ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠰᠢᠨ᠎ᠡ ᠬᠣᠲᠠ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠲᠤᠰᠬᠠᠢ ᠰᠤᠷᠭᠠᠭᠤᠯᠢ ᠶᠢᠨ ᠰᠤᠷᠭᠠᠭᠤᠯᠢ ᠳᠤ ᠬᠦᠷᠭᠡᠵᠦ ᠰᠤᠷᠤᠯᠴᠠᠭᠤᠯᠬᠤ ᠠᠵᠢᠯ ᠢ ᠢᠳᠢᠪᠬᠢᠲᠠᠢ ᠪᠠᠷ ᠲᠦᠯᠬᠢᠨ ᠠᠬᠢᠭᠤᠯᠵᠦ᠂ ᠬᠡᠷᠡᠭ ᠲᠦ ᠬᠣᠯᠪᠤᠭᠳᠠᠭᠰᠠᠨ ᠨᠠᠰᠤᠨ ᠳᠤ ᠬᠦᠷᠦᠭᠰᠡᠳ ᠦᠨ ᠵᠦᠪ ᠵᠠᠮ ᠳᠤ ᠣᠷᠣᠬᠤ ᠶᠢ ᠠᠬᠢᠭᠤᠯᠤᠨ᠎ᠠ

2025-04-30 10:42:36
ᠵᠣᠬᠢᠶᠠᠭᠴᠢ
ᠭᠡᠭᠡᠨᠲᠤᠶᠠᠭ᠎ᠠ

    ᠬᠥᠬᠡᠬᠤᠲᠠ ᠶᠢᠨ ᠲᠤᠰᠬᠠᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠭᠰᠡᠨ ᠠᠴᠠ ᠨᠠᠰᠢ᠂ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠲᠤᠰᠬᠠᠢ ᠰᠤᠷᠭᠠᠭᠤᠯᠢ ᠶᠢᠨ ᠰᠤᠷᠭᠠᠭᠤᠯᠢ ᠳᠤ ᠰᠤᠷᠤᠯᠴᠠᠭᠤᠯᠬᠤ ᠪᠠᠷ ᠬᠦᠷᠭᠡᠬᠦ ᠠᠵᠢᠯ ᠢ ᠶᠡᠭᠡ ᠪᠠᠷ ᠲᠦᠯᠬᠢᠨ ᠠᠬᠢᠭᠤᠯᠵᠤ᠂ ᠬᠡᠷᠡᠭ ᠲᠤ ᠬᠤᠯᠪᠣᠭᠳᠠᠭᠰᠠᠨ ᠨᠠᠰᠤᠨ ᠳᠤ ᠥᠯᠥ ᠭᠦᠷᠦᠭᠰᠡᠳ ᠢ ᠰᠤᠷᠭᠠᠨ ᠬᠥᠮᠥᠵᠢᠭᠦᠯᠵᠦ ᠵᠠᠰᠠᠬᠤ ᠪᠠ ᠨᠡᠶᠢᠭᠡᠮ ᠳᠤ ᠪᠤᠴᠠᠭᠠᠬᠤ ᠳᠤ ᠬᠦᠰᠡᠯ ᠡᠷᠡᠮᠡᠯᠵᠡᠯ ᠤᠨ ᠵᠠᠮ ᠳᠡᠪᠢᠰᠴᠦ᠂ ᠣᠳᠣᠬᠠᠨ ᠳᠤ ᠨᠢᠭᠡᠨᠲᠡ ᠬᠡᠷᠡᠭ ᠲᠤ ᠬᠤᠯᠪᠣᠭᠳᠠᠭᠰᠠᠨ ᠬᠤᠶᠠᠷ ᠨᠠᠰᠤᠨ ᠳᠤ ᠥᠯᠥ ᠭᠦᠷᠦᠭᠰᠡᠳ ᠢ ᠠᠮᠵᠢᠯᠲᠠ ᠲᠠᠢ ᠪᠠᠷ ᠰᠤᠷᠭᠠᠭᠤᠯᠢ ᠳᠤ ᠬᠦᠷᠭᠡᠵᠦ ᠰᠤᠷᠤᠯᠴᠠᠭᠤᠯᠪᠠ᠃ ᠨᠢᠭᠡ ᠳᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠬᠦᠷᠭᠡᠨ ᠤᠩᠰᠢᠭᠤᠯᠬᠤ ᠡᠲᠡᠭᠡᠳ ᠢ ᠢᠳᠡᠪᠬᠢᠲᠡᠢ ᠪᠠᠷ ᠰᠢᠯᠢᠨ ᠰᠣᠩᠭᠤᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠵᠦ ᠵᠢᠭᠰᠠᠭᠠᠨ ᠪᠠᠶᠢᠴᠠᠭᠠᠬᠤ ᠳᠤ ᠣᠯᠠᠨ ᠤᠳᠠᠭ᠎ᠠ ᠵᠠᠰᠠᠭ ᠵᠠᠬᠢᠷᠭᠠᠨ ᠤ  ᠰᠢᠢᠳᠭᠡᠯ ᠲᠣᠷᠭᠠᠭᠤᠯᠢ ᠶᠢᠨ ᠲᠡᠮᠳᠡᠭᠯᠡᠯ ᠲᠠᠢ ᠨᠠᠰᠤᠨ ᠳᠤ ᠥᠯᠥ ᠭᠦᠷᠦᠭᠰᠡᠳ ᠲᠠᠢ ᠢᠳᠡᠪᠬᠢᠲᠡᠢ ᠬᠠᠷᠢᠯᠴᠠᠵᠤ᠂ ᠬᠦᠷᠭᠡᠵᠦ ᠰᠤᠷᠤᠯᠴᠠᠭᠤᠯᠬᠤ ᠨᠥᠬᠦᠴᠡᠯ ᠳᠤ ᠨᠡᠶᠢᠴᠡᠬᠦ ᠬᠥᠮᠥᠰ ᠢ ᠰᠢᠭᠰᠢᠨ ᠪᠠᠶᠢᠴᠠᠭᠠᠨ᠎ᠠ᠃ 
    ᠪᠠᠶᠢᠴᠠᠭᠠᠯᠲᠠ ᠪᠠᠷ ᠳᠠᠮᠵᠢᠭᠠᠳ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠢᠢᠳᠪᠦᠷᠢᠯᠡᠭᠰᠡᠨ ᠬᠤᠯᠠᠭᠠᠶᠢᠯᠠᠭᠰᠠᠨ ᠬᠡᠷᠡᠭ ᠤᠨ ᠳᠣᠲᠣᠷᠠᠬᠢ ᠡᠷᠡᠭᠦᠦ ᠶᠢᠨ ᠬᠠᠷᠢᠭᠤᠴᠠᠯᠭ᠎ᠠ ᠡᠭᠦᠷᠭᠡᠯᠡᠬᠦ  ᠨᠠᠰᠤᠨ ᠳᠤ ᠥᠯᠥ ᠬᠦᠷᠦᠭᠰᠡᠳ ᠯᠢ ᠣᠪᠣᠭᠲᠤ᠂ ᠵᠠᠩ ᠣᠪᠣᠭᠲᠤ  ᠶᠢ ᠲᠤᠰᠬᠠᠢ ᠰᠤᠷᠭᠠᠭᠤᠯᠢ ᠳᠤ ᠬᠦᠷᠭᠡᠵᠦ ᠰᠤᠷᠤᠯᠴᠠᠭᠤᠯᠬᠤ ᠴᠢᠬᠤᠯᠠ ᠲᠠᠢ ᠭᠡᠳᠡᠭ ᠢ ᠣᠯᠵᠤ ᠮᠠᠲᠠᠵᠠᠢ᠃ ᠬᠤᠶᠠᠷ ᠲᠤ ᠶᠡᠷᠦᠩᠬᠡᠶᠢᠯᠡᠨ ᠦᠨᠡᠯᠡᠨ ᠵᠢᠱᠢᠵᠦ᠂ ᠬᠦᠷᠭᠡᠵᠦ ᠰᠤᠷᠤᠯᠴᠠᠭᠤᠯᠬᠤ ᠲᠥᠰᠥᠯ ᠢ ᠲᠣᠭᠲᠠᠭᠠᠨ᠎ᠠ᠃ ᠪᠠᠶᠢᠴᠠᠭᠠᠬᠤ ᠲᠤᠰᠢᠶᠠᠯᠲᠠᠨ ᠢ ᠵᠣᠬᠢᠶᠠᠨ ᠪᠠᠶᠢᠭᠤᠯᠤᠨ ᠰᠡᠳᠬᠢᠴᠡ ᠶᠢᠨ ᠵᠥᠪᠯᠡᠯᠭᠡ  ᠬᠠᠩᠭᠠᠨᠵᠦ᠂ ᠨᠡᠶᠢᠭᠡᠮ ᠤᠨ ᠠᠵᠢᠯᠲᠠᠨ ᠵᠡᠷᠭᠡ ᠲᠠᠢ ᠦᠨᠡᠯᠡᠨ ᠵᠢᠱᠢᠬᠦ ᠳᠤᠭᠤᠶᠢᠯᠠᠩ ᠪᠠᠶᠢᠭᠤᠯᠵᠤ᠂ ᠬᠡᠷᠡᠭ ᠲᠤ ᠬᠤᠯᠪᠣᠭᠳᠠᠭᠰᠠᠨ ᠨᠠᠰᠤᠨ ᠳᠤ ᠦᠯᠦ ᠬᠦᠷᠦᠭᠰᠡᠳ ᠲᠤ ᠥᠪᠡᠷᠮᠢᠴᠡ ᠦᠨᠡᠯᠡᠨ ᠵᠢᠱᠢᠯᠲᠡ ᠬᠢᠵᠦ᠂ ᠲᠡᠭᠦᠨ ᠤ ᠬᠦᠷᠭᠡᠵᠦ ᠰᠤᠷᠤᠯᠴᠠᠭᠤᠯᠬᠤ ᠲᠤᠰᠬᠠᠢ ᠰᠤᠷᠭᠠᠭᠤᠯᠢ ᠵᠢᠴᠢ ᠵᠠᠯᠠᠷᠠᠭᠤᠯᠤᠨ ᠵᠠᠰᠠᠬᠤ ᠴᠢᠭᠯᠡᠯ ᠳᠤ ᠲᠣᠬᠢᠷᠠᠬᠤ ᠡᠰᠡᠬᠦ ᠶᠢ ᠶᠡᠷᠦᠩᠬᠡᠶᠢᠯᠡᠨ ᠮᠠᠭᠠᠳᠯᠠᠨ᠎ᠠ᠃ ᠦᠨᠡᠯᠡᠨ ᠵᠢᠱᠢᠬᠦ ᠪᠠᠷ ᠳᠡᠮᠵᠢᠨ᠂ ᠬᠡᠷᠡᠭ ᠲᠤ ᠬᠤᠯᠪᠣᠭᠳᠠᠭᠰᠠᠨ ᠬᠤᠶᠠᠷ ᠨᠠᠰᠤᠨ ᠳᠤ ᠥᠯᠥ ᠭᠦᠷᠦᠭᠰᠡᠳ ᠲᠤ ᠨᠡᠯᠢᠶᠡᠳ ᠬᠦᠨᠳᠦ ᠨᠣᠴᠢᠲᠠᠢ ᠦᠶᠯᠡ ᠠᠵᠢᠯᠯᠠᠭ᠎ᠠ ᠶᠢᠨ ᠵᠥᠷᠢᠶ᠎ᠡ ᠣᠷᠣᠰᠢᠵᠤ ᠪᠠᠶᠢᠬᠤ ᠪᠥᠭᠡᠳ ᠵᠠᠯᠠᠷᠠᠭᠤᠯᠵᠤ ᠪᠣᠯᠬᠤ ᠴᠢᠨᠠᠷᠲᠠᠢ ᠪᠠᠶᠢᠨ᠎ᠠ᠃ ᠳᠠᠷᠠᠭ᠎ᠠ ᠨᠢ᠂ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠤᠷᠠᠳᠤᠯᠭ᠎ᠠ ᠪᠠᠷ᠂ ᠰᠢᠨ᠎ᠡ ᠬᠤᠲᠠ ᠲᠣᠭᠤᠷᠢᠭ ᠤᠨ ᠵᠠᠯᠠᠷᠠᠭᠤᠯᠤᠨ ᠵᠠᠰᠠᠬᠤ ᠲᠤᠰᠬᠠᠢ ᠰᠤᠷᠭᠠᠨ ᠬᠥᠮᠦᠵᠢᠯ ᠤᠨ ᠦᠨᠡᠯᠡᠨ ᠵᠢᠱᠢᠬᠦ ᠳᠤᠭᠤᠶᠢᠯᠠᠩ ᠬᠤᠷᠠᠯ ᠬᠢᠵᠦ ᠦᠨᠡᠯᠡᠨ ᠵᠢᠱᠢᠭᠡᠳ᠂ ᠬᠤᠶᠠᠭᠤᠯᠠ ᠶᠢ ᠬᠥᠬᠡᠬᠤᠲᠠ ᠶᠢᠨ ᠲᠤᠰᠬᠠᠢ ᠰᠤᠷᠭᠠᠭᠤᠯᠢ ᠳᠤ ᠬᠦᠷᠭᠡᠵᠦ ᠰᠤᠷᠤᠯᠴᠠᠭᠤᠯᠬᠤ ᠪᠠᠷ 6 ᠰᠠᠷ᠎ᠠ ᠶᠢᠨ ᠬᠤᠭᠤᠴᠠᠭ᠎ᠠ ᠲᠠᠢ ᠵᠠᠯᠠᠷᠠᠭᠤᠯᠤᠨ ᠵᠠᠰᠠᠬᠤ ᠰᠤᠷᠭᠠᠨ ᠬᠥᠮᠦᠵᠢᠯ ᠬᠦᠷᠲᠡᠭᠡᠬᠦ ᠶᠢ ᠵᠥᠪᠰᠢᠶᠡᠷᠡᠪᠡ᠃ ᠭᠤᠷᠪᠠ ᠳᠤ ᠮᠥᠷᠳᠡᠨ ᠰᠤᠷᠪᠤᠯᠵᠢᠯᠠᠵᠤ᠂ ᠬᠦᠷᠭᠡᠵᠦ ᠰᠤᠷᠤᠯᠴᠠᠭᠤᠯᠤᠭᠰᠠᠨ ᠦᠷ᠎ᠡ ᠪᠦᠲᠦᠭᠡᠯ ᠢ ᠪᠠᠲᠤᠳᠬᠠᠨ᠎ᠠ᠃ ᠬᠤᠶᠠᠷ ᠬᠥᠮᠥᠨ ᠢ ᠲᠤᠰᠬᠠᠢ ᠰᠤᠷᠭᠠᠭᠤᠯᠢ ᠳᠤ ᠬᠦᠷᠭᠡᠭᠰᠡᠨ ᠤ ᠳᠠᠷᠠᠭ᠎ᠠ᠂ ᠪᠠᠶᠢᠴᠠᠭᠠᠬᠤ ᠲᠤᠰᠢᠶᠠᠯᠲᠠᠨ ᠴᠠᠭ ᠲᠤᠬᠠᠢ ᠳᠤᠨᠢ ᠲᠡᠭᠦᠨ ᠲᠠᠢ ᠰᠤᠷᠭᠠᠭᠤᠯᠢ ᠳᠤ ᠣᠷᠣᠵᠤ ᠶᠠᠷᠢᠯᠴᠠᠬᠤ ᠶᠢᠨ ᠬᠠᠮᠲᠤ ᠲᠠᠷᠠᠭᠠᠴᠢ ᠶᠢᠨ ᠠᠯᠬᠤᠮ ᠳᠤ ᠲᠤᠰᠬᠠᠢ ᠰᠤᠷᠭᠠᠭᠤᠯᠢ ᠶᠢ ᠬᠠᠪᠰᠤᠷᠤᠨ ᠮᠥᠷᠳᠡᠵᠦ ᠬᠠᠪᠰᠤᠷᠤᠨ ᠰᠤᠷᠭᠠᠬᠤ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠬᠤᠶᠠᠷ ᠬᠥᠮᠥᠨ ᠤ ᠰᠡᠳᠬᠢᠴᠡ ᠶᠢᠨ ᠲᠠᠯ᠎ᠠ ᠪᠠᠷ ᠣᠷᠣᠰᠢᠵᠤ ᠪᠠᠶᠢᠭ᠎ᠠ ᠲᠥᠭᠡᠷᠢᠭᠳᠡᠯ ᠪᠠ ᠠᠰᠠᠭᠤᠳᠠᠯ ᠳᠤ ᠴᠢᠭᠯᠡᠭᠦᠯᠦᠨ᠂ ᠨᠡᠶᠢᠭᠡᠮ ᠤᠨ ᠠᠵᠢᠯ ᠤᠨ ᠪᠠᠶᠢᠭᠤᠯᠤᠮᠵᠢ ᠶᠢ ᠢᠳᠡᠪᠬᠢᠲᠡᠢ ᠪᠠᠷ ᠵᠣᠬᠢᠴᠠᠭᠤᠯᠤᠨ ᠲᠡᠳᠡᠨ ᠳᠤ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠪᠣᠳᠠᠲᠤ ᠪᠠᠶᠢᠳᠠᠯ ᠢ ᠦᠨᠳᠦᠰᠦᠯᠡᠨ ᠰᠤᠷᠭᠠᠨ ᠬᠥᠮᠥᠵᠢᠭᠦᠯᠵᠦ ᠵᠠᠯᠠᠷᠠᠭᠤᠯᠤᠨ ᠵᠠᠰᠠᠬᠤ ᠲᠥᠰᠥᠯ ᠢᠶᠠᠨ ᠴᠠᠭ ᠲᠤᠬᠠᠢ ᠳᠤᠨᠢ ᠲᠣᠬᠢᠷᠠᠭᠤᠯᠤᠨ᠎ᠠ᠃ ᠣᠲᠣ ᠪᠣᠯᠲᠠᠯ᠎ᠠ᠂ ᠬᠡᠷᠡᠭ ᠲᠤ ᠬᠤᠯᠪᠣᠭᠳᠠᠭᠰᠠᠨ ᠬᠤᠶᠠᠷ ᠨᠠᠰᠤᠨ ᠳᠤ ᠥᠯᠥ ᠭᠦᠷᠦᠭᠰᠡᠳ ᠰᠤᠷᠭᠠᠭᠤᠯᠢ ᠶᠢᠨ ᠠᠮᠢᠳᠤᠷᠠᠯ ᠳᠤ ᠠᠮᠵᠢᠯᠲᠠ ᠲᠠᠢ ᠪᠠᠷ ᠵᠣᠬᠢᠴᠠᠵᠤ᠂ ᠰᠤᠷᠭᠠᠨ ᠬᠥᠮᠦᠵᠢᠯ ᠢ ᠢᠳᠡᠪᠬᠢᠲᠡᠢ ᠪᠠᠷ ᠭᠥᠷᠳᠡᠵᠦ ᠪᠠᠶᠢᠨ᠎ᠠ᠂ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠰᠤᠷᠭᠠᠭᠤᠯᠢ ᠳᠤ ᠬᠦᠷᠭᠡᠵᠦ ᠰᠤᠷᠤᠯᠴᠠᠭᠤᠯᠬᠤ ᠠᠵᠢᠯ ᠤᠨ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠨᠠᠩ ᠣᠯᠠᠨ ᠨᠠᠰᠤᠨ ᠳᠤ ᠥᠯᠥ ᠭᠦᠷᠦᠭᠰᠡᠳ ᠲᠤ ᠬᠦᠰᠡᠯ ᠡᠷᠡᠮᠡᠯᠵᠡᠯ ᠣᠯᠭᠤᠬᠤ ᠪᠣᠯᠣᠨ᠎ᠠ᠃
    

ᠢᠷᠡᠯᠲᠡ
ᠬᠦᠬᠡᠬᠣᠲᠠ ᠶᠢᠨ ᠰᠢᠨ᠎ᠡ ᠬᠣᠲᠠ ᠲᠣᠭᠣᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro