ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠬᠠᠮᠵᠢᠯᠴᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠬᠠᠮᠵᠢᠯᠴᠠᠬᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ︱ᠤᠢ ᠰᠢᠭᠤᠢ ᠪᠠ ᠨᠤᠲᠤᠭ ᠪᠡᠯᠴᠢᠭᠡᠷ ᠢ ᠰᠦᠢᠳᠭᠡᠬᠦ ᠬᠠᠤᠯᠢ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠯᠢ ᠲᠦᠷᠭᠡᠨ ᠢᠶᠠᠷ ᠲᠦᠯᠬᠢᠨ ᠠᠭᠢᠭᠤᠯᠤᠶ᠎ᠠ

2025-05-09 15:41:02
ᠵᠣᠬᠢᠶᠠᠭᠴᠢ
ᠨᠠᠪᠴᠢ


    ᠯᠢ ᠶᠦᠩ ᠵᠢᠶᠦ᠋ᠨ ᠣᠷᠳᠣᠰ ᠬᠤᠲᠠ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠤᠷᠤᠨ ᠨᠤᠲᠤᠭ  ᠤᠨ ᠪᠠᠶᠢᠴᠠᠭᠠᠬᠤ ᠪᠠᠶᠢᠭᠤᠯᠭ᠎ᠠ ᠪᠠ ᠲᠡᠮᠦᠷ ᠵᠠᠮ ᠤᠨ ᠲᠡᠭᠡᠭᠡᠪᠦᠷᠢ ᠵᠢᠨ ᠪᠠᠶᠢᠴᠠᠭᠠᠬᠤ ᠪᠠᠶᠢᠭᠤᠯᠭ᠎ᠠ ᠵᠢᠨ  ᠬᠠᠮᠵᠢᠯᠴᠠᠭ᠎ᠠ ᠶᠢ ᠲᠣᠬᠢᠷᠠᠭᠤᠯᠤᠨ ᠠᠬᠢᠭᠤᠯᠬᠤ  ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠪᠠ
    


    4 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠣᠲᠤᠭ ᠤᠨ ᠡᠮᠦᠨᠡᠲᠦ ᠬᠤᠰᠢᠭᠤᠨ ᠤ ᠠᠵᠢᠯ ᠤᠨ ᠨᠢᠭᠡᠳᠦᠭᠡᠷ ᠹᠷᠣᠨᠲ ᠲᠤ ᠣᠢ ᠰᠢᠭᠤᠢ ᠡᠪᠡᠰᠦ ᠪᠡᠯᠴᠢᠭᠡᠷ ᠢ ᠰᠦᠢᠳᠭᠡᠬᠦ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ︽ᠤᠷᠤᠨ ᠨᠤᠲᠤᠭ  ᠤᠨ ᠪᠠᠶᠢᠴᠠᠭᠠᠬᠤ ᠪᠠᠶᠢᠭᠤᠯᠭ᠎ᠠ ᠪᠠ ᠲᠡᠮᠦᠷ ᠵᠠᠮ ᠤᠨ ᠲᠡᠭᠡᠭᠡᠪᠦᠷᠢ ᠵᠢᠨ ᠪᠠᠶᠢᠴᠠᠭᠠᠬᠤ ᠪᠠᠶᠢᠭᠤᠯᠭ᠎ᠠ ᠵᠢᠨ  ᠬᠠᠮᠵᠢᠯᠴᠠᠭ᠎︾ ᠶᠢ ᠲᠦᠯᠬᠢᠨ ᠠᠭᠢᠭᠤᠯᠬᠤ ᠸᠢᠳᠢᠤ᠋ ᠬᠤᠷᠠᠯ ᠢ ᠶᠢ ᠡᠷᠬᠢᠯᠡᠨ ᠬᠤᠷᠠᠯᠳᠤᠭᠤᠯᠵᠤ᠂ ᠣᠷᠳᠣᠰ᠂ ᠪᠠᠶᠠᠨᠨᠠᠭᠤᠷ᠂ ᠲᠦᠩᠯᠢᠶᠣᠤ᠂ ᠬᠥᠯᠥᠨ ᠪᠤᠶᠢᠷ ᠵᠡᠷᠭᠡ ᠭᠠᠵᠠᠷ ᠤᠨ ᠪᠠᠶᠢᠴᠠᠭᠠᠬᠤ ᠪᠠᠶᠢᠭᠤᠯᠭ᠎ᠠ ᠬᠢᠭᠡᠳ ᠬᠥᠬᠡᠬᠤᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠪᠠᠶᠢᠴᠠᠭᠠᠬᠤ ᠪᠠᠶᠢᠭᠤᠯᠭ᠎ᠠ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠣᠢ ᠰᠢᠭᠤᠢ ᠡᠪᠡᠰᠦ ᠪᠡᠯᠴᠢᠭᠡᠷ ᠢ ᠰᠦᠢᠳᠭᠡᠬᠦ ᠪᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠠᠮᠲᠤ ᠶᠢᠨ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠣᠳᠠᠲᠠᠢ ᠲᠣᠬᠢᠷᠠᠭᠤᠯᠤᠯᠲᠠ ᠬᠢᠪᠡ᠃ ᠬᠤᠯᠪᠣᠭᠳᠠᠯ ᠪᠦᠬᠦᠢ ᠤᠷᠤᠨ ᠨᠤᠲᠤᠭ  ᠤᠨ ᠪᠠᠶᠢᠴᠠᠭᠠᠬᠤ ᠪᠠᠶᠢᠭᠤᠯᠭ᠎ᠠ ᠣᠶᠢᠷ᠎ᠠ ᠶᠢᠨ ᠬᠤᠭᠤᠴᠠᠭᠠᠨ ᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠲᠤᠷᠰᠢᠯᠭ᠎ᠠ ᠠᠷᠭ᠎ᠠ ᠬᠢᠳᠡᠯ ᠢᠶᠠᠨ ᠰᠣᠯᠢᠯᠴᠠᠵᠤ᠂ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ  ᠪᠠᠨᠦᠨᠡᠯᠡᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠳᠡᠳ᠋ ᠪᠠᠶᠢᠴᠠᠭᠠᠬᠤ ᠳᠠᠷᠤᠭ᠎ᠠ ᠠᠨ ᠣ ᠤᠢ ᠰᠢᠭᠤᠢ ᠡᠪᠡᠰᠦ ᠪᠡᠯᠴᠢᠭᠡᠷ ᠢ ᠴᠡᠭᠴᠡᠯᠡᠨ ᠵᠠᠰᠠᠬᠤ ᠳᠤᠮᠳᠠᠬᠢ ᠬᠠᠮᠢᠶ᠎ᠠ ᠪᠦᠬᠦᠢ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠡᠢ᠃
     ᠯᠢ ᠶᠦᠩ ᠵᠢᠶᠦ᠋ᠨ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠪᠥᠬᠦ ᠣᠷᠣᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠱᠠᠲᠤ ᠦᠶ᠎ᠡ ᠪᠣᠯᠤᠨ᠎ᠠ᠂ᠤᠷᠤᠨ ᠨᠤᠲᠤᠭ  ᠤᠨ ᠪᠠᠶᠢᠴᠠᠭᠠᠬᠤ ᠪᠠᠶᠢᠭᠤᠯᠭ᠎ᠠ ᠪᠠ ᠲᠡᠮᠦᠷ ᠵᠠᠮ ᠤᠨ ᠲᠡᠭᠡᠭᠡᠪᠦᠷᠢ ᠵᠢᠨ ᠪᠠᠶᠢᠴᠠᠭᠠᠬᠤ ᠪᠠᠶᠢᠭᠤᠯᠭ᠎ᠠ ᠪᠠᠶᠢᠳᠠᠯ ᠡᠭᠦᠷᠭᠡ ᠶᠢᠨ ᠬᠦᠨᠳᠦ ᠨᠣᠴᠢᠲᠠᠶ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠣᠳᠣᠯ ᠢᠶᠠᠨ ᠦᠨᠡᠨ ᠬᠦ ᠴᠢᠩᠭᠠᠳᠬᠠᠵᠤ᠂ ᠮᠥᠨ ᠴᠢᠨᠠᠷ ᠤᠨ ᠬᠠᠮᠵᠢᠯᠴᠠᠭ᠎ᠠ ᠪᠠᠨ ᠴᠢᠩᠭᠠᠳᠬᠠᠨ᠂ ᠳᠠᠭᠠᠷᠢᠯᠲᠠ ᠶᠢᠨ ᠪᠦᠷᠢᠶ᠎ᠡ ᠶᠢ ᠬᠦᠴᠦᠲᠡᠶ ᠦᠯᠢᠶᠡᠵᠦ᠂ ︽ᠰᠥᠨᠥᠭᠡᠬᠦ ᠲᠡᠶᠢᠨ︾ ᠢ ᠰᠠᠶᠢᠲᠤᠷ ᠬᠢᠵᠦ᠂ ᠪᠠᠶᠢᠴᠠᠭᠠᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠤᠨ᠂ ᠬᠠᠤᠯᠢ ᠲᠣᠭᠲᠠᠭᠠᠯ ᠶᠣᠰᠣᠭᠠᠷ᠂ ᠣᠶ ᠰᠢᠭᠤᠶ ᠨᠤᠲᠤᠭ ᠪᠡᠯᠴᠢᠭᠡᠷ ᠲᠤ ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ᠂ ᠴᠢᠩᠭ᠎ᠠ ᠪᠥᠭᠡᠳ ᠲᠦᠷᠭᠡᠨ ᠢᠶᠠᠷ ᠵᠠᠯᠬᠠᠭᠠᠨ ᠰᠢᠳᠬᠡᠬᠦ ᠬᠡᠷᠡᠭᠲᠡᠶ᠃
   

 

       ᠨᠢᠭᠡ ᠳᠤ᠂ ᠬᠠᠮᠵᠢᠯᠴᠠᠬᠤ ᠣᠪᠣᠷ ᠢᠶᠠᠨ ᠲᠥᠪ ᠪᠣᠯᠭᠠᠬᠤ ᠬᠡᠷᠡᠭᠲᠡᠶ᠃ ᠣᠷᠴᠢᠨ ᠲᠤᠭᠤᠷᠢᠨ ᠡᠬᠢ ᠪᠠᠶᠠᠯᠢᠭ ᠤᠨ ᠡᠷᠡᠭᠦᠦ ᠶᠢᠨ ᠬᠡᠷᠡᠭ ᠦᠨ ᠬᠠᠷᠢᠶᠠᠯᠠᠯ  ᠨᠢ ᠬᠡᠲᠦᠶᠢᠪᠡᠷ ᠲᠡᠮᠦᠷ ᠵᠠᠮ ᠤᠨ  ᠪᠠᠶᠢᠴᠠᠭᠠᠬᠤ ᠪᠠᠶᠢᠭᠤᠯᠭ᠎ᠠ ᠳᠤ ᠬᠠᠷᠢᠶᠠᠯᠠᠭᠳᠠᠬᠤ ᠪᠣᠯᠪᠠᠴᠤ《  ᠬᠣᠬᠢᠷᠠᠯ》 ᠨᠢ ᠤᠷᠤᠨ ᠨᠣᠲᠤᠭ ᠲᠤ ᠡᠭᠦᠰᠦᠨ᠎ᠡ ᠃ ᠤᠢ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠦᠢᠯᠡ ᠠᠵᠢᠯᠯᠠᠭ᠎ᠠ ᠨᠢ ᠲᠤᠬᠠᠢ ᠶᠢᠨ ᠭᠠᠵᠠᠷ ᠤᠨ ᠤᠢ ᠰᠢᠭᠤᠢ ᠡᠪᠡᠰᠦᠲᠦ ᠭᠠᠵᠠᠷ ᠢ ᠡᠪᠳᠡᠭᠰᠡᠨ ᠶᠠᠪᠤᠳᠠᠯ ᠪᠣᠯᠤᠨ᠎ᠠ᠂ ᠲᠤᠬᠠᠢ ᠶᠢᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠶᠠᠪᠤᠳᠠᠯ ᠪᠣᠯ ᠲᠤᠬᠠᠢ ᠶᠢᠨ ᠭᠠᠵᠠᠷ ᠤᠨ ᠬᠥᠭᠵᠢᠯᠲᠡ ᠶᠢᠨ ᠠᠰᠢᠭ ᠲᠤᠰᠠ ᠪᠣᠯᠤᠨ᠎ᠠ᠂ ᠡᠶᠢᠮᠦ ᠠᠴᠠ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠶᠢᠨ ᠬᠢᠨ  ᠬᠠᠵᠠᠭᠤ ᠠᠴᠠ ᠬᠠᠷᠠᠬᠤ  ᠬᠠᠮᠢᠶ᠎ᠠ ᠦᠭᠡᠢ ᠦᠵᠡᠯᠲᠡ ᠪᠠ ︽ᠲᠤᠰᠠᠯᠠᠬᠤ ᠦᠢᠯᠡᠰ ᠤᠨ ᠤᠨᠤᠯ︾ ᠪᠠ ︽ᠪᠣᠳᠠᠰ ᠢ  ᠦᠵᠡᠭᠡᠳ ᠬᠦᠮᠦᠨ ᠢ ᠨᠢ ᠣᠯᠵᠤ ᠬᠠᠷᠠᠬᠤ  ᠦᠭᠡᠢ︾ᠭᠡᠬᠦ ︽ᠬᠡᠯᠪᠡᠷᠢ ᠶᠢᠨ ᠤᠨᠤᠯ︾ ᠵᠡᠷᠭᠡ ᠪᠤᠷᠤᠭᠤ ᠦᠵᠡᠯᠲᠡ ᠪᠠᠶᠢᠵᠤ ᠶᠠᠭᠠᠬᠢᠭᠰᠠᠨ ᠴᠤ ᠪᠣᠯᠬᠤ ᠦᠭᠡᠢ᠂ ᠣᠷᠴᠢᠨ ᠲᠣᠭᠤᠷᠢᠨ ᠡᠬᠢ ᠪᠠᠶᠠᠯᠢᠭ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢ ᠵᠠᠶᠢᠯᠠᠭᠤᠯᠵᠤ ᠪᠣᠯᠤᠰᠢ ᠦᠭᠡᠢ ᠭᠤᠣᠯ ᠬᠠᠷᠢᠭᠤᠴᠠᠯᠭ᠎ᠠ ᠭᠤᠣᠯ ᠠᠵᠢᠯ ᠪᠣᠯᠭᠠᠵᠤ᠂ ᠲᠤᠰ ᠪᠡᠶ᠎ᠡ ᠶᠢᠨ ᠠᠵᠢᠯ ᠤᠨ ᠠᠶᠠᠨᠳᠠᠭᠠᠨ ᠤ ᠪᠦᠷᠢᠯᠳᠦᠬᠦᠨ ᠬᠡᠰᠡᠭ ᠪᠣᠯᠭᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠲᠡᠮᠦᠷ ᠵᠠᠮ ᠤᠨ  ᠪᠠᠶᠢᠴᠠᠭᠠᠬᠤ ᠪᠠᠶᠢᠭᠤᠯᠭ᠎ᠠ ᠲᠠᠢ ᠬᠠᠮᠲᠤ ᠪᠠᠷ ᠨᠤᠲᠤᠭ ᠤᠰᠤᠨ ᠤ ᠪᠠᠨ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ  ᠬᠠᠥᠯᠢ ᠪᠠᠷ ᠵᠠᠰᠠᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃
     ᠬᠤᠶᠠᠷ ᠲᠤ ᠬᠠᠮᠵᠢᠯᠴᠠᠬᠤ ᠠᠷᠭ᠎ᠠ ᠮᠠᠶ᠋ᠢᠭ ᠲᠤ ᠪᠣᠳᠠᠲᠠᠶ ᠶᠢ ᠡᠷᠬᠢᠮᠯᠡᠬᠦ ᠬᠡᠷᠡᠭᠲᠡᠶ᠃ ᠡᠯ᠎ᠡ ᠭᠠᠵᠠᠷ ᠤᠨ ᠬᠢᠨ  ᠬᠡᠷᠡᠭ  ᠢ ᠬᠠᠮᠲᠤᠪᠠᠷ ᠰᠢᠶᠳᠪᠦᠷᠢᠯᠡᠬᠦ ᠂ ᠬᠦᠴᠦᠨ ᠢᠶᠡᠨ ᠬᠠᠷᠢᠯᠴᠠᠨ ᠨᠥᠬᠥᠪᠥᠷᠢᠯᠡᠬᠦ ᠂ ᠡᠬᠢ ᠪᠠᠶᠠᠯᠢᠭ  ᠢ ᠬᠠᠮᠲᠤᠪᠠᠷ ᠡᠳᠯᠡᠬᠦ ᠵᠠᠷᠴᠢᠮ ᠤᠨ ᠶᠣᠰᠣᠭᠠᠷ ᠂ ᠭᠠᠵᠠᠷ ᠣᠷᠣᠨ ᠤ ᠣᠨᠴᠠᠯᠢᠭ ᠂ ᠠᠵᠢᠯᠲᠠᠨ ᠤ ᠪᠦᠲᠦᠴᠡ ᠂ ᠠᠵᠢᠯ ᠤᠨ ᠳᠠᠳᠬᠠᠯ ᠵᠡᠷᠭᠡ ᠬᠦᠴᠦᠨ ᠵᠦᠢᠯ  ᠢ ᠶᠡᠷᠦᠩᠬᠡᠶᠢᠯᠡᠨ ᠪᠣᠳᠣᠯᠬᠢᠯᠠᠵᠤ ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠂ ᠠᠮᠢᠳᠤᠯᠢᠭ ᠢᠶᠠᠷ ᠲᠤᠰ ᠭᠠᠵᠠᠷ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠬᠠᠮᠵᠢᠯᠴᠠᠬᠤ ᠠᠷᠭ᠎ᠠ ᠮᠠᠶ᠋ᠢᠭ  ᠢ ᠰᠣᠩᠭᠣᠨ ᠬᠡᠷᠡᠭᠯᠡᠵᠦ ᠂ ᠬᠠᠮᠤᠭ ᠤᠨ ᠰᠠᠶᠢᠨ ᠬᠡᠷᠡᠭ ᠰᠢᠶᠳᠪᠦᠷᠢᠯᠡᠬᠦ ᠦᠷ᠎ᠡ ᠪᠦᠲᠦᠮᠵᠢ ᠶᠢ ᠪᠡᠶᠡᠯᠡᠭᠦᠯᠬᠦ ᠬᠡᠷᠡᠭᠲᠡᠶ ᠃ ᠬᠤᠶᠠᠷ ᠵᠦᠢᠯ ᠤᠨ ᠬᠡᠯᠪᠡᠷᠢ ᠪᠠᠷ ᠯᠠᠪᠯᠠᠯᠲᠠ ᠪᠣᠯᠭᠠᠵᠤ ᠪᠣᠯᠬᠤ᠄ ᠨᠢᠭᠡ ᠵᠦᠢᠯ ᠨᠢ ᠣᠷᠳᠣᠰ ᠢᠶᠠᠷ ᠲᠥᠯᠥᠭᠡᠯᠡᠭᠦᠯᠦᠭᠰᠡᠨ ︽ᠣᠨᠳᠣᠣ ᠭᠠᠵᠠᠷ ᠲᠤ ᠬᠠᠮᠲᠤᠷᠠᠨ ᠬᠡᠷᠡᠭ ᠰᠢᠢᠳᠪᠦᠷᠢᠯᠡᠬᠦ ᠳᠤᠭᠤᠶᠢᠯᠠᠩ︾ ᠤᠨ ᠵᠠᠭᠪᠤᠷ᠂ ᠲᠡᠮᠦᠷ ᠵᠠᠮ ᠤᠨ ᠪᠠᠶᠢᠴᠠᠭᠠᠬᠤ ᠬᠤᠷᠢᠶ᠎ᠠ ᠠᠴᠠ ᠲᠣᠮᠢᠯᠠᠭᠰᠠᠨ ᠪᠠᠶᠢᠴᠠᠭᠠᠬᠤ ᠬᠤᠷᠢᠶ᠎ᠠ ᠪᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠣᠷᠣᠨ ᠨᠤᠲᠤᠭ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠪᠠ ᠪᠢᠴᠢᠭᠡᠴᠢ ᠶᠢ ᠰᠣᠩᠭᠤᠨ ᠬᠡᠷᠡᠭ ᠰᠢᠢᠳᠪᠦᠷᠢᠯᠡᠬᠦ ᠳᠤᠭᠤᠶᠢᠯᠠᠩ ᠪᠠᠶᠢᠭᠤᠯᠵᠤ᠂ ᠲᠤᠰ ᠲᠤᠰ ᠤᠨ ᠨᠢᠭᠡᠴᠡ ᠳᠤ ᠠᠯᠪᠠᠯᠠᠬᠤ ᠪᠠᠷ ᠭᠤᠣᠯ ᠪᠣᠯᠭᠠᠵᠤ᠂ ᠴᠢᠬᠤᠯᠠ ᠲᠠᠢ ᠦᠶ᠎ᠡ ᠳᠤ ᠲᠥᠪᠯᠡᠷᠡᠭᠦᠯᠦᠨ ᠬᠡᠷᠡᠭ ᠰᠢᠢᠳᠪᠦᠷᠢᠯᠡᠬᠦ ᠪᠠᠷ ᠬᠠᠪᠰᠤᠷᠤᠮᠵᠢ ᠪᠣᠯᠭᠠᠵᠤ᠂ ᠣᠷᠣᠨ ᠨᠤᠲᠤᠭ ᠲᠤ ᠲᠣᠬᠢᠷᠠᠭᠤᠯᠤᠭᠰᠠᠨ ︽ᠤᠷᠤᠨ ᠨᠤᠲᠤᠭ  ᠤᠨ ᠪᠠᠶᠢᠴᠠᠭᠠᠬᠤ ᠪᠠᠶᠢᠭᠤᠯᠭ᠎ᠠ ᠪᠠ ᠲᠡᠮᠦᠷ ᠵᠠᠮ ᠤᠨ ᠲᠡᠭᠡᠭᠡᠪᠦᠷᠢ ᠵᠢᠨ ᠪᠠᠶᠢᠴᠠᠭᠠᠬᠤ ᠪᠠᠶᠢᠭᠤᠯᠭ᠎ᠠ ᠵᠢᠨ ᠬᠠᠮᠵᠢᠯᠴᠠᠭᠠᠨ ᠤ ᠠᠯᠪᠠᠨ ᠭᠡᠷ︾ ᠨᠢ ᠬᠥᠮᠥᠨ ᠲᠠᠢ ᠂ ᠬᠢᠬᠦ ᠠᠵᠢᠯ ᠲᠠᠢ ᠪᠠᠶᠢᠵᠤ᠂ ᠣᠢ ᠰᠢᠭᠤᠢ ᠡᠪᠡᠰᠦ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠨᠡᠪᠲᠡᠷᠡᠯᠴᠡᠨ ᠬᠠᠷᠢᠯᠴᠠᠬᠤ ᠳᠤ ᠳᠥᠭᠦᠮ ᠪᠣᠯᠭᠠᠨ᠎ᠠ᠃ ᠨᠢᠭᠡ ᠵᠦᠢᠯ ᠨᠢ ᠲᠦᠩᠯᠢᠶᠣᠤ ᠪᠠᠷ ᠲᠥᠯᠥᠭᠡᠯᠡᠭᠦᠯᠦᠭᠰᠡᠨ《 ᠨᠢᠭᠡ ᠭᠠᠵᠠᠷ ᠣᠷᠤᠨ ᠤ ᠬᠠᠮᠲᠤᠷᠠᠨ ᠬᠡᠷᠡᠭ ᠰᠢᠢᠳᠪᠦᠷᠢᠯᠡᠬᠦ ᠳᠤᠭᠤᠶᠢᠯᠠᠩ 》 ᠤᠨ ᠬᠡᠪ ᠵᠠᠭᠪᠤᠷ ᠢ ᠣᠷᠤᠨ ᠨᠤᠲᠤᠭ ᠤᠨ ᠪᠠᠶᠢᠴᠠᠭᠠᠬᠤ ᠬᠣᠷᠢᠶ᠎ᠠ ᠠᠴᠠ ᠰᠢᠭᠤᠳ ᠬᠥᠮᠥᠨ ᠲᠣᠮᠢᠯᠠᠵᠤ ᠲᠡᠮᠦᠷ ᠵᠠᠮ ᠤᠨ ᠪᠠᠶᠢᠴᠠᠭᠠᠬᠤ ᠬᠣᠷᠢᠶ᠎ᠠ ᠳᠤ ᠲᠣᠮᠢᠯᠠᠨ ᠠᠵᠢᠯᠯᠠᠭᠤᠯᠵᠤ ᠂ ᠳᠤᠭᠤᠶᠢᠯᠠᠩ ᠬᠠᠮᠲᠤᠷᠠᠭᠰᠠᠨ ᠬᠡᠷᠡᠭ ᠰᠢᠢᠳᠪᠦᠷᠢᠯᠡᠬᠦ ᠳᠦ ᠣᠷᠤᠯᠴᠠᠭᠤᠯᠤᠨ᠎ᠠ ᠃ ᠬᠠᠷ᠎ᠠ  ᠴᠠᠭᠠᠨ ᠮᠤᠤᠷ ᠭᠡᠰᠡᠨ ᠦᠭᠡᠢ᠂  ᠬᠤᠯᠤᠭᠠᠨ᠎ᠠ ᠪᠠᠷᠢᠵᠤ  ᠴᠢᠳᠠᠳᠠᠭ ᠯᠡ ᠶᠤᠮ  ᠪᠣᠯ  ᠰᠠᠶᠢᠨ  ᠮᠤᠤᠷ︕ ᠬᠠᠮᠵᠢᠯᠴᠠᠬᠤ ᠵᠠᠭᠪᠤᠷ ᠢ  ᠳᠡᠭᠡᠷᠡᠬᠢ ᠬᠤᠶᠠᠷ ᠵᠦᠶᠯ ᠢᠶᠠᠷ ᠬᠢᠵᠠᠭᠠᠷᠯᠠᠬᠤ ᠥᠬᠡᠶ ᠪᠥᠭᠡᠳ ᠨᠢᠭᠡᠳᠦᠯᠲᠡᠶ ᠱᠠᠭᠠᠷᠳᠠᠯᠭ᠎ᠠ ᠲᠠᠯᠪᠢᠬᠤ ᠥᠬᠡᠶ᠂ ᠪᠣᠳᠠᠲᠠᠶ ᠶᠢ ᠡᠷᠬᠢᠮᠯᠡᠨ ᠲᠤᠰᠠᠲᠠᠶ ᠪᠠᠶᠢᠬᠤ ᠶᠢ ᠴᠢᠬᠤᠯᠠᠴᠢᠯᠠᠨ᠎ᠠ᠃ ᠡᠯ᠎ᠡ ᠭᠠᠵᠠᠷ ᠤᠨ ᠪᠡᠶ᠎ᠡ ᠪᠡᠨ ᠳᠠᠭᠠᠭᠠᠵᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ ᠂ ᠤᠷᠤᠨ ᠨᠤᠲᠤᠭ ᠂ ᠲᠡᠮᠦᠷ ᠵᠠᠮ ᠤᠨ ᠬᠣᠶᠠᠷ ᠲᠠᠯ᠎ᠠ ᠶᠢᠨ ᠨᠢᠭᠲᠠ ᠬᠠᠮᠵᠢᠯᠴᠠᠨ ᠂ ᠠᠵᠢᠯ ᠢᠶᠠᠨ ᠬᠤᠪᠢᠳᠠᠨ ᠬᠠᠮᠵᠢᠯᠴᠠᠬᠤ ᠶᠢ ᠠᠬᠢᠭᠤᠯᠵᠤ ᠂《 ᠡᠮᠦᠨ᠎ᠡ ᠬᠣᠶᠢᠨᠠᠬᠢ ᠬᠡᠰᠡᠭ 》 ᠢ ᠰᠠᠶᠢᠲᠤᠷ ᠠᠳᠬᠤᠵᠤ ᠂《 ᠭᠣᠤᠯ  ᠳᠦᠷᠢ  ᠬᠠᠵᠠᠭᠤ ᠳᠦᠷᠢ ᠶᠢ ᠰᠠᠶᠢᠲᠤᠷ ᠲᠤᠭᠯᠠᠵᠤ︾᠂《 ᠡᠯᠭᠦᠭᠡ ᠬᠥᠭᠵᠢᠮ 》 ᠢ ᠰᠠᠶᠢᠲᠤᠷ ᠬᠥᠭᠵᠢᠮᠳᠡᠨ᠎ᠡ ᠃
    ᠭᠤᠷᠪᠠ ᠳᠤ ᠬᠠᠮᠵᠢᠯᠴᠠᠬᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠲᠡᠮᠦᠷ ᠵᠠᠮ ᠤᠨ ᠪᠠᠶᠢᠴᠠᠭᠠᠬᠤ ᠬᠤᠷᠢᠶ᠎ᠠ ᠠᠴᠠ ᠰᠣᠩᠭᠤᠨ ᠲᠣᠮᠢᠯᠠᠭᠰᠠᠨ ᠪᠠᠶᠢᠴᠠᠭᠠᠬᠤ ᠲᠤᠰᠢᠶᠠᠯᠲᠠᠨ ᠢ ᠬᠡᠷᠡᠭ ᠰᠢᠢᠳᠪᠦᠷᠢᠯᠡᠬᠦ ᠳᠤᠭᠤᠶᠢᠯᠠᠩ ᠤᠨ ᠳᠠᠷᠤᠭ᠎ᠠ ᠪᠣᠯᠭᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠡᠬᠢᠯᠡᠬᠦ ᠠᠴᠠ ᠪᠠᠨ ᠠᠪᠤᠭᠠᠳ ᠳᠠᠷᠤᠢ ᠬᠡᠷᠡᠭ ᠤᠨ ᠴᠢᠨᠠᠷ ᠢ ᠲᠣᠭᠲᠠᠭᠠᠬᠤ᠂ ᠠᠰᠠᠭᠤᠳᠠᠯ ᠤᠨ ᠵᠠᠩᠭᠢᠯᠠᠭ᠎ᠠ᠂ ᠵᠠᠩᠭᠢᠯᠠᠭ᠎ᠠ ᠶᠢᠨ ᠪᠣᠳᠠᠲᠤ ᠶᠠᠪᠤᠳᠠᠯ᠂ ᠭᠤᠣᠯ ᠭᠡᠷᠡᠴᠢ ᠪᠠᠷᠢᠮᠲᠠ ᠶᠢ ᠪᠦᠬᠦ ᠲᠠᠯ᠎ᠠ ᠪᠠᠷ ᠡᠵᠡᠮᠳᠡᠵᠦ᠂ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠬᠡᠷᠡᠭ ᠢ ᠴᠠᠭ ᠢᠮᠠᠭᠲᠠ ᠮᠥᠷᠳᠡᠨ ᠳᠠᠭᠠᠵᠤ᠂ ᠶᠠᠭᠠᠬᠢᠭᠰᠠᠨ ᠴᠤ ︽ᠬᠠᠷᠢᠭᠤᠴᠠᠯᠭ᠎ᠠ ᠦᠭᠡᠢ ᠵᠠᠩᠭᠤᠶᠢᠳᠠ︾ ᠪᠣᠯᠭᠠᠵᠤ ᠪᠣᠯᠬᠤ ᠦᠭᠡᠢ᠃ ᠠᠵᠢᠯ ᠢ ᠬᠠᠮᠵᠢᠨ ᠬᠢᠵᠦ ᠪᠠᠶᠢᠭ᠎ᠠ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠪᠠ ᠪᠢᠴᠢᠭᠡᠴᠢ ᠨᠢ ᠳᠤᠭᠤᠶᠢᠯᠠᠩ ᠤᠨ ᠳᠠᠷᠤᠭ᠎ᠠ ᠶᠢᠨ ᠲᠣᠬᠢᠷᠠᠭᠤᠯᠤᠯᠲᠠ ᠶᠢ ᠳᠠᠭᠠᠵᠤ᠂ ᠪᠥᠬᠦ ᠬᠦᠴᠦᠨ ᠢᠶᠠᠷ ᠢᠶᠠᠨ ᠬᠡᠷᠡᠭ ᠰᠢᠢᠳᠪᠦᠷᠢᠯᠡᠬᠦ ᠳᠤ ᠣᠷᠣᠯᠴᠠᠵᠤ᠂ ᠭᠡᠷᠡᠴᠢ ᠠᠪᠬᠤ ᠴᠢᠬᠤᠯᠠᠲᠠᠶ  ᠪᠣᠯ ᠭᠡᠷᠡᠴᠢ  ᠠᠪᠴᠤ᠂ ᠪᠠᠶᠢᠴᠠᠭᠠᠬᠤ ᠶᠣᠰᠣᠲᠠᠶ  ᠳᠤ ᠪᠠᠶᠢᠴᠠᠭᠠᠯᠲᠠ ᠬᠢᠵᠦ᠂ ᠬᠡᠷᠡᠭ ᠰᠢᠶᠳᠪᠦᠷᠢᠯᠡᠬᠦ ᠳᠤᠭᠤᠶᠢᠯᠠᠩ ᠢ  ᠥᠨᠳᠥᠷ ᠪᠦᠲᠦᠮᠵᠢᠲᠡᠶ᠂ ᠵᠢᠷᠤᠮᠵᠢᠭᠰᠠᠨ ᠠᠵᠢᠯᠯᠠᠭᠠᠨ ᠤ ᠪᠠᠲᠤ ᠴᠢᠩᠭ᠎ᠠ ᠪᠦᠯᠬᠦᠮ ᠪᠣᠯᠭᠠᠬᠤ ᠬᠡᠷᠡᠭᠲᠡᠶ᠃ ᠣᠷᠣᠨ ᠨᠤᠲᠤᠭ ᠤᠨ ᠪᠠᠶᠢᠴᠠᠭᠠᠬᠤ ᠬᠣᠷᠢᠶ᠎ᠠ ᠨᠢ ᠲᠣᠮᠢᠯᠠᠭᠰᠠᠨ ᠬᠡᠷᠡᠭ ᠰᠢᠢᠳᠪᠦᠷᠢᠯᠡᠬᠦ ᠲᠤᠰᠠᠯᠠᠭᠴᠢ ᠬᠥᠮᠥᠰ ᠳᠡᠭᠡᠨ ᠨᠢᠭᠡ ᠯᠡ ᠠᠳᠠᠯᠢ ᠬᠠᠨᠳᠤᠬᠤ ᠬᠡᠷᠡᠭᠲᠡᠢ ᠂ ᠲᠡᠮᠦᠷ ᠵᠠᠮ ᠤᠨ ᠲᠡᠭᠡᠭᠡᠪᠦᠷᠢ ᠵᠢᠨ ᠪᠠᠶᠢᠴᠠᠭᠠᠬᠤ ᠪᠠᠶᠢᠭᠤᠯᠭ᠎ᠠᠠᠵᠢᠯ ᠳᠤ ᠬᠠᠪᠰᠤᠷᠤᠭᠰᠠᠨ ᠠᠴᠠ ᠪᠣᠯᠵᠤ ᠬᠢᠨᠠᠨ ᠰᠢᠯᠭᠠᠬᠤ ᠲᠠᠯ᠎ᠠ ᠪᠠᠷ ᠢᠯᠭᠠᠭ᠎ᠠ ᠲᠠᠢ ᠬᠠᠨᠳᠤᠵᠤ ᠪᠣᠯᠬᠤ ᠦᠭᠡᠢ ᠃
    ᠲᠦᠷᠪᠡ ᠳᠤ᠂ ᠬᠠᠮᠵᠢᠯᠴᠠᠨ ᠠᠵᠢᠯᠯᠠᠬᠤ ᠳᠤ ᠲᠦᠷᠭᠡᠨ ᠪᠠᠶᠢᠬᠤ ᠬᠡᠷᠡᠭᠲᠡᠢ᠃ ᠣᠢ ᠰᠢᠭᠤᠶ ᠪᠠ ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠶᠢᠨ ᠨᠡᠮᠡᠭᠳᠡᠯ ᠢ ᠬᠡᠳᠦ᠋ᠢᠪᠡᠷ ᠪᠦᠲᠦᠮᠵᠢᠲᠡᠶ ᠬᠤᠷᠢᠭᠯᠠᠨ ᠵᠣᠭᠰᠣᠭᠠᠭᠰᠠᠨ ᠪᠣᠯᠪᠠᠴᠤ ᠦᠯᠡᠳᠡᠭᠳᠡᠯ  ᠨᠢ ᠪᠠᠰᠠ ᠪᠠᠭ᠎ᠠ ᠪᠤᠰᠤ᠂  ᠠᠷᠪᠢᠨ ᠬᠡᠷᠡᠭ ᠢ  ᠪᠠᠶᠢᠴᠠᠭᠠᠬᠤ ᠭᠤᠭᠴᠤᠭ᠎ᠠ ᠳᠤ ᠨᠢᠭᠡᠨᠲᠡ ᠤᠷᠤᠭᠤᠯᠤᠭᠰᠠᠨ  ᠪᠤᠶᠤ ᠣᠷᠣᠭᠤᠯᠬᠤ ᠭᠡᠵᠦ ᠪᠠᠶᠢᠨ᠎ᠠ᠃ ᠠᠵᠢᠯ ᠬᠥᠮᠦᠨ ᠢ ᠬᠦᠯᠢᠶᠡᠬᠦ ᠦᠭᠡᠢ ᠂ ᠴᠠᠭ ᠪᠠᠴᠢᠮ ᠲᠤᠯᠭᠠᠮ᠎ᠠ ᠪᠠᠢ᠌ᠨ᠎ᠠ ᠃ ᠡᠯ᠎ᠡ ᠭᠠᠵᠠᠷ ᠤᠨ ᠬᠢᠨ ᠲᠡᠷᠡ ᠳᠠᠷᠤᠢ  ᠲᠦᠷᠭᠡᠨ ᠬᠥᠳᠡᠯᠦᠯᠴᠡᠵᠦ᠂ ᠡᠳᠦᠷ ᠰᠥᠨᠢ ᠦᠭᠡᠢ ᠠᠵᠢᠯᠯᠠᠵᠤ᠂ ᠦᠵᠡᠯ ᠰᠠᠨᠠᠭ᠎ᠠ ᠪᠠᠨ ᠪᠣᠳᠠᠲᠠᠶᠢᠵᠢᠭᠤᠯᠵᠤ᠂ ᠬᠦᠴᠦᠨ ᠢᠶᠠᠨ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠪᠣᠭᠤᠮᠲᠠ ᠰᠢᠪᠲᠤᠯᠵᠤ ᠴᠠᠶᠢᠵᠠ ᠶᠢ ᠡᠪᠳᠡᠬᠦ ᠡᠷᠴᠢᠮ ᠢᠶᠠᠷ ᠤᠢ ᠰᠢᠭᠤᠢ ᠡᠪᠡᠰᠦ ᠪᠡᠯᠴᠢᠭᠡᠷ ᠢ ᠡᠪᠳᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠡᠨᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃
     

 

      ᠬᠤᠷᠠᠯ ᠠᠴᠠ ᠡᠮᠦᠨ᠎ᠡ᠂ ᠯᠢ ᠶᠦᠩ ᠵᠢᠶᠦ᠋ᠨ ᠰᠢᠭᠤᠳ ᠦᠨᠳᠦᠰᠦᠨ ᠱᠠᠲᠤᠨ ᠳᠤ ᠬᠦᠷᠴᠦ᠂ ᠲᠤᠬᠠᠶ ᠶᠢᠨ ᠲᠠᠯᠠᠪᠤᠷ ᠲᠤ ᠰᠢᠭᠤᠳ ᠣᠴᠢᠬᠤ ᠠᠷᠭ᠎ᠠ ᠬᠡᠯᠪᠡᠷᠢ  ᠪᠠᠷ ᠤᠷᠢᠳ ᠬᠤᠵᠢᠳ ᠣᠷᠳᠣᠰ ᠬᠤᠲᠠ ᠶᠢᠨ 7 ᠬᠤᠰᠢᠭᠤ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠵᠤ᠂ ᠲᠠᠷᠢᠶᠠᠨ ᠭᠠᠵᠠᠷ᠂ ᠡᠯᠡᠰᠦᠨ ᠬᠥᠲᠥᠯ ᠤᠨ ᠡᠪᠡᠰᠦᠲᠦ ᠭᠠᠵᠠᠷ ᠲᠤ ᠭᠦᠨᠵᠡᠭᠡᠶᠢᠷᠡᠨ᠂ ᠣᠶ ᠰᠢᠭᠤᠶ ᠡᠪᠡᠰᠦ ᠪᠡᠯᠴᠢᠭᠡᠷ ᠤᠨ ᠡᠪᠳᠡᠯᠡᠭᠡ ᠵᠢᠴᠢ ᠴᠡᠭᠴᠡᠯᠡᠨ ᠵᠠᠰᠠᠵᠤ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠦᠵᠡᠵᠦ᠂ ᠣᠷᠣᠨ ᠨᠤᠲᠤᠭ ᠤᠨ ᠤᠳᠤᠷᠢᠳᠬᠤ ᠺᠠᠳ᠋ᠷ᠂ ᠨᠢᠭᠡᠳᠦᠭᠡᠷ ᠹᠷᠣᠨᠲ ᠤᠨ ᠠᠵᠢᠯᠲᠠᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠶᠡᠭᠡ ᠬᠡᠮᠵᠢᠶᠡᠨ ᠤ ᠮᠠᠲ᠋ᠧᠷᠢᠶᠠᠯ ᠢ ᠡᠵᠡᠮᠰᠢᠵᠦ᠂ ᠪᠠᠶᠢᠴᠠᠭᠠᠬᠤ ᠪᠠᠶᠢᠭᠤᠯᠭ᠎ᠠ ᠶᠢᠨ ᠣᠶ ᠰᠢᠭᠤᠶ ᠡᠪᠡᠰᠦ ᠪᠡᠯᠴᠢᠭᠡᠷ ᠢ ᠰᠦᠢᠳᠭᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠬᠤ ᠳᠤ ᠠᠷᠭ᠎ᠠ ᠵᠠᠮ ᠡᠷᠢᠵᠦ ᠥᠭᠴᠡᠶ᠃

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro