ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠳ᠋ᠸᠩᠺᠸᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠦᠨ ᠬᠠᠤᠯᠢ ᠪᠠᠷᠢᠯᠲᠠ ᠶᠢ ᠵᠦᠪ ᠴᠢᠭᠯᠡᠯ  ᠢᠶᠠᠷ ᠵᠣᠯᠭᠠᠯᠳᠣᠭᠣᠯᠬᠣ ᠬᠠᠮᠲᠤᠷᠠᠭᠰᠠᠨ ᠬᠤᠷᠠᠯ ᠬᠤᠷᠠᠯᠳᠤᠭᠤᠯᠪᠠ

2025-04-25 16:56:08
ᠵᠣᠬᠢᠶᠠᠭᠴᠢ
ᠪᠣᠤ ᠰᠠᠴᠤᠷᠠᠨ᠎ᠠ

     ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠦᠯᠲᠡ ᠪᠠ ᠡᠷᠡᠭᠦᠦ ᠎ᠶ᠋ᠢᠨ ᠬᠡᠷᠡᠭ  ᠤᠨ ᠬᠠᠤᠯᠢ  ᠪᠠᠷᠢᠯᠲᠠ ᠎ᠶ᠋ᠢ  ᠵᠣᠯᠭᠠᠯᠳᠣᠭᠣᠯᠬᠣ ᠎ ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠎ ᠶ᠋ᠢᠨ ᠲᠥᠯᠥᠭᠡ ᠂ 2015 ᠣᠨ ᠎ ᠤ 4 ᠰᠠᠷ᠎ᠠ᠎ ᠶ᠋ᠢᠨ 3᠎  ᠤ ᠡᠳᠦᠷ ᠂ ᠳ᠋ᠧᠩᠺᠧᠤ ᠰᠢᠶᠠᠨ ᠎  ᠦ ᠠᠷᠠᠳ᠎  ᠤᠨ ᠪᠠᠢᠴᠠᠭᠠᠬᠤ ᠬᠣᠷᠢᠶ᠎ᠠ ᠠᠴᠠ ᠵᠠᠰᠠᠭ ᠵᠠᠬᠢᠷᠭᠠᠨ ᠎ ᠤ ᠬᠠᠤᠯᠢ ᠬᠡᠷᠡᠭᠵᠢᠭᠦᠯᠦᠯᠲᠡ ᠪᠠ ᠡᠷᠡᠭᠦᠦ ᠎ᠶ᠋ᠢᠨ ᠬᠡᠷᠡᠭ ᠎ ᠤᠨ ᠬᠠᠤᠯᠢ  ᠪᠠᠷᠢᠯᠲᠠ ᠎ᠶ᠋ᠢ  ᠵᠥᠪ ᠴᠢᠭᠯᠡᠯ᠎  ᠢᠶᠠᠷ ᠵᠣᠯᠭᠠᠯᠳᠣᠭᠣᠯᠬᠣ ᠬᠠᠮᠲᠤᠷᠠᠭᠰᠠᠨ ᠬᠤᠷᠠᠯ᠎   ᠢ ᠵᠣᠬᠢᠶᠠᠨ ᠪᠠᠢᠭᠤᠯᠤᠨ ᠬᠤᠷᠠᠯᠳᠤᠭᠤᠯᠪᠠ ᠃ ᠬᠤᠷᠠᠯ᠎  ᠠᠴᠠ ᠤᠯᠤᠰ ᠲᠥᠷᠥ ᠬᠠᠤᠯᠢ  ᠴᠠᠭᠠᠵᠠ ᠶᠢᠨ ᠵᠥᠪᠯᠡᠯ ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎   ᠤᠨ ᠬᠠᠷᠢᠭᠤᠴᠠᠯᠭᠠᠲᠠᠨ ᠂ ᠬᠠᠤᠯᠢ ᠴᠠᠭᠠᠵᠠ᠎ᠶ᠋ᠢᠨ ᠲᠣᠪᠴᠢᠶ᠎ᠠ ᠂ ᠭᠠᠢᠯᠢ ᠎ᠶ᠋ᠢᠨ ᠶᠠᠪᠤᠳᠠᠯ᠎  ᠤᠨ ᠲᠣᠪᠴᠢᠶ᠎ᠠ ᠂ ᠵᠠᠬ᠎ᠠ ᠳᠡᠯᠭᠡᠭᠦᠷ ᠎ ᠤᠨ ᠬᠢᠨᠠᠨ ᠬᠠᠮᠢᠶᠠᠷᠤᠯᠲᠠ ᠎ᠶ᠋ᠢᠨ ᠲᠣᠪᠴᠢᠶᠠᠨ ᠎ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠂ ᠬᠠᠷᠢᠭᠤᠴᠠᠯᠭᠠᠲᠠᠨ ᠨᠠᠷ᠎ ᠢ ᠤᠷᠢᠨ ᠣᠷᠣᠯᠴᠠᠭᠤᠯᠪᠠ ᠃

   

    ᠨᠢᠭᠡ ᠂ ᠠᠷᠠᠳ᠎  ᠤᠨ ᠳᠡᠭᠡᠳᠦ ᠪᠠᠢᠴᠠᠭᠠᠬᠤ ᠬᠣᠷᠢᠶ᠎ᠠ  ᠶᠢᠨ ᠲᠣᠭᠲᠠᠭᠠᠯ᠎  ᠢ ᠰᠤᠷᠤᠯᠴᠠᠵᠤ ᠂ ᠡᠷᠡᠭᠦᠦ ᠰᠢᠢᠳᠭᠡᠯ ᠤᠨᠤᠭᠳᠠᠭᠤᠯᠬᠤ ᠰᠢᠨ᠎ᠡ ᠴᠢᠭᠯᠡᠯ  ᠢ ᠲᠣᠳᠣᠷᠬᠠᠢᠯᠠᠪᠠ

    ᠬᠤᠷᠠᠯ ᠳᠡᠭᠡᠷ᠎ᠡ ᠠᠷᠠᠳ᠎  ᠤᠨ ᠳᠡᠭᠡᠳᠦ ᠪᠠᠢᠴᠠᠭᠠᠬᠤ ᠬᠣᠷᠢᠶᠠᠨ  ᠤ ᠳᠠᠷᠤᠮᠠᠯᠯᠠᠨ ᠲᠠᠷᠬᠠᠭᠠᠭᠰᠠᠨ 《 ᠵᠠᠰᠠᠭ ᠵᠠᠬᠢᠷᠭᠠᠨ ᠎ ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠎ᠶ᠋ᠢᠨ ᠬᠡᠷᠡᠭ  ᠤᠨ ᠬᠠᠤᠯᠢ  ᠪᠠᠷᠢᠯᠲᠠ ᠎ᠶ᠋ᠢ  ᠵᠣᠯᠭᠠᠯᠳᠣᠭᠣᠯᠬᠣ ᠠᠵᠢᠯ᠎ ᠢ ᠲᠦᠯᠬᠢᠨ ᠠᠬᠢᠭᠤᠯᠬᠤ ᠲᠤᠬᠠᠢ ᠲᠣᠭᠲᠠᠭᠠᠯ 》 ᠵᠢᠴᠢ 《 ᠵᠠᠰᠠᠭ ᠵᠠᠬᠢᠷᠭᠠᠨ ᠎ ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠎ᠶ᠋ᠢᠨ ᠬᠡᠷᠡᠭ  ᠤᠨ ᠬᠠᠤᠯᠢ  ᠪᠠᠷᠢᠯᠲᠠ ᠎ᠶ᠋ᠢ  ᠬᠣᠣᠰ ᠴᠢᠭᠯᠡᠯ᠎  ᠢᠶᠠᠷ ᠵᠣᠯᠭᠠᠯᠳᠣᠭᠣᠯᠬᠣ ᠪᠠ ᠵᠠᠰᠠᠭ ᠵᠠᠬᠢᠷᠭᠠᠨ  ᠤ ᠬᠠᠤᠯᠢ᠎ ᠠᠴᠠ ᠵᠥᠷᠢᠴᠡᠭᠰᠡᠨ ᠠᠵᠢᠯᠯᠠᠭ᠎ᠠ ᠎ᠳ᠋ᠤ᠌ ᠬᠢᠨᠠᠯᠲᠠ ᠲᠠᠯᠪᠢᠬᠤ ᠎ᠶ᠋ᠢ ᠲᠦᠯᠬᠢᠨ ᠠᠬᠢᠭᠤᠯᠵᠤ ᠂ ᠪᠠᠢᠴᠠᠭᠠᠬᠤ ᠬᠢᠨᠠᠯᠲᠠ ᠪᠣᠯᠤᠨ ᠵᠠᠰᠠᠭ  ᠵᠠᠬᠢᠷᠭᠠᠨ ᠎ ᠤ ᠬᠠᠤᠯᠢ ᠬᠡᠷᠡᠭᠵᠢᠭᠦᠯᠬᠦ᠎ ᠶ᠋ᠢ ᠵᠣᠯᠭᠠᠯᠳᠣᠭᠣᠯᠬᠣ ᠳᠦᠷᠢᠮ᠎  ᠢ ᠪᠠᠢᠭᠤᠯᠬᠤ ᠲᠤᠬᠠᠢ ᠰᠠᠨᠠᠯ 》   ᠢ ᠰᠤᠷᠤᠯᠴᠠᠵᠤ ᠂ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠦᠯᠲᠡ ᠪᠠ ᠡᠷᠡᠭᠦᠦ ᠎ᠶ᠋ᠢᠨ ᠬᠡᠷᠡᠭ  ᠤᠨ ᠬᠠᠤᠯᠢ  ᠪᠠᠷᠢᠯᠲᠠ ᠎ᠶ᠋ᠢ  ᠵᠣᠯᠭᠠᠯᠳᠣᠭᠣᠯᠬᠣ  ᠤᠨ ᠴᠢᠬᠤᠯᠠ ᠴᠢᠨᠠᠷ᠎  ᠢ ᠴᠢᠬᠤᠯᠠᠴᠢᠯᠠᠨ ᠂ ᠦᠨᠳᠦᠰᠦᠨ ᠵᠠᠷᠴᠢᠮ ᠂ ᠠᠵᠢᠯ᠎  ᠤᠨ ᠶᠠᠪᠤᠴᠠ ᠵᠢᠴᠢ ᠡᠯ᠎ᠡ ᠲᠠᠯ᠎ᠠ᠎ ᠶ᠋ᠢᠨ ᠡᠭᠦᠷᠭᠡ ᠬᠠᠷᠢᠭᠤᠴᠠᠯᠭ᠎ᠠ ᠎ᠶ᠋ᠢ ᠲᠣᠳᠣᠷᠬᠠᠢᠯᠠᠪᠠ ᠃ ᠰᠤᠷᠤᠯᠴᠠᠯᠭ᠎ᠠ ᠎ᠪᠠᠷ ᠳᠠᠮᠵᠢᠨ ᠬᠤᠷᠠᠯ ᠎ᠳ᠋ᠤ᠌ ᠣᠷᠣᠯᠴᠠᠭᠰᠠᠳ ᠦᠵᠡᠯ ᠰᠠᠨᠠᠭ᠎ᠠ ᠎ᠪᠠᠨ ᠤᠯᠠᠮ ᠨᠢᠭᠡᠳᠬᠡᠵᠦ ᠂ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ᠎ ᠶ᠋ᠢᠨ ᠬᠠᠤᠯᠢ  ᠪᠠᠷᠢᠯᠲᠠ ᠎ᠶ᠋ᠢ  ᠵᠣᠯᠭᠠᠯᠳᠣᠭᠣᠯᠬᠣ  ᠶᠢᠨ ᠰᠢᠨ᠎ᠡ ᠴᠢᠭᠯᠡᠯ ᠂ ᠰᠢᠨ᠎ᠡ ᠱᠠᠭᠠᠷᠳᠠᠯᠭ᠎ᠠ᠎ ᠶ᠋ᠢ ᠲᠣᠳᠣᠷᠬᠠᠢᠯᠠᠵᠠᠢ ᠃

    ᠬᠣᠶᠠᠷ ᠂ ᠬᠡᠷᠡᠭ ᠎ ᠢ ᠰᠢᠯᠵᠢᠭᠦᠯᠬᠦ ᠪᠠᠷᠢᠮᠵᠢᠶ᠎ᠠ  ᠶᠢ ᠰᠠᠭᠤᠨ ᠦᠭᠡᠢ   ᠶᠠᠷᠢᠯᠴᠠᠵᠤ  ᠂ ᠭᠡᠷᠡᠴᠢ ᠪᠠᠷᠢᠮᠲᠠ᠎ᠶ᠋ᠢ ᠲᠣᠭᠲᠠᠪᠤᠷᠢᠵᠢᠭᠤᠯᠬᠤ ᠱᠠᠭᠠᠷᠳᠠᠯᠭ᠎ᠠ ᠎ᠶ᠋ᠢ  ᠵᠢᠷᠤᠮᠵᠢᠭᠦᠯᠪᠡ᠃

    ᠬᠡᠷᠡᠭ  ᠢ ᠰᠢᠯᠵᠢᠭᠦᠯᠦᠨ ᠬᠦᠷᠭᠡᠬᠦ ᠪᠠᠷᠢᠮᠵᠢᠶ᠎ᠠ ᠂ ᠭᠡᠷᠡᠴᠢ ᠪᠠᠷᠢᠮᠲᠠ᠎ᠶ᠋ᠢ ᠲᠣᠭᠲᠠᠪᠤᠷᠢᠵᠢᠭᠤᠯᠬᠤ ᠱᠠᠭᠠᠷᠳᠠᠯᠭ᠎ᠠ ᠪᠠ ᠬᠠᠮᠵᠢᠯᠴᠠᠬᠤ ᠶᠠᠪᠤᠴᠠ ᠵᠡᠷᠭᠡ ᠵᠠᠩᠭᠢᠯᠠᠭ᠎ᠠ ᠎ᠶ᠋ᠢᠨ ᠠᠰᠠᠭᠤᠳᠠᠯ ᠎ᠳ᠋ᠤ᠌ ᠴᠢᠭᠯᠡᠭᠦᠯᠦᠨ ᠂ ᠬᠤᠷᠠᠯ  ᠳᠦ ᠭᠦᠨᠵᠡᠭᠡᠢ    ᠶᠠᠷᠢᠯᠴᠠᠭ᠎ᠠ  ᠬᠢᠪᠡ ᠃ ᠡᠯ᠎ᠡ ᠨᠢᠭᠡᠴᠡ᠎ᠶ᠋ᠢᠨ ᠬᠤᠷᠠᠯ ᠎ᠳ᠋ᠤ᠌ ᠣᠷᠣᠯᠴᠠᠭᠰᠠᠳ ᠲᠤᠰ ᠪᠡᠶ᠎ᠡ ᠎ᠶ᠋ᠢᠨ ᠠᠵᠢᠯ᠎  ᠤᠨ ᠪᠣᠳᠠᠲᠠᠢ᠎ ᠲᠠᠢ᠎ ᠪᠠᠨ ᠤᠶᠠᠯᠳᠤᠭᠤᠯᠤᠨ ᠂ ᠢᠳᠡᠪᠬᠢᠲᠡᠢ  ᠎ᠪᠡᠷ ᠶᠠᠷᠢᠶ᠎ᠠ ᠲᠠᠯᠪᠢᠵᠤ ᠂ ᠦᠢᠯᠡᠳᠦᠯᠭᠡ᠎ ᠶ᠋ᠢᠨ ᠲᠤᠷᠰᠢᠯᠭ᠎ᠠ ᠪᠠ ᠠᠷᠭ᠎ᠠ ᠪᠠᠷᠢᠯ᠎  ᠢᠶᠠᠨ ᠬᠤᠪᠢᠶᠠᠯᠴᠠᠭᠰᠠᠨ ᠪᠠᠢᠨ᠎ᠠ ᠃ ᠣᠯᠠᠨ  ᠢᠶᠠᠷ  ᠢᠶᠠᠨ ᠰᠠᠨᠠᠯ ᠨᠢᠭᠡᠲᠡᠢ ᠦᠵᠡᠭᠰᠡᠨ ᠨᠢ  ᠬᠡᠷᠡᠭ ᠎ ᠢ ᠰᠢᠯᠵᠢᠭᠦᠯᠦᠨ ᠬᠦᠷᠭᠡᠬᠦ ᠨᠢᠭᠡᠳᠦᠯᠲᠡᠢ ᠪᠠᠷᠢᠮᠵᠢᠶ᠎ᠠ ᠪᠠ ᠭᠡᠷᠡᠴᠢ ᠪᠠᠷᠢᠮᠲᠠ᠎ᠶ᠋ᠢ ᠲᠣᠭᠲᠠᠮᠠᠯ ᠪᠣᠯᠭᠠᠬᠤ ᠂ ᠵᠠᠰᠠᠭ ᠵᠠᠬᠢᠷᠭᠠ ᠎ ᠤ ᠬᠠᠤᠯᠢ ᠬᠡᠷᠡᠭᠵᠢᠭᠦᠯᠬᠦ ᠪᠠᠢᠭᠤᠯᠭ᠎ᠠ ᠎ᠶ᠋ᠢᠨ ᠰᠢᠯᠵᠢᠭᠦᠯᠦᠨ ᠬᠦᠷᠭᠡᠬᠦ ᠬᠡᠷᠡᠭ ᠨᠢ ᠡᠷᠡᠭᠦᠦ ᠎ᠶ᠋ᠢᠨ ᠬᠡᠷᠡᠭ  ᠤᠨ ᠬᠠᠤᠯᠢ ᠴᠠᠭᠠᠵᠠ᠎ᠶ᠋ᠢᠨ ᠱᠠᠭᠠᠷᠳᠠᠯᠭ᠎ᠠ᠎ ᠳ᠋ᠤ᠌ ᠨᠡᠢᠴᠡᠬᠦ ᠎ᠶ᠋ᠢ  ᠪᠠᠲᠤᠯᠠᠬᠤ ᠬᠡᠷᠡᠭᠲᠡᠢ ᠃ ᠡᠭᠦᠨ  ᠤ ᠬᠠᠮᠲᠤ ᠂ ᠬᠠᠮᠵᠢᠯᠴᠠᠬᠤ ᠴᠤᠪᠤᠷᠠᠯ᠎  ᠤᠨ ᠬᠠᠮᠵᠢᠯᠴᠠᠭ᠎ᠠ᠎ ᠶ᠋ᠢ ᠴᠢᠩᠭᠠᠳᠬᠠᠵᠤ ᠂ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠦᠯᠲᠡ ᠎ᠶ᠋ᠢ ᠡᠷᠡᠭᠦᠦ ᠎ᠶ᠋ᠢᠨ ᠬᠡᠷᠡᠭ  ᠤᠨ ᠬᠠᠤᠯᠢ  ᠪᠠᠷᠢᠯᠲᠠ ᠎ ᠯᠤᠭ᠎ᠠ ᠵᠣᠯᠭᠠᠯᠳᠣᠭᠣᠯᠬᠣ  ᠶᠢ ᠰᠠᠭᠠᠳ ᠥᠬᠡᠢ  ᠨᠡᠪᠲᠡᠷᠡᠭᠦᠯᠬᠦ  ᠶᠢ ᠪᠠᠲᠤᠯᠠᠬᠤ ᠬᠡᠷᠡᠭᠲᠡᠢ ᠃

     ᠭᠤᠷᠪᠠ ᠂ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠲᠤᠰᠬᠠᠢ ᠬᠥᠮᠦᠨ ᠵᠣᠯᠭᠠᠭᠤᠯᠬᠤ᠎ ᠶ᠋ᠢ  ᠲᠤᠳᠦᠷᠬᠠᠢᠯᠠᠵᠦ ᠂ ᠲᠣᠭ᠎ᠠ ᠪᠠᠷᠢᠮᠲᠠ᠎ ᠶ᠋ᠢ ᠮᠡᠳᠡᠭᠦᠯᠦᠨ ᠬᠦᠷᠭᠡᠬᠦ᠎ ᠶ᠋ᠢ ᠴᠢᠩᠭᠠᠷᠠᠭᠤᠯᠬᠤ ᠬᠡᠷᠡᠭᠲᠡᠢ

    ᠮᠡᠳᠡᠭᠡ ᠵᠠᠩᠭᠢ᠎ ᠶ᠋ᠢ ᠴᠠᠭ ᠲᠤᠬᠠᠢ ᠎ᠳ᠋ᠤᠨᠢ ᠳᠠᠮᠵᠢᠭᠤᠯᠬᠤ ᠪᠠ ᠨᠡᠪᠲᠡᠷᠡᠯᠴᠡᠬᠦ᠎ ᠶ᠋ᠢᠨ ᠲᠥᠯᠥᠭᠡ ᠂ ᠬᠤᠷᠠᠯ᠎ ᠳ᠋ᠤ᠌ ᠣᠷᠣᠯᠴᠠᠭᠰᠠᠨ ᠡᠯ᠎ᠡ ᠨᠢᠭᠡᠴᠡ ᠲᠤᠰᠬᠠᠢ ᠠᠵᠢᠯᠲᠠᠨ ᠲᠣᠭᠲᠠᠭᠠᠵᠤ ᠡᠷᠡᠭᠦᠦ ᠰᠢᠢᠳᠭᠡᠯ ᠣᠨᠣᠭᠳᠠᠭᠤᠯᠬᠤ ᠎ᠶ᠋ᠢ ᠵᠣᠯᠭᠠᠯᠳᠣᠭᠣᠯᠬᠣ ᠠᠵᠢᠯ  ᠢ ᠬᠠᠷᠢᠭᠤᠴᠠᠭᠤᠯᠬᠤ ᠎ᠶ᠋ᠢᠨ ᠬᠠᠮᠲᠤ ᠂ ᠬᠤᠷᠠᠯ᠎  ᠡᠴᠡ ᠪᠠᠰᠠ ᠲᠣᠭᠲᠠᠮᠠᠯ ᠬᠤᠭᠤᠴᠠᠭ᠎ᠠ ᠎ᠲᠠᠢ ᠎ᠪᠠᠷ ᠲᠣᠭ᠎ᠠ ᠪᠠᠷᠢᠮᠲᠠ ᠎ᠶ᠋ᠢ ᠮᠡᠳᠡᠭᠦᠯᠦᠨ ᠬᠦᠷᠭᠡᠬᠦ ᠎ᠶ᠋ᠢᠨ ᠴᠢᠬᠤᠯᠠ ᠴᠢᠨᠠᠷ᠎  ᠢ ᠴᠢᠬᠤᠯᠠᠴᠢᠯᠠᠵᠤ ᠂ ᠬᠤᠷᠠᠯ ᠎ᠳ᠋ᠤ᠌ ᠣᠷᠣᠯᠴᠠᠭᠰᠠᠨ ᠡᠯ᠎ᠡ ᠨᠢᠭᠡᠴᠡ ᠎ᠶ᠋ᠢ ᠬᠠᠮᠢᠶ᠎ᠠ ᠪᠦᠬᠦᠢ ᠲᠣᠭ᠎ᠠ ᠪᠠᠷᠢᠮᠲᠠ ᠎ᠪᠠᠨ ᠴᠠᠭ ᠲᠤᠬᠠᠢ ᠎ᠳ᠋ᠤᠨᠢ ᠮᠡᠳᠡᠭᠦᠯᠦᠨ ᠬᠦᠷᠭᠡᠬᠦ ᠎ᠶ᠋ᠢ ᠱᠠᠭᠠᠷᠳᠠᠵᠤ ᠂ ᠬᠡᠷᠡᠭ ᠲᠦ᠍ ᠬᠢᠨᠠᠯᠲᠠ ᠲᠠᠯᠪᠢᠬᠤ ᠠᠵᠢᠯ᠎ ᠳ᠋ᠤ᠌ ᠬᠦᠴᠦᠲᠡᠢ ᠳᠡᠮᠵᠢᠯᠭᠡ ᠬᠠᠩᠭᠠᠪᠠ ᠃

     ᠡᠨᠡ ᠤᠳᠠᠭᠠᠨ ᠎ ᠤ ᠬᠠᠮᠲᠤᠷᠠᠭᠰᠠᠨ ᠬᠤᠷᠠᠯ᠎  ᠨᠢ ᠬᠤᠷᠠᠯ᠎ ᠳ᠋ᠤ᠌ ᠣᠷᠣᠯᠴᠠᠭᠰᠠᠨ ᠬᠥᠮᠦᠰ᠎  ᠤᠨ ᠡᠷᠡᠭᠦᠦ ᠰᠢᠳᠬᠡᠯ ᠭᠦᠢᠴᠡᠳᠬᠡᠬᠦ ᠠᠵᠢᠯ᠎  ᠢ ᠣᠢᠯᠠᠭᠠᠨ ᠂ ᠲᠠᠨᠢᠯᠲᠠ᠎ᠶ᠋ᠢ ᠭᠦᠨᠵᠡᠭᠡᠢᠷᠡᠭᠦᠯᠦᠭᠰᠡᠨ ᠮᠥᠷᠲᠡᠭᠡᠨ ᠲᠣᠭᠲᠠᠴᠠ᠎ᠶ᠋ᠢᠨ ᠪᠠᠢᠭᠤᠯᠤᠯᠲᠠ ᠂ ᠮᠡᠳᠡᠭᠡ ᠵᠠᠩᠭᠢ᠎ ᠶ᠋ᠢ ᠬᠠᠮᠲᠤ ᠪᠠᠷ ᠡᠳ᠋ᠯᠡᠬᠦ ᠂ ᠬᠠᠮᠵᠢᠯᠴᠠᠬᠤ ᠶᠠᠪᠤᠴᠠ ᠵᠡᠷᠭᠡ ᠲᠠᠯ᠎ᠠ᠎ ᠪᠠᠷ ᠬᠢ ᠡᠯ᠎ᠡ ᠲᠠᠯ᠎ᠠ ᠎ᠶ᠋ᠢᠨ ᠬᠠᠮᠵᠢᠯᠴᠠᠭ᠎ᠠ ᠪᠣᠯᠤᠨ ᠰᠣᠯᠢᠯᠴᠠᠭ᠎ᠠ᠎ ᠶ᠋ᠢ ᠴᠦ᠍ ᠠᠬᠢᠭᠤᠯᠤᠭᠰᠠᠨ ᠪᠠᠢᠨ᠎ᠠ ᠃ ᠳ᠋ᠧᠩᠺᠧᠤ ᠰᠢᠶᠠᠨ ᠎ ᠤ ᠠᠷᠠᠳ᠎ ᠤᠨ ᠪᠠᠢᠴᠠᠭᠠᠬᠤ ᠬᠣᠷᠢᠶ᠎ᠠ ᠲᠤᠰ ᠤᠳᠠᠭᠠᠨ  ᠤ ᠬᠤᠷᠠᠯ᠎  ᠢᠶᠠᠷ ᠠᠵᠠ ᠲᠣᠬᠢᠶᠠᠯ ᠪᠣᠯᠭᠠᠨ ᠂ ᠵᠠᠰᠠᠭ ᠵᠠᠬᠢᠷᠭᠠᠨ   ᠦ ᠬᠠᠤᠯᠢ ᠬᠡᠷᠡᠭᠵᠢᠭᠦᠯᠬᠦ ᠪᠠᠢᠭᠤᠯᠭ᠎ᠠ ᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ ᠎ ᠤ ᠪᠠᠢᠭᠤᠯᠭ᠎ᠠ᠎ ᠯᠤᠭ᠎ᠠ᠎ ᠶ᠋ᠢᠨ ᠬᠠᠮᠵᠢᠯᠴᠠᠭ᠎ᠠ ᠬᠠᠮᠲᠤᠷᠠᠯᠴᠠᠭ᠎ᠠ ᠎ᠪᠠᠨ ᠦᠷᠭᠦᠯᠵᠢᠯᠡᠨ ᠭᠦᠨᠵᠡᠭᠡᠢᠷᠡᠭᠦᠯᠵᠦ ᠂ ᠵᠠᠰᠠᠭ ᠵᠠᠬᠢᠷᠭᠠᠨ ᠎ ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠎ᠶ᠋ᠢᠨ ᠬᠡᠷᠡᠭ  ᠤᠨ ᠬᠠᠤᠯᠢ  ᠪᠠᠷᠢᠯᠲᠠ ᠎ᠶ᠋ᠢ  ᠵᠣᠯᠭᠠᠯᠳᠣᠭᠣᠯᠬᠣ ᠠᠵᠢᠯ ᠎ ᠤᠨ ᠨᠠᠢᠳᠠᠪᠤᠷᠢᠵᠢᠭᠤᠯᠤᠯᠲᠠ᠎ ᠶ᠋ᠢᠨ ᠨᠠᠷᠢᠯᠢᠭ ᠪᠠᠢᠬᠤ᠎ ᠶ᠋ᠢ ᠬᠠᠮᠲᠤ ᠎ᠪᠠᠷ ᠲᠦᠯᠬᠢᠨ ᠠᠬᠢᠭᠤᠯᠤᠨ᠎ᠠ ᠃

ᠢᠷᠡᠯᠲᠡ
ᠪᠠᠶᠠᠨᠨᠠᠭᠤᠷ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro