ᠮᠡᠬᠡᠯᠡᠯ ᠦᠨ ᠮᠡᠬᠡ ᠶᠢ ᠰᠡᠷᠭᠡᠶᠢᠯᠡᠵᠦ ᠡᠶ᠎ᠡ ᠵᠣᠬᠢᠴᠢᠩᠭᠤᠢ ᠴᠡᠷᠢᠭ ᠦᠨ ᠬᠦᠷᠢᠶ᠎ᠡ ᠶᠢ ᠰᠠᠬᠢᠨ ᠬᠠᠮᠠᠭᠠᠯᠠᠰᠤᠭᠤᠢ︱ ᠰᠠᠶᠢᠬᠠᠨ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠮᠡᠬᠡᠯᠡᠯ ᠢ ᠡᠰᠡᠷᠭᠦᠴᠡᠬᠦ ᠭᠣᠣᠯ ᠰᠡᠳᠦᠪᠲᠦ ᠤᠬᠠᠭᠤᠯᠤᠨ ᠲᠠᠶᠢᠯᠪᠦᠷᠢᠯᠠᠯᠲᠠ ᠦᠷᠨᠢᠭᠦᠯᠵᠡᠢ
ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠡᠷ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠴᠡᠷᠢᠭ ᠦᠨ ᠬᠥᠮᠦᠨ᠂ ᠴᠡᠷᠢᠭ ᠦᠨ ᠭᠡᠷ ᠪᠦᠯᠢ ᠶᠢᠨ ᠬᠢᠨ ᠦ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠥᠯᠥᠭᠡ᠂ 3 ᠰᠠᠷ᠎ᠠ ᠶᠢᠨ 25 ᠤ ᠡᠳᠦᠷ ᠰᠠᠶᠢᠬᠠᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶᠠᠨ ᠤ ᠠᠵᠢᠯᠲᠠᠳ ᠰᠠᠶᠢᠬᠠᠨ ᠲᠣᠭᠣᠷᠢᠭ ᠲᠤ ᠰᠠᠭᠤᠭ᠎ᠠ ᠨᠢᠭᠡᠨ ᠴᠡᠷᠢᠭ ᠠᠩᠭᠢ ᠳᠤ ᠬᠦᠷᠴᠦ᠂ ︽ᠴᠡᠷᠢᠭ ᠦᠨ ᠬᠥᠮᠦᠨ ᠦ ᠵᠠᠯᠢ ᠮᠡᠬᠡ ᠶᠢ ᠡᠰᠡᠷᠭᠦᠴᠡᠬᠦ ᠳᠦ ᠵᠠᠪᠠᠯ ᠰᠤᠷᠬᠤ ᠬᠢᠴᠢᠶᠡᠯ᠄ ᠬᠤᠪᠢ ᠬᠥᠮᠦᠨ ᠦ ᠮᠡᠳᠡᠭᠡ ᠵᠠᠩᠭᠢ ᠶᠢ ᠬᠠᠮᠠᠭᠠᠯᠠᠬᠤ ᠪᠣᠯ ᠳᠠᠷᠤᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠠᠪᠤᠳᠠᠯ ᠮᠥᠨ︾ᠭᠡᠬᠦ ᠭᠣᠣᠯ ᠰᠡᠳᠦᠪᠲᠦ ᠵᠠᠯᠢ ᠮᠡᠬᠡ ᠶᠢ ᠡᠰᠡᠷᠭᠦᠴᠡᠬᠦ ᠤᠬᠠᠭᠤᠯᠭ᠎ᠠ ᠬᠥᠮᠦᠵᠢᠯ ᠦᠨ ᠬᠢᠴᠢᠶᠡᠯ ᠥᠷᠨᠢᠭᠦᠯᠪᠡ᠃
ᠪᠠᠶᠢᠴᠠᠭᠠᠬᠤ ᠠᠵᠢᠯᠳᠠᠨ ᠵᠢᠭᠡᠯᠡᠯᠭᠡ ᠶᠢᠨ ᠲᠦᠷᠦᠯ᠂ ᠬᠠᠶᠢᠷ᠎ᠠ ᠰᠡᠳᠬᠢᠯᠭᠡ ᠶᠢᠨ ᠪᠡᠯᠡ ᠣᠷᠣᠭᠤᠯᠤᠯᠲᠠ ᠶᠢᠨ ᠲᠦᠷᠦᠯ᠂ ᠲᠤᠰᠢᠶᠠᠯ ᠬᠠᠪᠰᠤᠷᠭᠠᠵᠤ ᠲᠠᠩᠰᠠ ᠶᠢᠨ ᠲᠦᠷᠦᠯ ᠢ ᠬᠡᠷᠡᠭᠯᠡᠬᠦ᠂ ᠬᠠᠤᠯᠢ ᠪᠠᠷᠢᠬᠤ ᠪᠠᠶᠢᠭᠤᠯᠭ᠎ᠠ ᠶᠢᠨ ᠲᠦᠷᠦᠯ ᠢᠶᠡᠷ ᠣᠪᠯᠠᠬᠤ᠂ ᠵᠣᠴᠢᠨ ᠦᠢᠯᠡᠴᠢᠯᠡᠭᠡᠨ ᠦ ᠲᠦᠷᠦᠯ ᠢᠶᠡᠷ ᠣᠪᠯᠠᠬᠤ ᠵᠡᠷᠭᠡ ᠦᠷᠭᠦᠯᠵᠢ ᠲᠣᠬᠢᠶᠠᠯᠳᠤᠳᠠᠭ ᠲᠠᠪᠤᠨ ᠵᠦᠢᠯ ᠦᠨ ᠮᠡᠬᠡᠯᠡᠯ ᠦᠨ ᠲᠦᠷᠦᠯ ᠡᠴᠡ ᠭᠠᠷᠳᠠᠵᠤ᠂ ᠮᠡᠬᠡᠯᠡᠯ ᠦᠨ ᠡᠲᠡᠭᠡᠳ ᠦᠨ ᠬᠡᠷᠬᠢᠨ ᠨᠠᠷᠢᠨ ᠨᠢᠮᠪᠠᠢ ᠪᠠᠶᠢᠷᠢᠰᠢᠭᠤᠯᠵᠤ ᠬᠥᠮᠦᠨ ᠦ ᠳᠤᠷ᠎ᠠ ᠶᠢ ᠲᠠᠲᠠᠬᠤ᠂ ᠬᠡᠷᠬᠢᠨ ᠡᠯᠳᠡᠪ ᠨᠡᠷ᠎ᠡ ᠪᠡᠷ ᠵᠣᠭᠣᠰ ᠮᠥᠩᠭᠥ ᠮᠡᠬᠡᠯᠡᠨ ᠠᠪᠬᠤ ᠶᠢ ᠭᠦᠨᠵᠡᠭᠡᠢ ᠵᠠᠳᠠᠯᠵᠤ᠂ ᠳᠠᠷᠤᠭ᠎ᠠ ᠪᠠᠶᠢᠯᠳᠤᠭᠴᠢᠳ ᠤᠨ ᠮᠡᠬᠡᠯᠡᠯ ᠦᠨ ᠲᠦᠷᠦᠯ ᠦᠨ ᠶᠠᠯᠠᠲᠤ ᠠᠵᠢᠯᠯᠠᠭ᠎ᠠ ᠶᠢᠨ ᠦᠨᠡᠨ ᠳᠦᠷᠢ ᠶᠢ ᠢᠯᠡᠷᠡᠭᠦᠯᠪᠡ᠃ ᠴᠡᠷᠢᠭ ᠠᠨᠭᠬᠢ ᠶᠢᠨ ᠪᠣᠳᠠᠲᠤ ᠪᠠᠶᠢᠳᠠᠯ ᠲᠠᠶ ᠤᠶᠠᠯᠳᠤᠭᠤᠯᠤᠨ᠂ ᠪᠠᠶᠢᠴᠠᠭᠠᠬᠤ ᠠᠵᠢᠯᠳᠠᠨ ᠬᠠᠷᠠᠭᠠᠨ ᠳᠠᠪᠲᠠᠮᠵᠢ ᠪᠠᠷ ᠣᠷᠣᠭᠤᠯᠬᠤ᠂ ᠬᠡᠷᠡᠭ ᠦᠨ ᠵᠢᠱᠢᠶ᠎ᠡ ᠪᠡᠷ ᠬᠠᠤᠯᠢ ᠶᠢ ᠲᠠᠶᠢᠯᠪᠤᠷᠢᠯᠠᠬᠤ᠂ ᠤᠷᠠᠨ ᠳᠡᠮᠲᠡᠶ ᠠᠷᠭ᠎ᠠ ᠬᠡᠮᠵᠢᠶ᠎ᠡ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠡᠷᠢᠭ ᠠᠨᠭᠬᠢ ᠶᠢᠨ ᠳᠠᠷᠤᠭ᠎ᠠ ᠪᠠᠶᠢᠯᠳᠤᠭᠴᠢᠳ ᠲᠤ ᠨᠢᠭᠡᠨ ᠢᠵᠢ 《ᠴᠡᠷᠢᠭ ᠠᠨᠭᠬᠢ ᠶᠢᠨ ᠬᠡᠪᠯᠡᠯ》 ᠦᠨ ᠮᠡᠬᠡᠯᠡᠯ ᠢ ᠰᠡᠷᠭᠡᠶᠢᠯᠡᠬᠦ ᠵᠦᠭᠯᠡᠭᠦᠷ ᠬᠠᠩᠭᠠᠵᠤ᠂ ᠳᠠᠷᠤᠭ᠎ᠠ ᠪᠠᠶᠢᠯᠳᠤᠭᠴᠢᠳ ᠤᠨ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠣᠯᠠᠨ ᠢᠶᠠᠷ ᠢᠶᠠᠨ ᠢᠳᠡᠪᠬᠢᠲᠡᠶ ᠬᠥᠳᠡᠯᠦᠯᠴᠡᠵᠦ ᠂ ᠬᠢᠴᠢᠶᠡᠯ ᠦᠨ ᠲᠠᠩᠬᠢᠮ ᠤᠨ ᠠᠭᠤᠷ ᠠᠮᠢᠰᠬᠤᠯ ᠬᠥᠭᠵᠢᠶᠡᠨᠲᠡᠶ ᠪᠠᠶᠢᠯ᠎ᠠ ᠃
ᠳᠠᠷᠤᠭ᠎ᠠ ᠪᠠᠶᠢᠯᠳᠤᠭᠴᠢᠳ ᠢᠯᠡᠷᠬᠡᠶᠢᠯᠡᠬᠦ ᠳᠡᠭᠡᠨ ᠂ ᠲᠣᠰ ᠤᠳᠠᠭᠠᠨ ᠤ ᠮᠡᠬᠡᠯᠡᠯ ᠢ ᠡᠰᠡᠷᠭᠦᠴᠡᠬᠦ ᠰᠤᠷᠭᠠᠨ ᠬᠥᠮᠦᠵᠢᠯ ᠦᠨ ᠬᠢᠴᠢᠶᠡᠯ ᠶᠡᠬᠡ ᠣᠯᠤᠯᠲᠠ ᠲᠠᠶ ᠂ ᠣᠯᠠᠨ ᠢᠶᠠᠷ ᠢᠶᠠᠨ ᠮᠡᠬᠡᠯᠡᠯ ᠦᠨ ᠶᠠᠯᠠᠲᠤ ᠠᠵᠢᠯᠯᠠᠭ᠎ᠠ ᠶᠢᠨ ᠲᠤᠬᠠᠶ ᠰᠢᠨ᠎ᠡ ᠲᠠᠨᠢᠯᠲᠠ ᠲᠠᠶ ᠪᠣᠯᠵᠣ ᠂ ᠲᠣᠰ ᠤᠳᠠᠭᠠᠨ ᠤ ᠰᠣᠷᠣᠭᠰᠠᠨ ᠮᠡᠬᠡᠯᠡᠯ ᠢ ᠰᠡᠷᠭᠡᠶᠢᠯᠡᠬᠦ ᠤᠷ᠎ᠠ ᠮᠡᠷᠭᠡᠵᠢᠯ ᠢ ᠳᠠᠶᠢᠴᠢᠨ ᠬᠠᠨᠢ ᠪᠣᠯᠤᠨ ᠬᠡᠷ ᠦᠨ ᠬᠥᠮᠦᠰ ᠲᠡᠬᠡᠨ ᠢᠳᠡᠪᠬᠢᠲᠡᠶ ᠪᠡᠷ ᠬᠤᠪᠢᠶᠠᠨ ᠡᠳ᠋ᠯᠡᠭᠦᠯᠬᠦ ᠪᠣᠯᠤᠨ᠎ᠠ ᠭᠡᠵᠡᠶ ᠃
ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠥᠮᠦᠵᠢᠯ ᠦᠨ ᠠᠵᠢᠯᠯᠠᠭ᠎ᠠ ᠨᠢ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠮᠡᠬᠡᠯᠡᠯ ᠢ ᠡᠰᠡᠷᠭᠦᠴᠡᠬᠦ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ ᠂ ᠬᠠᠸᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠦᠨ ᠂ ᠴᠡᠷᠢᠭ ᠠᠩᠭᠢ ᠪᠠ ᠣᠷᠣᠨ ᠨᠤᠲᠤᠭ ᠬᠣᠶᠠᠷ ᠲᠠᠯ᠎ᠠ ᠶᠢᠨ ᠣᠶᠢᠯᠠᠭᠠᠯᠴᠠᠭ᠎ᠠ ᠶᠢ ᠨᠡᠮᠡᠭᠳᠡᠭᠦᠯᠵᠦ ᠂ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠂ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠳᠤ ᠬᠦᠴᠦᠨ ᠨᠡᠮᠡᠷᠢᠯᠡᠪᠡ ᠃
(ᠵᠤᠬᠢᠶᠠᠭᠴᠢ ᠄ ᠯᠢ ᠫᠧᠩ ᠢ
ᠣᠷᠴᠢᠭᠤᠯᠤᠭᠴᠢ᠄ ᠰᠠᠷᠠᠭᠤᠯ)