ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠦᠯ ᠬᠥᠮᠦᠵᠢᠯ ᠤᠨ ᠬᠤᠷᠠᠯ ᠬᠤᠷᠠᠯᠳᠤᠪᠠ
4 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠦᠯ ᠬᠥᠮᠦᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠨᠡ ᠵᠢᠯ ᠠᠴᠠ ᠨᠠᠭᠠᠰᠢᠬᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠤᠨ ᠭᠤᠣᠯ ᠵᠣᠷᠢᠭ ᠰᠠᠨᠠᠭ᠎ᠠ ᠶᠢ ᠤᠯᠠᠮᠵᠢᠯᠠᠪᠠ︔ 2024 ᠣᠨ ᠤ ᠪᠦᠬᠦ ᠣᠷᠣᠨ ᠤ ᠪᠠᠶᠢᠴᠠᠭᠠᠬᠤ ᠠᠵᠢᠯᠳᠠᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ ᠠᠴᠠ᠂ ᠨᠢᠭᠡ ᠳᠤ᠂ ᠦᠵᠡᠯ ᠰᠠᠨᠠᠭᠠᠨ ᠤ ᠲᠠᠯ᠎ᠠ ᠪᠠᠷ ᠨᠡᠩ ᠰᠡᠷᠭᠡᠭ᠂ ᠨᠢᠭᠡ ᠮᠥᠴᠡ ᠴᠦ ᠰᠤᠯᠠᠷᠠᠭᠤᠯᠤᠯ ᠦᠭᠡᠢ ᠪᠠᠶᠢᠵᠤ᠂ ᠥᠴᠦᠬᠡᠨ ᠴᠦ ᠬᠠᠰᠢ ᠶᠠᠰᠢ ᠬᠠᠨᠳᠤᠬᠤ ᠦᠭᠡᠢ ᠪᠠᠶᠢᠬᠤ ᠬᠡᠷᠡᠭᠲᠡᠢ᠃ ᠰᠠᠬᠢᠯᠭ᠎ᠠ ᠪᠠᠲᠤ ᠣᠪᠣᠷ ᠰᠤᠷᠲᠠᠯ ᠤᠨ ᠠᠰᠠᠭᠤᠳᠠᠯ ᠥᠩᠭᠡᠷᠡᠭᠰᠡᠨ ᠳᠤ ᠪᠠᠶᠢᠨ᠎ᠠ᠂ ᠤᠳᠤ ᠪᠠᠶᠢᠨ᠎ᠠ᠂ ᠢᠷᠡᠭᠡᠳᠦᠢ ᠳᠤ ᠪᠠᠰᠠ ᠪᠠᠶᠢᠨ᠎ᠠ ᠂ ᠲᠡᠮᠡᠴᠡᠯ ᠪᠣᠯ ᠦᠷᠭᠦᠯᠵᠢᠳᠡ ᠶᠠᠪᠤᠭᠳᠠᠨ᠎ᠠ᠂ ᠤᠷᠲᠤ ᠬᠤᠭᠤᠴᠠᠭᠠᠨ ᠤ ᠬᠢ ᠪᠤᠯᠤᠨ᠎ᠠ ᠂ ᠠᠮᠤᠰᠬᠢᠶᠠ ᠠᠮᠠᠷᠠᠭᠠᠳ ᠠᠪᠤᠶ᠎ᠠ ᠭᠡᠵᠦ ᠪᠤᠳᠤᠬᠤ ᠬᠡᠷᠡᠭ ᠦᠭᠡᠢ ᠪᠠᠶᠢᠬᠤ ᠶᠢ ᠪᠦᠬᠦ ᠣᠷᠣᠨ ᠤ ᠪᠠᠶᠢᠴᠠᠭᠠᠬᠤ ᠠᠵᠢᠯᠲᠠᠳ ᠲᠠᠨᠢᠵᠤ ᠠᠪᠬᠤ ᠬᠡᠷᠡᠭᠲᠡᠢ᠃ ︽ᠬᠤᠶᠠᠷ ᠮᠥᠨ ᠯᠡ ᠪᠠᠶᠢᠬᠤ︾ ᠶᠢᠨ ᠴᠢᠬᠤᠯᠠ ᠶᠡᠭᠡ ᠮᠠᠭᠠᠳᠯᠠᠯᠲᠠ ᠶᠢ ᠭᠦᠨᠵᠡᠭᠡᠶ ᠣᠶᠢᠯᠠᠭᠠᠵᠤ᠂ ︽ᠬᠤᠶᠠᠷ ᠡᠭᠦᠷᠢᠳᠡ ᠵᠤᠬᠰᠤᠰᠢ ᠦᠭᠡᠢ ᠪᠠᠶᠢᠬᠤ︾ ᠶᠢ ᠢᠮᠠᠭᠲᠠ ᠪᠠᠲᠤ ᠴᠡᠭᠡᠵᠢᠯᠡᠵᠦ᠂ ᠰᠣᠬᠤᠷ ᠪᠠᠯᠠᠶ ᠪᠠᠷ ᠪᠠᠶᠠᠷᠯᠠᠩᠭᠤᠶ ︽ᠲᠦᠷᠭᠡᠨ ᠢᠯᠠᠬᠤ ᠣᠨᠣᠯ︾᠂ ᠨᠠᠵᠠᠭᠠᠶ ᠭᠤᠲᠤᠷᠠᠩᠭᠤᠢ ︽ᠬᠤᠣᠷ ᠦᠭᠡᠢ ᠣᠨᠣᠯ︾ ᠢ ᠡᠷᠡᠰ ᠲᠠᠶᠠᠭᠳᠠᠵᠤ᠂ ᠢᠯᠵᠠᠷᠠᠯ ᠢ ᠡᠰᠡᠷᠭᠦᠴᠡᠬᠦ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠠ ᠥᠨᠳᠥᠷ ᠳᠠᠷᠤᠯᠲᠠ ᠶᠢ ᠢᠮᠠᠭᠲᠠ ᠪᠠᠲᠤᠯᠠᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢᠶᠠᠷ ᠪᠠᠶᠢᠴᠠᠭᠠᠯᠲᠠ ᠶᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠤᠯᠤᠰ ᠲᠦᠷᠦ ᠶᠢᠨ ᠲᠠᠯ᠎ᠠ ᠪᠠᠷ ᠨᠡᠩ ᠡᠷᠡᠰ ᠪᠠᠲᠤ ᠪᠠᠶᠢᠵᠤ᠂ ᠥᠴᠦᠬᠡᠨ ᠴᠦ ᠭᠤᠶᠢᠪᠢᠯᠵᠠᠬᠤ ᠦᠭᠡᠢ᠂ ᠥᠴᠦᠬᠡᠨ ᠴᠦ ᠦᠭᠡᠷᠡᠳᠡᠭᠦᠯᠬᠦ ᠦᠭᠡᠢ ᠪᠠᠶᠢᠬᠤ ᠬᠡᠷᠡᠭᠲᠡᠢ᠃ ᠪᠠᠶᠢᠴᠠᠭᠠᠬᠤ ᠪᠠᠶᠢᠭᠤᠯᠭ᠎ᠠ ᠨᠢ ᠨᠠᠮ ᠪᠠ ᠠᠷᠠᠳ ᠲᠦᠮᠡᠨ ᠤ ᠭᠠᠷ ᠲᠠᠬᠢ ︽ᠬᠢᠲᠤᠭ᠎ᠠ ᠶᠢᠨ ᠡᠰᠢ︾ ᠪᠣᠯᠤᠭᠰᠠᠨ ᠤ ᠬᠤᠪᠢ ᠳᠤ᠂ ᠡᠷᠬᠡᠪᠰᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ ᠳᠤᠭᠲᠠᠭᠠᠭᠰᠠᠨ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠢᠯᠡ ᠲᠣᠳᠣ ᠤᠯᠤᠰ ᠲᠦᠷᠦ ᠶᠢᠨ ᠰᠠᠭᠤᠷᠢ ᠶᠢ ᠦᠷᠭᠦᠯᠵᠢᠯᠡᠨ ᠲᠣᠳᠣᠷᠬᠠᠶᠢᠯᠠᠬᠤ ᠬᠡᠷᠡᠭᠲᠡᠢ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠤᠬᠠᠮᠰᠠᠷ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ᠴᠢᠭᠯᠡᠯ ᠢ ᠬᠠᠷᠭᠤᠭᠤᠯᠬᠤ᠂ ᠭᠤᠣᠯᠳᠠᠯᠭ᠎ᠠ ᠶᠢ ᠣᠨᠣᠪᠴᠢᠲᠠᠢ ᠡᠷᠢᠬᠦ᠂ ᠬᠠᠷᠠᠯᠲᠠ ᠪᠠᠨ ᠣᠨᠣᠪᠴᠢᠲᠠᠢ ᠲᠣᠭᠲᠠᠭᠠᠬᠤ ᠪᠠᠷ ᠦᠨᠡᠨ ᠬᠦ ᠬᠡᠷᠡᠭᠯᠡᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠯᠲᠠ ᠲᠠᠯᠪᠢᠬᠤ ᠭᠤᠣᠯᠳᠠᠯᠭ᠎ᠠ ᠪᠣᠯᠭᠠᠵᠤ᠂ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠪᠦᠬᠦ ᠲᠠᠯ᠎ᠠ ᠪᠠᠷ ᠴᠢᠩᠭ᠎ᠠ ᠵᠠᠰᠠᠬᠤ ᠦᠷ᠎ᠡ ᠪᠦᠲᠦᠮᠵᠢ ᠣᠯᠵᠤ᠂ ᠨᠠᠮ ᠤᠨ ᠭᠤᠣᠯ ᠠᠵᠢᠯ ᠢ ᠬᠠᠮᠢᠭ᠎ᠠ ᠬᠦᠷᠲᠡᠯ᠎ᠡ ᠠᠭᠢᠭᠤᠯᠪᠠᠯ᠂ ᠪᠠᠶᠢᠴᠠᠭᠠᠬᠤ ᠠᠵᠢᠯ ᠲᠡᠨᠳᠡ ᠬᠦᠷᠲᠡᠯ᠎ᠡ ᠳᠠᠭᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠠᠵᠢᠯᠯᠠᠭ᠎ᠠ ᠶᠢᠨ ᠲᠠᠯ᠎ᠠ ᠪᠠᠷ ᠨᠡᠩ ᠬᠦᠴᠦᠲᠡᠢ ᠪᠠᠶᠢᠵᠤ᠂ ᠨᠢᠭᠡ ᠠᠯᠬᠤᠮ ᠴᠦ ᠵᠣᠭᠰᠣᠬᠤ ᠦᠭᠡᠢ᠂ ᠬᠠᠭᠠᠰ ᠠᠯᠬᠤᠮ ᠴᠦ ᠤᠬᠤᠷᠢᠬᠤ ᠦᠭᠡᠢ ᠪᠠᠶᠢᠬᠤ ᠬᠡᠷᠡᠭᠲᠡᠢ᠃ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠡᠷᠬᠡᠪᠰᠢ ᠦᠷᠭᠦᠯᠵᠢ ᠰᠤᠳᠤᠯᠵᠤ᠂ ᠪᠠᠶᠢᠩᠭᠤ ᠪᠠᠶᠢᠷᠢᠯᠠᠭᠤᠯᠵᠤ᠂ ᠪᠣᠳᠠᠲᠠᠢ ᠠᠳᠬᠤᠵᠤ᠂ ᠤᠷᠤᠰᠬᠠᠯ ᠰᠥᠷᠴᠦ ᠣᠩᠭᠤᠴᠠ ᠰᠡᠯᠢᠬᠦ ᠳᠤ ᠥᠴᠦᠬᠡᠨ ᠴᠦ ᠰᠤᠯᠠᠷᠠᠵᠤ ᠪᠣᠯᠬᠤ ᠦᠭᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠰᠢᠨᠲᠠᠷᠠᠰᠢ ᠦᠭᠡᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤ ᠴᠢᠩᠭ᠎ᠠ ᠶᠣᠰᠣ ᠲᠦᠷᠢᠮ᠂ ᠬᠠᠲᠠᠭᠤ ᠪᠠᠷᠢᠮᠵᠢᠶ᠎ᠠ ᠪᠣᠯᠭᠠᠨ ᠪᠠᠲᠤ ᠴᠡᠭᠡᠵᠢᠯᠡᠬᠦ ᠬᠡᠷᠡᠭᠲᠡᠶ᠃ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠬᠤ᠂ ᠪᠠᠶᠢᠩᠭᠤ ᠠᠳᠬᠤᠬᠤ ᠶᠢ ᠪᠠᠷᠢᠮᠲᠠᠯᠠᠵᠤ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ ᠬᠥᠮᠦᠵᠢᠭᠦᠯᠵᠦ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠬᠤ ᠮᠥᠷᠲᠡᠭᠡᠨ ᠪᠠᠰᠠ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠵᠠᠳᠠᠯᠵᠤ᠂ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ︽ᠰᠠᠶᠢᠨ ᠦᠭᠡ︾ ᠶᠢ ᠵᠤᠭᠰᠤᠭᠠᠬᠤ ᠦᠭᠡᠢ᠂ ︽ᠦᠨᠡᠨᠴᠢ ᠦᠭᠡ︾ ᠶᠢ ᠲᠠᠰᠤᠯᠳᠠᠭᠤᠯᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠡᠷᠬᠡ ᠬᠡᠷᠡᠭᠯᠡᠭᠴᠢ ᠶᠢ ᠰᠡᠷᠭᠡᠭ ᠪᠠᠶᠢᠯᠭᠠᠵᠤ᠂ ᠮᠡᠳᠡᠭᠡᠳ ᠬᠢᠬᠦ ᠦᠭᠡᠢ ᠪᠠᠶᠢᠯᠭᠠᠨ᠎ᠠ᠃ ᠡᠷᠬᠡ ᠪᠠᠨ ᠳᠤᠷ᠎ᠠ ᠪᠠᠷ ᠢᠶᠠᠨ ᠬᠡᠷᠡᠭᠯᠡᠨ ᠬᠡᠷᠡᠭ ᠰᠢᠢᠳᠪᠦᠷᠢᠯᠡᠬᠦ᠂ ᠡᠷᠬᠡ ᠪᠠᠨ ᠠᠰᠢᠭᠯᠠᠨ ᠠᠮᠢ ᠪᠠᠨ ᠪᠣᠷᠳᠣᠬᠤ ᠶᠢ ᠴᠢᠩᠭ᠎ᠠ ᠲᠦᠷᠭᠡᠨ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠬᠤᠷᠢᠭᠯᠠᠵᠤ᠂ ᠥᠨᠳᠥᠷ ᠳᠠᠷᠤᠯᠲᠠ ᠪᠠᠷ ᠰᠦᠷᠳᠡᠭᠦᠯᠵᠦ᠂ ︽ᠴᠡᠭᠡᠷᠯᠡᠯ ᠪᠣᠯᠭᠠᠬᠤ︾ ᠶᠢ ᠦᠨᠡᠨ ᠬᠦ ᠪᠡᠶᠡᠯᠡᠭᠦᠯᠵᠦ᠂ ᠡᠷᠬᠡ ᠪᠠᠨ ᠡᠷᠡᠰ ᠭᠤᠶᠢᠪᠢᠰᠢ ᠦᠭᠡᠢ ᠴᠢᠩᠭ᠎ᠠ ᠬᠡᠷᠡᠭᠯᠡᠬᠦ ᠬᠡᠷᠡᠭᠲᠡᠢ᠃ ᠢᠯᠵᠠᠷᠡᠯ ᠢ ᠵᠡᠷᠭᠡᠪᠡᠷ ᠪᠠᠶᠢᠴᠠᠭᠠᠬᠤ ᠶᠢ ᠶᠡᠬᠡᠪᠡᠷ ᠲᠦᠯᠬᠢᠨ ᠠᠬᠢᠭᠤᠯᠵᠤ᠂ ᠢᠯᠵᠠᠷᠠᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠷᠢᠮᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠢᠯᠠᠩᠭᠤᠶ᠎ᠠ ᠬᠡᠷᠡᠭ ᠢᠶᠠᠷ ᠠᠮᠢ ᠬᠤᠪᠢ ᠪᠠᠨ ᠪᠤᠷᠳᠤᠭᠰᠠᠨ ᠵᠡᠷᠭᠡ ᠲᠤᠪᠤᠶᠢᠮ᠎ᠠ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢ ᠡᠷᠡᠰ ᠳᠡᠮᠵᠢᠨ ᠬᠠᠮᠵᠢᠯᠴᠠᠬᠤ ᠬᠡᠷᠡᠭᠲᠡᠶ᠃
ᠬᠤᠷᠠᠯ ᠠᠴᠠ᠂ ᠪᠥᠬᠦ ᠣᠷᠣᠨ ᠤ ᠪᠠᠶᠢᠴᠠᠭᠠᠬᠤ ᠠᠵᠢᠯᠲᠠᠳ ︽ᠳᠥᠷᠪᠡ ᠶᠢ ᠬᠠᠮᠢᠶᠠᠷᠬᠤ︾ ᠠᠴᠠ ᠭᠠᠷᠳᠠᠵᠤ᠂ ᠥᠪᠡᠷ ᠤᠨ ᠢᠶᠡᠨ ᠰᠠᠶᠢᠨ ︽ᠡᠭᠦᠳᠡ ᠬᠠᠷᠠᠭᠴᠢ︾ ᠪᠣᠯᠬᠤ ᠬᠡᠷᠡᠭᠲᠡᠶ᠃ ᠨᠢᠭᠡ ᠳᠦ ᠳᠣᠲᠣᠭᠠᠳᠤ ᠰᠡᠳᠬᠢᠯ ᠢᠶᠡᠨ ᠬᠠᠮᠢᠶᠠᠷᠬᠤ ᠬᠡᠷᠡᠭᠲᠡᠢ ᠃ ᠦᠵᠡᠯ ᠰᠠᠨᠠᠭᠠᠨ ᠤ ᠲᠠᠯ᠎ᠠ ᠪᠠᠷ ᠬᠢ《ᠪᠠᠭ᠎ᠠ ᠳᠤᠲᠠᠭᠳᠠᠯ》ᠢᠯᠡᠷᠡᠪᠡᠯ ᠂ ᠦᠢᠯᠡ ᠠᠵᠢᠯᠯᠠᠭᠠᠨ ᠤ ᠲᠠᠯ᠎ᠠ ᠪᠠᠷ ᠬᠢ《 ᠶᠡᠬᠡ ᠬᠠᠰᠢᠯᠭ᠎ᠠ》ᠨᠢ ᠰᠡᠲᠡᠷᠡᠨ᠎ᠡ ᠃ ᠳᠣᠲᠣᠭᠠᠳᠤ ᠰᠡᠳᠬᠢᠯ ᠢᠶᠡᠨ ᠬᠠᠮᠢᠶᠠᠷᠬᠤ ᠳᠤ᠂ ᠬᠡᠳᠦᠨ ᠤᠳᠠᠭ᠎ᠠ ᠤᠷᠢᠶ᠎ᠠ ᠬᠠᠰᠬᠢᠷᠴᠤ ᠂ ᠬᠡᠳᠦᠨ ᠦᠭᠡ ᠪᠡᠷ ᠵᠣᠷᠢᠭ ᠰᠢᠭᠤᠳᠪᠠᠯ ᠲᠠᠷᠤᠢ ᠪᠡᠶᠡᠯᠡᠭᠦᠯᠵᠦ ᠴᠢᠳᠠᠳᠠᠭ ᠪᠢᠰᠢ ᠂ ᠬᠠᠷᠢᠨ ᠦᠵᠡᠯ ᠰᠠᠨᠠᠭᠠᠨ ᠤ ᠲᠠᠯ᠎ᠠ ᠠᠴᠠ《 ᠶᠡᠷᠦᠩᠬᠡᠢ ᠨᠡᠭᠡᠭᠡᠯᠭᠡ 》 ᠶᠢ ᠴᠢᠩᠭ᠎ᠠ ᠠᠳᠬᠤᠵᠤ ᠂ ᠠᠷᠢᠭᠤᠨ ᠴᠢᠬᠡᠴᠢ ᠪᠠᠶᠢᠬᠤ ᠶᠠᠪᠤᠳᠠᠯ ᠢ ᠨᠢᠭᠡ ᠵᠦᠢᠯ ᠦᠨ ᠤᠯᠤᠰ ᠲᠥᠷᠥ ᠶᠢᠨ ᠤᠬᠠᠮᠰᠠᠷ ᠪᠣᠯᠭᠠᠬᠤ ᠬᠡᠷᠡᠭᠲᠡᠢ ᠃ ᠬᠣᠶᠠᠷ ᠲᠤ ᠠᠮᠠ ᠪᠠᠨ ᠬᠠᠮᠢᠶᠠᠷᠬᠤ ᠬᠡᠷᠡᠭᠲᠡᠢ ᠃ ᠤᠤᠭᠤᠵᠤ ᠪᠣᠯᠬᠤ ᠦᠭᠡᠢ ᠠᠷᠢᠬᠢ ᠶᠢ ᠶᠠᠭᠠᠬᠢᠭᠰᠠᠨ ᠴᠤ ᠤᠤᠭᠤᠬᠤ ᠦᠭᠡᠢ ᠂ ᠡᠨᠡ ᠪᠣᠯ ᠵᠠᠷᠴᠢᠮ︕ ᠠᠯᠪᠠᠨ ᠤ ᠵᠣᠭᠣᠰ ᠢᠶᠠᠷ ᠠᠷᠢᠬᠢ ᠬᠤᠳᠠᠯᠳᠤᠨ ᠠᠪᠬᠤ ᠪᠠ ᠠᠯᠪᠠᠨ ᠶᠠᠪᠤᠳᠠᠯ ᠤᠨ ᠵᠣᠴᠢᠯᠠᠯᠭ᠎ᠠ ᠬᠢᠬᠦ ᠂ ᠡᠯ᠎ᠡ ᠲᠥᠷᠥᠯ ᠦᠨ ᠬᠤᠷᠠᠯ ᠂ ᠪᠠᠶᠢᠴᠠᠭᠠᠨ ᠰᠤᠳᠤᠯᠤᠯᠲᠠ ᠂ ᠰᠤᠷᠤᠯᠴᠠᠯᠠᠭ᠎ᠠ ᠪᠤᠯᠪᠠᠰᠤᠷᠠᠭᠤᠯᠤᠯ ᠂ ᠪᠠᠶᠢᠴᠠᠭᠠᠨ ᠵᠢᠯᠣᠭᠣᠳᠬᠤ ᠂ ᠵᠢᠭᠠᠪᠤᠷᠢ ᠠᠪᠴᠤ ᠬᠠᠷᠢᠭᠤ ᠮᠡᠳᠡᠭᠦᠯᠬᠦ ᠪᠠ ᠭᠠᠳᠠᠭᠰᠢ ᠭᠠᠷᠴᠤ ᠬᠡᠷᠡᠭ ᠰᠢᠢᠳᠪᠦᠷᠢᠯᠡᠬᠦ ᠵᠡᠷᠭᠡ ᠠᠵᠢᠯ ᠤᠨ ᠬᠤᠭᠤᠴᠠᠭᠠᠨ ᠳᠤ ᠠᠷᠢᠬᠢ ᠤᠤᠭᠤᠭᠰᠠᠨ ᠂ ᠠᠵᠢᠯᠯᠠᠬᠤ ᠡᠳᠦᠷ ᠠᠷᠢᠬᠢ ᠤᠤᠭᠤᠭᠰᠠᠨ ᠵᠡᠷᠭᠡ ᠨᠢ ᠪᠦᠷ ᠤᠤᠭᠤᠬᠤ ᠶᠣᠰᠣ ᠦᠭᠡᠶ ᠠᠷᠢᠬᠢ ᠶᠤᠮ ᠃ ᠵᠣᠴᠢᠯᠠᠬᠤ ᠲᠣᠭᠲᠠᠭᠠᠯ ᠢ ᠴᠢᠩᠭ᠎ᠠ ᠵᠢᠷᠤᠮᠯᠠᠵᠤ᠂ ᠠᠯᠪᠠᠨ ᠶᠠᠪᠤᠳᠠᠯ ᠤᠨ ᠬᠤᠭᠤᠯᠠ ᠳᠤ ᠠᠷᠢᠬᠢ ᠭᠠᠷᠭᠠᠬᠤ ᠦᠭᠡᠢ᠂ ᠠᠷᠢᠬᠢ ᠤᠤᠭᠤᠬᠤ ᠦᠭᠡᠢ᠂ ᠠᠷᠢᠬᠢ ᠢᠳᠬᠠᠬᠤ ᠦᠭᠡᠢ ᠪᠠᠶᠢᠬᠤ ᠬᠡᠷᠡᠭᠲᠡᠢ᠃ ᠭᠤᠷᠪᠠ ᠳᠤ᠂ ᠬᠤᠶᠠᠷ ᠭᠠᠷ ᠢᠶᠠᠨ ᠬᠠᠮᠢᠶᠠᠷᠬᠤ ᠬᠡᠷᠡᠭᠲᠡᠶ᠃ ᠬᠣᠶᠠᠷ ᠭᠠᠷ ᠢᠶᠠᠨ ᠬᠠᠮᠢᠶᠠᠷᠬᠤ ᠳᠤ᠂ ᠳᠤᠷᠠᠰᠬᠠᠯ ᠤᠨ ᠡᠳ᠋ ᠂ ᠨᠤᠲᠤᠭ ᠤᠨ ᠭᠠᠷᠤᠯᠲᠠ ᠬᠤᠷᠢᠶᠠᠬᠤ ᠦᠭᠡᠢ᠂ ᠪᠠᠭ᠎ᠠ ᠶᠠᠪᠤᠳᠠᠯ ᠢ ᠶᠡᠬᠡᠪᠡᠷ ᠬᠢᠬᠦ ᠦᠭᠡᠢ ᠪᠠᠶᠢᠬᠤ ᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠳᠤ ᠪᠠᠶᠢᠪᠠᠰᠤ ᠵᠣᠬᠢᠬᠤ ᠵᠣᠷᠢᠭ ᠰᠠᠨᠠᠭ᠎ᠠ ᠪᠣᠯᠣᠨ᠎ᠠ ᠃ ︽ᠲᠡᠭ ᠪᠣᠳᠠᠰ ᠤᠨ ᠬᠠᠷᠢᠯᠴᠠᠭ᠎ᠠ︾ ᠶᠢᠨ ᠵᠠᠷᠴᠢᠮ ᠢ ᠴᠢᠩᠭ᠎ᠠ ᠰᠠᠬᠢᠵᠤ᠂ ᠠᠷᠢᠭᠤᠨ ᠴᠢᠬᠡᠴᠢ ᠳᠡᠭᠡᠳᠦ ᠲᠤᠤᠷᠠᠳᠤ ᠱᠠᠲᠤᠨ ᠤ ᠬᠠᠷᠢᠴᠠᠭ᠎ᠠ ᠶᠢ ᠪᠠᠲᠤᠯᠠᠵᠤ᠂ ᠬᠤᠶᠠᠷ ᠲᠠᠯ᠎ᠠ ᠳᠤ ︽ ᠶᠠᠳᠠᠷᠠᠭ᠎ᠠ ᠦᠭᠡᠢ︾ ᠪᠠᠶᠢᠬᠤ ᠬᠡᠷᠡᠭᠲᠡᠢ︕ ᠳᠥᠷᠪᠡ᠂ ᠬᠣᠶᠠᠷ ᠬᠥᠯ ᠢᠶᠡᠨ ᠬᠠᠮᠢᠶᠠᠷᠬᠤ ᠬᠡᠷᠡᠭᠲᠡᠢ᠃ ᠣᠴᠢᠬᠤ ᠶᠣᠰᠣ ᠦᠭᠡᠢ ᠭᠠᠵᠠᠷ ᠶᠠᠭᠠᠬᠢᠭᠰᠠᠨ ᠴᠤ᠌ ᠣᠴᠢᠬᠤ ᠦᠭᠡᠢ ᠂ ᠢᠯᠠᠩᠭᠤᠶ᠎ᠠ ᠪᠠᠢᠴᠠᠭᠠᠨ ᠰᠤᠳᠤᠯᠬᠤ ᠱᠤᠭᠤᠮ ᠤ᠋ᠨ ᠠᠵᠢᠯ ᠪᠣᠯ ᠳᠠᠷᠤᠢ ᠠᠵᠢᠯ ᠂ ᠵᠢᠭᠤᠯᠴᠢᠯᠠᠯ ᠪᠣᠯ ᠳᠠᠷᠤᠢ ᠵᠢᠭᠤᠯᠴᠢᠯᠠᠯ ᠂ ᠦᠨᠦᠷ ᠠᠮᠲᠠ ᠶᠢ ᠬᠤᠪᠢᠷᠠᠭᠤᠯᠵᠤ ᠪᠣᠯᠬᠤ ᠦᠭᠡᠢ ᠂ ᠶᠠᠭᠠᠬᠢᠭᠰᠠᠨ ᠴᠤ᠌《 ᠪᠠᠭ᠎ᠠ ᠠᠰᠢᠭ》 ᠢ᠋ ᠬᠦᠬᠡᠴᠡᠯᠳᠦᠭᠡᠳ《ᠶᠡᠬᠡ ᠨᠦᠬᠡᠨ ᠳᠦ ᠤᠨᠠᠵᠤ︾ ᠪᠣᠯᠬᠤ ᠦᠭᠡᠢ ᠃
ᠬᠤᠷᠠᠯ ᠢ ᠸᠢᠳᠢᠣ᠋ ᠶᠢᠨ ᠬᠡᠯᠪᠡᠷᠢ ᠪᠠᠷ ᠠᠶᠢᠮᠠᠭ ᠬᠤᠳᠠ ᠶᠢᠨ ᠭᠠᠵᠠᠷ ᠣᠷᠣᠨ ᠤ ᠪᠠᠶᠢᠴᠠᠭᠠᠬᠤ ︵ᠬᠤᠪᠢᠶᠠᠷᠢ ᠬᠤᠷᠢᠶ᠎ᠠ︶ ᠬᠦᠷᠲᠡᠯ᠎ᠡ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠲᠢᠩᠬᠢᠮ ᠤᠨ ᠲᠠᠰ ᠤᠨ ᠺᠠᠳ᠋ᠷ᠂ ᠬᠤᠷᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠪᠠᠶᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠥᠬᠦ ᠬᠥᠮᠦᠰ ᠵᠢᠴᠢ ᠬᠥᠬᠡᠬᠤᠲᠠ ᠳᠤ ᠪᠣᠯᠪᠠᠰᠤᠷᠠᠯ ᠳᠤ ᠣᠷᠣᠯᠴᠠᠭᠰᠠᠨ ᠦᠨᠳᠦᠰᠦᠨ ᠱᠠᠲᠤᠨ ᠤ ᠬᠤᠷᠢᠶᠠᠨ ᠤ ᠪᠠᠶᠢᠴᠠᠭᠠᠬᠤ ᠳᠠᠷᠤᠭ᠎ᠠ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ︔ ᠡᠯ᠎ᠡ ᠠᠶᠢᠮᠠᠭ ᠬᠤᠲᠠ ᠭᠠᠵᠠᠷ ᠣᠷᠣᠨ ᠤ ᠪᠠᠶᠢᠴᠠᠭᠠᠬᠤ ᠬᠤᠷᠢᠶᠠᠨ ᠤ ᠪᠥᠬᠦ ᠪᠠᠶᠢᠴᠠᠭᠠᠬᠤ ᠠᠵᠢᠯᠲᠠᠨ ᠪᠣᠯᠤᠨ ᠲᠣᠮᠢᠯᠠᠨ ᠰᠠᠭᠤᠯᠭᠠᠭᠰᠠᠨ ᠡᠯ᠎ᠡ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠥᠮᠦᠰ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃