ᠃ ᠨᠢᠭᠡᠨ ᠡᠳᠦᠷ᠂ ᠯᠢ ᠣᠪᠣᠭᠲᠤ ᠰᠠᠨᠳᠣᠷᠠᠭᠰᠠᠨ ᠪᠠᠢᠲᠠᠯ ᠲᠠᠢ ᠪᠡᠷ ᠸᠠᠩ ᠣᠪᠣᠭᠲᠤ ᠶᠢ ᠬᠠᠪᠰᠤᠷᠤᠭᠤᠯᠬᠤ ᠪᠠᠷ ᠡᠷᠢᠵᠦ᠂ ᠥᠪᠡᠷ ᠢᠶᠡᠨ ᠠᠵᠢᠯ ᠡᠴᠡ ᠪᠣᠯᠵᠣ ᠲᠠᠨᠭᠰᠠ ᠳᠡᠩᠳᠡᠭᠦᠦ ᠠᠷᠪᠢᠨ ᠰᠢᠯᠵᠢᠭᠦᠯᠦᠭᠰᠡᠨ ᠡᠴᠡ ᠪᠤᠯᠵᠤ᠂ ᠠᠷᠠᠯᠵᠢᠶᠠᠨ ᠤ ᠲᠣᠭ᠎ᠠ ᠨᠢ ᠳᠡᠭᠡᠳᠦ ᠬᠢᠵᠠᠭᠠᠷ ᠲᠤ ᠬᠦᠷᠴᠡᠶ ᠬᠡᠮᠡᠨ ᠬᠣᠳᠠᠯ ᠬᠡᠯᠡᠵᠦ᠂ ᠸᠠᠩ ᠣᠪᠣᠭᠲᠤ ᠶᠢᠨ ᠪᠠᠩᠬᠢ ᠶᠢᠨ ᠺᠠᠷᠲ ᠢᠶᠠᠷ ᠵᠣᠭᠣᠰ ᠢ ᠰᠢᠯᠵᠢᠭᠦᠯᠦᠨ ᠠᠪᠬᠣ ᠶᠢᠨ ᠬᠠᠮᠲᠣ ᠰᠢᠯᠵᠢᠭᠦᠯᠦᠨ ᠭᠠᠷᠭᠠᠵᠣ᠂ ᠵᠥᠷᠢᠶ᠎ᠡ ᠶᠢᠨ ᠵᠣᠭᠣᠰ ᠢ ᠨᠢ ᠸᠠᠩ ᠣᠪᠣᠭᠲᠤ ᠳᠤ ᠬᠠᠷᠠᠮ ᠦᠭᠡᠢ ᠪᠡᠷ ᠪᠡᠯᠡᠭᠯᠡᠨ ᠥᠭᠴᠦ᠂ ᠸᠠᠩ ᠣᠪᠣᠭᠲᠤ ᠲᠡᠷᠡ ᠶᠣᠰᠣᠭᠠᠷ ᠨᠢ ᠬᠢᠪᠡ᠃ ᠸᠠᠩ ᠣᠪᠣᠭᠲᠤ ᠲᠡᠭᠦᠨ ᠢ ᠬᠠᠪᠰᠤᠷᠤᠨ ᠳᠠᠩᠰᠠ ᠰᠢᠯᠵᠢᠭᠦᠯᠦᠭᠰᠡᠨ ᠦ ᠳᠠᠷᠠᠭ᠎ᠠ ᠪᠠᠩᠬᠢ ᠶᠢᠨ ᠠᠵᠢᠯᠲᠠᠨ ᠤ ᠤᠲᠠᠰᠤ ᠶᠢ ᠲᠣᠰᠴᠣ ᠂ ᠲᠡᠭᠦᠨ ᠦ ᠪᠠᠩᠬᠢ ᠶᠢᠨ ᠺᠠᠷᠲ ᠲᠤ ᠣᠷᠣᠭᠤᠯᠤᠭᠰᠠᠨ ᠵᠣᠭᠣᠰ ᠨᠢ ᠴᠠᠬᠢᠯᠭᠠᠨ ᠬᠣᠯᠪᠣᠭ᠎ᠠ ᠰᠦᠯᠵᠢᠶᠡᠨ ᠦ ᠮᠡᠬᠡᠯᠡᠯ ᠳᠦ ᠬᠣᠯᠪᠣᠭᠳᠠᠭᠰᠠᠨ ᠬᠡᠮᠡᠨ ᠲᠣᠳᠣᠷᠬᠠᠶ ᠬᠡᠯᠡᠵᠦ ᠥᠭᠭᠦᠭᠰᠡᠨ ᠪᠣᠯᠪᠠᠴᠤ ᠠᠯᠢ ᠬᠡᠳᠦᠶᠢᠨ ︽ᠰᠠᠶᠢᠬᠠᠨ ᠦᠭᠡ︾ ᠳᠦ ᠮᠡᠬᠡᠯᠡᠭᠳᠡᠭᠰᠡᠨ ᠸᠠᠩ ᠣᠪᠣᠭᠲᠤ ᠢᠳᠬᠠᠯ ᠢ ᠣᠭᠲᠣ ᠰᠣᠨᠣᠰᠣᠭᠰᠠᠨ ᠦᠭᠡᠶ ᠂ ᠮᠥᠨ ᠯᠡ ᠢᠨᠠᠭᠯᠠᠵᠤ ᠪᠠᠶᠢᠭ᠎ᠠ ︽ᠡᠷᠡᠭᠲᠡᠶ ᠨᠠᠶᠢᠵᠠ︾ ᠯᠢ ᠣᠪᠣᠭᠲᠤ ᠶᠢ ᠬᠠᠪᠰᠤᠷᠤᠨ ᠪᠡᠯᠡᠨ ᠵᠣᠭᠣᠰ ᠭᠠᠷᠭᠠᠨ ᠠᠪᠴᠤ ᠳᠠᠩᠰᠠ ᠰᠢᠯᠵᠢᠭᠦᠯᠵᠡᠶ ᠃ ᠪᠠᠶᠢᠴᠠᠭᠠᠬᠤ ᠪᠠᠶᠢᠭᠤᠯᠭ᠎ᠠ ᠠᠴᠠ ᠬᠢᠨᠠᠨ ᠪᠠᠶᠢᠴᠠᠭᠠᠭᠰᠠᠨ ᠤ ᠲᠠᠷᠠᠭ᠎ᠠ᠂ ᠸᠠᠩ ᠣᠪᠣᠭᠲᠤ ᠶᠢᠨ ᠶᠠᠯ᠎ᠠ ᠬᠢᠵᠦ ᠣᠯᠤᠭᠰᠠᠨ ᠣᠯᠵᠠ ᠠᠰᠢᠭ ᠪᠣᠯᠬᠤ ᠶᠢ ᠲᠣᠳᠣᠷᠬᠠᠶ ᠮᠡᠳᠡᠵᠤ ᠪᠠᠶᠢᠭᠠᠳ ᠰᠢᠯᠵᠢᠭᠦᠯᠦᠭᠰᠡᠨ ᠦᠢᠯᠡ ᠠᠵᠢᠯᠯᠠᠭ᠎ᠠ ᠨᠢ ᠶᠠᠯ᠎ᠠ ᠬᠢᠵᠦ ᠣᠯᠣᠭᠰᠠᠨ ᠣᠯᠵᠠᠪᠣᠷᠢ᠂ ᠶᠠᠯ᠎ᠠ ᠬᠢᠵᠦ ᠣᠯᠣᠭᠰᠠᠨ ᠠᠰᠢᠭ ᠣᠷᠣᠯᠭ᠎ᠠ ᠶᠢ ᠨᠢᠭᠣᠨ ᠳᠠᠯᠳᠠᠯᠠᠭᠰᠠᠨ ᠶᠠᠯ᠎ᠠ ᠪᠤᠯᠵᠤ ᠪᠣᠷᠢᠯᠳᠦᠭᠰᠡᠨ ᠬᠡᠮᠡᠨ ᠮᠠᠭᠠᠳᠯᠠᠨ ᠲᠣᠭᠲᠠᠭᠠᠪᠠ᠃
ᠪᠠᠶᠢᠴᠠᠭᠠᠬᠤ ᠲᠤᠰᠢᠶᠠᠯᠲᠠᠨ ᠤ ᠰᠠᠨᠠᠭᠤᠯᠤᠮᠵᠢ ᠄
ᠰᠦᠯᠵᠢᠶ᠎ᠡ ᠪᠡᠷ ᠳᠠᠮᠵᠢᠨ ᠨᠠᠶᠢᠵᠠᠯᠠᠬᠤ ᠳᠠᠭᠠᠨ ᠰᠡᠷᠡᠮᠵᠢᠯᠡᠬᠦ ᠬᠡᠷᠡᠭᠲᠡᠶ ᠂ ᠮᠡᠬᠡᠯᠡᠭᠴᠢ ᠶᠢᠨ ᠬᠤᠳᠠᠯ ᠴᠠᠯᠴᠢᠶ᠎ᠠ ᠳᠤ ᠬᠠᠭᠤᠷᠲᠠᠭᠳᠠᠵᠤ ᠪᠣᠯᠬᠤ ᠥᠬᠡᠶ ᠂ ︽ ᠢᠨᠠᠭ ᠳᠤᠷᠠᠯᠠᠯ ︾ ᠤᠨ ᠵᠢᠷᠭᠠᠯᠲᠠᠶ ᠮᠡᠬᠡᠨ ᠳᠦ ᠤᠨᠠᠬᠤ ᠶᠢ ᠰᠡᠷᠡᠮᠵᠢᠯᠡᠬᠦ ᠬᠡᠷᠡᠭᠲᠡᠶ ᠃ ᠵᠣᠭᠣᠭᠳᠠᠬᠤ ᠶᠠᠪᠤᠴᠠ ᠳᠤ ᠲᠠᠩᠰᠠ ᠰᠢᠯᠵᠢᠭᠦᠯᠬᠦ ᠂ ᠺᠣᠳ᠋ ᠰᠢᠷᠪᠢᠬᠦ ᠂ ᠮᠥᠩᠭᠥ ᠣᠯᠭᠣᠬᠣ ᠵᠡᠷᠭᠡ ᠵᠣᠭᠣᠰ ᠮᠥᠩᠭᠥᠨ ᠦ ᠶᠠᠪᠤᠯᠴᠠᠭ᠎ᠠ ᠳᠤ ᠬᠣᠯᠪᠣᠭᠳᠠᠭᠰᠠᠨ ᠦᠶᠯᠡ ᠠᠵᠢᠯᠯᠠᠭ᠎ᠠ ᠳᠤ ᠰᠡᠷᠭᠡᠭ᠂ ᠯᠠᠪᠳᠠᠭᠤᠨ ᠪᠣᠯᠭᠣᠮᠵᠢᠲᠠᠶ ᠪᠠᠢᠬᠣ ᠬᠡᠷᠡᠭᠲᠡᠶ ᠃
ᠡᠳᠦᠷ ᠲᠤᠲᠤᠮ ᠤᠨ ᠠᠮᠢᠳᠤᠷᠠᠯ ᠳᠤᠮᠳᠠ ᠡᠷᠬᠡᠪᠰᠢ ᠬᠡᠷᠰᠡᠦ ᠪᠣᠯᠭᠣᠮᠵᠢᠲᠠᠶ ᠪᠠᠷ ᠳᠣᠣᠷᠠᠬᠢ ᠵᠦᠢᠯ ᠦᠳ ᠢ ᠬᠢᠬᠦ ᠬᠡᠷᠡᠭᠲᠡᠶ᠄
︽ᠭᠤᠷᠪᠠ ᠶᠢ ᠡᠷᠬᠢᠮᠯᠡᠬᠦ︾
1. ᠪᠡᠶ᠎ᠡ ᠶᠢᠨ ᠭᠠᠷᠤᠯ ᠢ ᠬᠢᠨᠠᠨ ᠬᠠᠷᠭᠤᠭᠤᠯᠬᠤ ᠬᠡᠷᠡᠭᠲᠡᠶ ᠄ ᠸᠢᠳᠢᠣ᠋ ᠪᠠᠷ ᠶᠠᠷᠠᠯᠴᠠᠬᠣ᠂ ᠰᠦᠯᠵᠢᠶᠡᠨ ᠡᠴᠡ ᠭᠠᠳᠠᠨ᠎ᠠ ᠠᠭᠤᠯᠵᠠᠵᠤ ᠪᠠᠶᠢᠭᠠᠳ ᠨᠥᠭᠥᠭᠡ ᠡᠲᠡᠭᠡᠳ ᠦᠨ ᠢᠶᠡᠨ ᠦᠨᠡᠨ ᠪᠣᠳᠠᠲᠠᠶ ᠮᠡᠳᠡᠭᠡ ᠵᠠᠩᠭᠢ ᠶᠢ ᠨᠤᠲᠠᠯᠠᠬᠤ ᠬᠡᠷᠡᠭᠲᠡᠶ᠃
2. ᠬᠤᠪᠢ ᠶᠢᠨ ᠨᠢᠭᠤᠴᠠ ᠪᠠᠨ ᠬᠠᠮᠠᠭᠠᠯᠠᠬᠤ ᠬᠡᠷᠡᠭᠲᠡᠶ ᠄ ᠪᠡᠶ᠎ᠡ ᠶᠢᠨ ᠦᠨᠡᠮᠯᠡᠯ ᠦᠨ ᠨᠣᠮᠧᠷ ᠂ ᠪᠠᠩᠬᠢ ᠶᠢᠨ ᠺᠠᠷᠲ ᠤᠨ ᠨᠢᠭᠤᠴᠠ ᠨᠣᠮᠧᠷ ᠂ ᠣᠬᠣᠷ ᠴᠢᠮᠡᠭᠡᠨ ᠦ ᠰᠢᠯᠭᠠᠨ ᠪᠠᠲᠤᠯᠠᠬᠤ ᠨᠣᠮᠧᠷ ᠢ ᠵᠠᠳᠠᠷᠠᠭᠤᠯᠵᠤ ᠪᠣᠯᠬᠤ ᠦᠭᠡᠶ᠃
3. ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠬᠡᠷᠡᠭᠲᠡᠶ ᠄ ︽ ᠤᠯᠤᠰ ᠤᠨ ᠮᠡᠬᠡᠯᠡᠯ ᠢ ᠡᠰᠡᠷᠭᠦᠴᠡᠬᠦ ᠲᠥᠪ ︾ ᠤᠨ APP ᠶᠢᠨ ᠮᠡᠬᠡᠯᠡᠯ ᠦᠨ ᠳᠠᠭᠤᠷᠢᠶᠠᠮᠠᠯ ᠰᠣᠷᠢᠯᠲᠠ ᠶᠢᠨ ᠶᠠᠷᠢᠶᠠᠨ ᠤ ᠮᠡᠷᠭᠡᠵᠢᠯ ᠢ ᠬᠡᠷᠡᠭᠯᠡᠬᠦ ᠬᠡᠷᠡᠭᠲᠡᠶ ᠃
︽ᠭᠤᠷᠪᠠ ᠶᠢ ᠦᠯᠦ ᠬᠡᠷᠡᠭᠵᠢᠭᠦᠯᠬᠦ︾
1. ︽ ᠳᠣᠸᠷ᠎ᠠ ᠥᠪᠡᠷ ᠦᠨ ᠥᠷᠲᠡᠭ ᠢᠶᠡᠷ ᠥᠨᠳᠥᠷ ᠠᠰᠢᠭ ᠤᠯᠬᠤ ︾ ᠪᠠᠯᠠ ᠣᠷᠣᠭᠤᠯᠤᠯᠲᠠ ᠶᠢ ᠠᠮᠠᠷᠬᠠᠨ ᠢᠲᠡᠭᠡᠵᠦ ᠪᠣᠯᠬᠤ ᠥᠬᠡᠶ᠃
2. ᠥᠯᠥ ᠲᠠᠨᠢᠬᠤ ᠳᠠᠩᠰᠠᠨ ᠡᠷᠦᠬᠡ ᠳᠦ ᠳᠠᠩᠰᠠ ᠰᠢᠯᠵᠢᠭᠦᠯᠬᠦ ᠪᠤᠶᠤ ︽ᠵᠣᠭᠣᠰ ᠤᠬᠢᠶᠠᠬᠤ︾ ᠳᠤ ᠬᠠᠮᠵᠢᠵᠤ ᠪᠣᠯᠬᠤ ᠦᠭᠡᠶ᠃
3.︽ᠬᠠᠶᠢᠷ᠎ᠠ ᠰᠡᠳᠬᠢᠯᠭᠡ ᠶᠢᠨ ᠤᠤᠯᠭᠠᠯᠠᠯ︾ ᠠᠴᠠ ᠪᠣᠯᠵᠤ ᠴᠠᠭᠳᠠᠭ᠎ᠠ ᠳᠤ ᠮᠡᠳᠡᠭᠦᠯᠵᠦ ᠡᠷᠬᠡ ᠪᠡᠨ ᠬᠠᠮᠠᠭᠠᠯᠠᠬᠤ ᠪᠠᠨ ᠬᠠᠶᠠᠵᠤ ᠪᠣᠯᠬᠤ ᠦᠭᠡᠶ ᠃
ᠡᠨᠡᠬᠦ ᠥᠷᠢᠰᠥᠯᠳᠦᠭᠡᠨ ᠢᠶᠡᠷ ᠳᠦᠭᠦᠷᠦᠭᠰᠡᠨ ᠲᠣᠭᠠᠴᠢᠯᠠᠭᠰᠠᠨ ᠴᠠᠭ ᠦᠶ᠎ᠡ ᠳᠦ᠂ ᠪᠢᠳᠡᠨ ᠰᠡᠴᠡᠨ ᠰᠡᠷᠭᠦᠯᠡᠩ︽ᠲᠣᠭᠠᠴᠢᠯᠠᠭᠰᠠᠨ ᠢᠷᠭᠡᠨ︾ᠪᠤᠯᠵᠤ᠂ ᠰᠣᠨᠣᠷ ᠰᠡᠷᠡᠮᠵᠢ ᠪᠡᠨ ᠳᠡᠭᠡᠭᠰᠢᠯᠡᠭᠦᠯᠵᠦ᠂ ᠥᠪᠡᠷ ᠦᠨ ᠡᠳ᠋ ᠬᠦᠷᠦᠩᠭᠡ ᠶᠢᠨ ᠠᠮᠤᠷ ᠲᠦᠪᠰᠢᠨ ᠢᠶᠡᠨ ᠰᠠᠶᠢᠲᠤᠷ ᠬᠠᠮᠠᠭᠠᠯᠠᠶ᠎ᠠ᠃
ᠬᠠᠤᠯᠢ ᠵᠤᠷᠪᠤᠰ ᠤᠨ ᠴᠥᠷᠬᠡᠯᠡᠭᠡ᠄
︽ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠸ ᠶᠢᠨ ᠬᠠᠸᠯᠢ ︾ ᠶᠢᠨ ᠭᠤᠷᠪᠠᠨ ᠵᠠᠭᠤ ᠠᠷᠪᠠᠨ ᠬᠣᠶᠠᠳᠤᠭᠠᠷ ᠵᠦᠶᠯ ᠶᠠᠯ᠎ᠡ ᠬᠢᠵᠦ ᠣᠯᠣᠭᠰᠠᠨ ᠣᠯᠵᠠᠪᠣᠷᠢ ᠵᠢᠴᠢ ᠲᠡᠭᠦᠨ ᠡᠴᠡ ᠪᠣᠢ ᠪᠣᠯᠣᠭᠰᠠᠨ ᠠᠰᠢᠭ ᠣᠷᠣᠯᠭ᠎ᠠ ᠪᠣᠯᠬᠣ ᠶᠢ ᠳᠣᠲᠣᠷᠬᠠᠢ ᠮᠡᠳᠡᠵᠦ ᠪᠠᠢᠭᠠᠳ ᠨᠢᠭᠣᠨ ᠳᠠᠯᠳᠠᠯᠠᠵᠣ ᠦᠭᠭᠦᠭᠰᠡᠨ᠂ ᠰᠢᠯᠵᠢᠭᠦᠯᠵᠦ ᠦᠭᠭᠦᠭᠰᠡᠨ᠂ ᠬᠣᠳᠠᠯᠳᠣᠨ ᠠᠪᠣᠭᠰᠠᠨ ᠪᠣᠶᠣ ᠣᠷᠣᠯᠠᠵᠣ ᠪᠣᠷᠣᠯᠠᠭᠣᠯᠣᠭᠰᠠᠨ ᠡᠰᠡᠭᠦᠯ᠎ᠡ ᠪᠣᠰᠣᠣᠳ ᠠᠷᠭ᠎ᠠ ᠪᠠᠷ ᠨᠢᠭᠣᠨ ᠳᠠᠯᠳᠠᠯᠠᠭᠰᠠᠨ ᠪᠠᠢᠪᠠᠯ᠂ ᠭᠣᠷᠪᠠᠨ ᠵᠢᠯ ᠡᠴᠡ ᠲᠤᠷᠤᠭᠰᠢ ᠬᠣᠭᠣᠴᠠᠭ᠎ᠠ ᠲᠠᠢ ᠬᠣᠷᠢᠬᠣ᠂ ᠬᠣᠷᠢᠵᠣ ᠬᠦᠳᠡᠯᠮᠦᠷᠢᠯᠡᠭᠦᠯᠬᠦ ᠪᠣᠶᠣ ᠵᠠᠬᠢᠷᠠᠨ ᠬᠠᠮᠢᠶᠠᠷᠠᠬᠣ ᠪᠠᠷ ᠰᠢᠳᠭᠡᠬᠦ ᠵᠣᠭᠣᠰ ᠢᠶᠠᠷ ᠶᠠᠯᠠᠳᠠᠬᠣ ᠪᠠᠷ ᠨᠡᠢᠯᠡᠭᠦᠯᠦᠨ ᠰᠢᠢᠳᠬᠡᠬᠦ ᠪᠣᠶᠣ ᠲᠠᠩ ᠢᠶᠠᠷ ᠰᠢᠢᠳᠬᠡᠨ᠎ᠡ᠃ ᠦᠢᠯᠡ ᠪᠠᠢᠳᠠᠯ ᠨᠢ ᠬᠦᠨᠳᠦ ᠨᠦᠴᠢᠲᠠᠢ ᠪᠠᠢᠪᠠᠯ᠂ ᠭᠣᠷᠪᠠᠨ ᠵᠢᠯ ᠡᠴᠡ ᠳᠡᠭᠡᠭᠰᠢ ᠳᠣᠯᠣᠭᠠᠨ ᠵᠢᠯ ᠡᠴᠡ ᠲᠤᠷᠤᠭᠰᠢ ᠬᠣᠭᠣᠴᠠᠭ᠎ᠠ ᠲᠠᠢ ᠬᠣᠷᠢᠬᠣ ᠪᠠᠷ ᠰᠢᠢᠳᠬᠡᠭᠡᠳ ᠵᠣᠭᠣᠰ ᠢᠶᠠᠷ ᠶᠠᠯᠠᠳᠠᠬᠣ ᠪᠠᠷ ᠨᠡᠢᠯᠡᠭᠦᠯᠦᠨ ᠰᠢᠢᠳᠬᠡᠨ᠎ᠡ᠃
ᠶᠢᠷᠲᠢᠨᠴᠦ ᠣᠷᠴᠢᠭᠣᠯᠪᠠ