ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠦᠬᠡᠬᠣᠲᠠ ᠶᠢᠨ ᠪᠠᠶᠢᠴᠠᠭᠠᠬᠤ ᠬᠤᠷᠢᠶ᠎ᠠ ᠭᠠᠳᠠᠭᠠᠳᠦ ᠲᠠᠢ ᠬᠣᠯᠪᠤᠭᠳᠠᠭᠰᠠᠨ ᠬᠠᠤᠯᠢ ᠪᠠᠷ ᠵᠠᠰᠠᠬᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠠᠶᠢᠴᠠᠭᠠᠬᠤ ᠲᠤᠰᠬᠠᠢ ᠮᠡᠷᠭᠡᠵᠢᠯ ᠢᠶᠡᠷ ᠮᠣᠩᠭᠣᠯ ᠤᠯᠤᠰ ᠤᠨ ᠬᠠᠤᠯᠢ ᠶᠢᠨ ᠲᠤᠰᠢᠶᠠᠯᠲᠠᠨ ᠤ ᠰᠣᠳᠤᠯᠤᠨ ᠰᠤᠷᠤᠯᠴᠠᠬᠤ ᠠᠩᠭᠢᠯᠠᠯ ᠬᠠᠤᠯᠢ ᠴᠠᠭᠠᠵᠠ ᠶᠢᠨ ᠰᠣᠯᠢᠯᠴᠠᠭᠠᠨ ᠤ ᠠᠵᠢᠯᠯᠠᠭ᠎ᠠ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠪᠠ

2025-05-29 10:24:39
ᠵᠣᠬᠢᠶᠠᠭᠴᠢ
ᠵᠢᠶᠣᠣ ᠵᠢᠶᠣᠣ

    ᠣᠢᠷ᠎ᠠ ᠶᠢᠨ ᠡᠳᠦᠷ᠂ ᠤᠯᠤᠰ ᠤᠨ ᠬᠠᠤᠯᠢ ᠶᠢᠨ  ᠲᠤᠰᠢᠶᠠᠯᠲᠠᠨ ᠤ ᠳᠡᠭᠡᠳᠦ ᠰᠤᠷᠭᠠᠭᠤᠯᠢ ᠭᠤᠣᠯᠯᠠᠨ ᠡᠷᠬᠢᠯᠡᠵᠦ᠂ ᠤᠯᠤᠰ ᠤᠨ ᠬᠠᠤᠯᠢ ᠶᠢᠨ ᠲᠤᠰᠢᠶᠠᠯᠲᠠᠨ ᠤ ᠳᠡᠭᠡᠳᠦ ᠰᠤᠷᠭᠠᠭᠤᠯᠢ ᠶᠢᠨ ᠥᠪᠥᠷ ᠮᠣᠩᠭᠤᠯ ᠤᠨ ᠬᠤᠪᠢᠶᠠᠷᠢ ᠳᠡᠭᠡᠳᠦ ᠰᠤᠷᠭᠠᠭᠤᠯᠢ ᠳᠠᠭᠠᠭᠠᠨ ᠡᠷᠬᠢᠯᠡᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠮᠣᠩᠭᠤᠯ ᠤᠯᠤᠰ ᠤᠨ ᠬᠠᠤᠯᠢ ᠶᠢᠨ ᠲᠤᠰᠢᠶᠠᠯᠲᠠᠨ ᠤ ᠰᠤᠳᠤᠯᠤᠨ ᠰᠤᠷᠤᠯᠴᠠᠬᠤ ᠠᠩᠭᠢ ᠬᠥᠬᠡᠬᠤᠲᠠ ᠳᠤ ᠬᠦᠷᠴᠦ ᠬᠠᠤᠯᠢ ᠴᠠᠭᠠᠵᠠ ᠶᠢᠨ ᠦᠢᠯᠡᠳᠦᠯᠭᠡ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠬᠥᠬᠡᠬᠤᠲᠠ ᠶᠢᠨ ᠪᠠᠢᠴᠠᠭᠠᠬᠤ ᠬᠤᠷᠢᠶ᠎ᠠ ᠬᠤᠣᠰ ᠬᠡᠯᠡᠨ ᠤ ᠪᠠᠢᠴᠠᠭᠠᠬᠤ ᠪᠦᠯᠬᠦᠮ ᠲᠣᠮᠢᠯᠠᠵᠤ ᠪᠦᠬᠦ ᠶᠠᠪᠤᠴᠠ  ᠳᠤ ᠬᠠᠮᠵᠢᠯᠴᠠᠵᠤ᠂ ᠮᠡᠬᠡᠯᠡᠭᠰᠡᠨ ᠬᠡᠷᠡᠭ ᠢᠶᠠᠷ ᠬᠥᠬᠡ ᠳᠡᠪᠲᠡᠷ ᠪᠣᠯᠭᠠᠭᠰᠠᠨ ᠮᠣᠩᠭᠤᠯ ᠬᠡᠯᠡᠨ ᠤ ᠳᠠᠭᠤᠷᠢᠶᠠᠮᠠᠯ ᠰᠢᠭᠦᠭᠦ ᠲᠢᠩᠬᠢᠮ ᠤᠨ ᠪᠦᠬᠦ ᠶᠠᠪᠤᠴᠠ ᠶᠢ ᠪᠠᠲᠤᠯᠠᠬᠤ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ ᠰᠣᠯᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠭᠠᠬᠤ ᠳᠤ ᠰᠠᠭᠤᠷᠢ ᠲᠠᠯᠪᠢᠪᠠ᠃
    ᠳᠠᠭᠤᠷᠢᠶᠠᠮᠠᠯ ᠲᠢᠩᠬᠢᠮ ᠤᠨ ᠰᠢᠭᠦᠯᠲᠡ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠪᠠᠢᠴᠠᠭᠠᠬᠤ ᠬᠤᠷᠢᠶ᠎ᠠ ᠨᠢ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠭᠦ ᠬᠤᠷᠢᠶ᠎ᠠ ᠲᠠᠢ ᠬᠤᠶᠠᠷ ᠰᠠᠷ᠎ᠠ ᠤᠷᠢᠳᠴᠢᠯᠠᠨ ᠬᠤᠣᠰ ᠬᠡᠯᠡᠨ ᠤ ᠰᠢᠭᠦᠨ ᠲᠠᠰᠤᠯᠬᠤ ᠠᠵᠢᠯᠲᠠᠨ᠂ ᠪᠠᠢᠴᠠᠭᠠᠬᠤ ᠠᠵᠢᠯᠲᠠᠨ ᠪᠠ ᠬᠠᠤᠯᠢᠴᠢ ᠪᠠᠷ ᠪᠦᠷᠢᠯᠳᠦᠭᠰᠡᠨ  ᠲᠤᠰᠬᠠᠢ ᠮᠡᠷᠭᠡᠵᠢᠯ ᠤᠨ ᠪᠦᠯᠬᠦᠮ ᠢ ᠵᠣᠬᠢᠶᠠᠨ ᠪᠠᠢᠭᠤᠯᠵᠤ᠂ ᠬᠡᠷᠡᠭ ᠤᠨ ᠵᠢᠱᠢᠶ᠎ᠡ ᠶᠢ ᠰᠣᠩᠭᠤᠬᠤ ᠲᠠᠯ᠎ᠠ ᠪᠠᠷ ᠮᠣᠩᠭᠤᠯ ᠤᠯᠤᠰ ᠤᠨ ᠬᠠᠤᠯᠢ ᠴᠠᠭᠠᠵᠠ ᠶᠢᠨ ᠲᠤᠰᠢᠶᠠᠯᠲᠠᠨ ᠨᠡᠯᠢᠶᠡᠳ ᠠᠩᠬᠠᠷᠴᠤ ᠪᠠᠢᠭ᠎ᠠ ᠪᠥᠭᠡᠳ ᠨᠡᠢᠲᠡᠯᠢᠭ ᠠᠴᠢ ᠬᠤᠯᠪᠣᠭᠳᠠᠯ ᠲᠠᠢ ᠮᠡᠬᠡᠯᠡᠯ ᠤᠨ ᠬᠡᠷᠡᠭ ᠢ ᠰᠣᠩᠭᠤᠵᠤ᠂ ︽ᠵᠠᠭᠠᠯᠳᠤᠬᠤ ᠪᠢᠴᠢᠭ︾᠂ ︽ᠡᠷᠡᠭᠦᠦ ᠰᠢᠢᠳᠭᠡᠯ ᠣᠨᠣᠭᠳᠠᠭᠤᠯᠬᠤ ᠰᠠᠨᠠᠭᠤᠯᠭ᠎ᠠ ᠶᠢᠨ ᠪᠢᠴᠢᠭ︾ ᠵᠡᠷᠭᠡ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠬᠠᠷᠢᠴᠠᠭᠤᠯᠤᠨ  ᠣᠷᠴᠢᠭᠤᠯᠬᠤ  ᠶᠢ ᠤᠷᠢᠳᠴᠢᠯᠠᠨ ᠪᠡᠶᠡᠯᠡᠭᠦᠯᠵᠦ᠂ ᠣᠯᠠᠨ ᠤᠳᠠᠭ᠎ᠠ ᠳᠠᠭᠤᠷᠢᠶᠠᠮᠠᠯ ᠤᠷᠢᠳᠴᠢᠯᠠᠨ ᠲᠣᠭᠯᠠᠭᠴᠢ ᠶᠢ ᠵᠣᠬᠢᠶᠠᠨ ᠪᠠᠢᠭᠤᠯᠵᠤ᠂ ᠬᠤᠣᠰ ᠬᠡᠯᠡᠨ ᠤ ᠣᠷᠴᠢᠭᠤᠯᠭ᠎ᠠ ᠶᠢᠨ ᠣᠨᠣᠪᠴᠢ ᠶᠢᠨ ᠨᠠᠷᠢᠯᠢᠭ ᠪᠠᠢᠳᠠᠯ ᠢ ᠰᠢᠯᠢᠳᠡᠭᠵᠢᠭᠦᠯᠵᠦ᠂ ᠵᠢᠷᠤᠮ ᠢ ᠵᠣᠯᠭᠠᠭᠤᠯᠬᠤ ᠨᠠᠷᠢᠨ ᠵᠦᠢᠯᠡᠰ ᠢ ᠲᠡᠭᠦᠯᠳᠡᠷᠵᠢᠭᠦᠯᠦᠨ᠎ᠡ᠃
    ᠳᠠᠭᠤᠷᠢᠶᠠᠮᠠᠯ ᠲᠢᠩᠬᠢᠮ ᠤᠨ ᠰᠢᠭᠦᠯᠲᠡ ᠶᠢᠨ ᠪᠥᠬᠦ ᠶᠠᠪᠤᠴᠠ ᠶᠢ ᠮᠣᠩᠭᠤᠯ ᠬᠡᠯᠡ ᠪᠠᠷ ᠪᠡᠶᠡᠯᠡᠭᠦᠯᠵᠦ᠂ ᠰᠢᠭᠦᠬᠦ ᠲᠢᠩᠬᠢᠮ ᠤᠨ ᠪᠠᠶᠢᠴᠠᠭᠠᠯᠲᠠ᠂ ᠭᠡᠷᠡᠴᠢ ᠭᠠᠷᠭᠠᠵᠤ ᠭᠡᠷᠡᠴᠢ ᠠᠪᠬᠤ᠂ ᠠᠯᠪᠠᠨ ᠵᠠᠭᠠᠯᠳᠤᠯᠭ᠎ᠠ ᠶᠢᠨ ᠰᠠᠨᠠᠯ ᠢ ᠨᠡᠶᠢᠲᠡᠯᠡᠬᠦ ᠵᠡᠷᠭᠡ ᠤᠯᠠᠨ ᠭᠤᠭᠴᠤᠭ᠎ᠠ ᠶᠢ ᠬᠠᠮᠤᠷᠪᠠ᠃ ᠲᠢᠩᠬᠢᠮ ᠤᠨ ᠰᠢᠬᠦᠯᠳᠡ ᠶᠢᠨ ᠶᠠᠪᠤᠴᠠ ᠳᠤ ︽ᠡᠷᠡᠭᠦᠦ ᠶᠢᠨ ᠬᠠᠤᠯᠢ︾ ᠶᠢᠨ 266  ᠳ᠋ᠤᠭᠠᠷ ᠵᠦᠢᠯ ᠵᠢᠴᠢ ︽ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠷᠠᠳ ᠤᠨ  ᠬᠣᠭᠣᠷᠣᠨᠳᠣᠬᠢ ᠵᠢᠭᠡᠯᠡᠯᠭᠡ ᠶᠢᠨ ᠬᠡᠷᠡᠭ ᠢ ᠰᠢᠭᠦᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠲᠣᠭᠲᠠᠭᠠᠯ︾ ᠤᠨ ᠬᠡᠷᠡᠭᠯᠡᠯᠲᠡ ᠶᠢ ᠲᠥᠪᠯᠡᠷᠡᠭᠦᠯᠦᠨ᠂ ᠭᠡᠷᠡᠴᠢ ᠳᠤᠷᠠᠳᠴᠤ ᠭᠡᠷᠡᠴᠢ ᠳᠤᠷᠠᠳᠬᠤ ᠱᠠᠲᠤᠨ ᠤ ᠠᠯᠪᠠᠨ ᠵᠠᠭᠠᠯᠳᠤᠭᠴᠢ ᠶᠢᠨ ᠬᠤᠳᠠᠯ ᠬᠠᠭᠤᠷᠮᠠᠭ ᠬᠢᠭᠰᠡᠨ ᠲᠡᠮᠳᠡᠭᠯᠡᠯ᠂ ᠭᠡᠷᠡᠴᠢᠯᠡᠭᠴᠢ ᠶᠢᠨ ᠭᠡᠷᠡᠴᠢ ᠦᠭᠡ ᠵᠢᠴᠢ ᠵᠠᠭᠠᠯᠳᠤᠭᠳᠠᠭᠴᠢ ᠶᠢᠨ ᠡᠳ᠋ ᠬᠥᠷᠥᠩᠭᠡ ᠶᠢᠨ ᠪᠠᠶᠢᠳᠠᠯ ᠤᠨ ᠬᠢᠨᠠᠨ ᠪᠤᠳᠤᠯᠳᠠ ᠶᠢᠨ ᠮᠡᠳᠡᠭᠦᠯᠦᠯᠲᠡ ᠵᠡᠷᠭᠡ ᠶᠢ ᠭᠤᠣᠯᠳᠠᠯᠭ᠎ᠠ ᠲᠠᠢ ᠪᠠᠷ ᠳᠡᠯᠭᠡᠨ ᠦᠵᠡᠭᠦᠯᠵᠦ᠂ ᠰᠢᠭᠦᠬᠦ ᠲᠢᠩᠬᠢᠮ ᠤᠨ ᠮᠠᠷᠭᠤᠯᠳᠤᠭᠠᠨ ᠤ ᠱᠠᠲᠤᠨ ᠳᠤ ᠴᠢᠭᠯᠡᠭᠦᠯᠵᠦ᠂ ᠦᠮᠦᠭᠯᠡᠬᠦ ᠲᠠᠯ᠎ᠠ ᠶᠢᠨ ᠳᠤᠷᠠᠳᠤᠭᠰᠠᠨ ᠵᠠᠭᠠᠯᠳᠤᠭᠳᠠᠭᠴᠢ ᠶᠢᠨ ᠪᠡᠶᠡᠴᠢ ᠲᠠᠯ᠎ᠠ ᠶᠢᠨ ᠮᠡᠬᠡᠯᠡᠯ ᠤᠨ ᠵᠣᠷᠢᠭᠤᠳᠠ ᠥᠮᠥᠭᠯᠡᠬᠦ ᠰᠠᠨᠠᠯ ᠪᠠᠶᠢᠬᠤ ᠦᠭᠡᠢ᠂ ᠠᠯᠪᠠᠨ ᠵᠠᠭᠠᠯᠳᠤᠭᠴᠢ ᠵᠠᠭᠠᠯᠳᠤᠭᠳᠠᠭᠴᠢ ᠶᠢᠨ ᠵᠣᠭᠤᠰ ᠵᠢᠭᠡᠯᠡᠬᠦ ᠦᠶ᠎ᠡ ᠶᠢᠨ ᠠᠵᠤ ᠠᠬᠤᠢ ᠶᠢᠨ ᠪᠠᠶᠢᠳᠠᠯ᠂ ᠵᠣᠭᠤᠰ ᠵᠢᠭᠡᠯᠡᠬᠦ ᠶᠢ ᠬᠠᠤᠯᠢ ᠪᠤᠰᠤ ᠵᠣᠷᠢᠯᠭ᠎ᠠ ᠳᠤ ᠬᠡᠷᠡᠭᠯᠡᠬᠦ᠂ ᠬᠤᠳᠠᠯ ᠢᠶᠠᠷ ᠣᠷᠣᠯᠠᠭᠴᠢ ᠶᠢᠨ ᠥᠷᠢᠲᠦᠭᠰᠡᠨ ᠵᠣᠭᠤᠰ ᠢ ᠪᠤᠴᠠᠭᠠᠬᠤ ᠶᠠᠷᠢᠯᠴᠠᠭᠠᠨ ᠤ ᠲᠡᠮᠳᠡᠭᠯᠡᠯ ᠵᠡᠷᠭᠡ ᠲᠠᠯ᠎ᠠ ᠠᠴᠠ ᠭᠠᠷᠳᠠᠵᠤ᠂ ᠮᠡᠬᠡᠯᠡᠯ ᠤᠨ ᠶᠠᠯ᠎ᠠ ᠶᠢᠨ ᠬᠠᠤᠯᠢ ᠴᠠᠭᠠᠵᠠ ᠶᠢᠨ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠨᠠᠷᠢᠨ ᠲᠣᠳᠣᠷᠬᠠᠶ ᠥᠭᠦᠯᠡᠪᠡ᠃ ᠳᠠᠭᠤᠷᠢᠶᠠᠮᠠᠯ ᠲᠢᠩᠬᠢᠮ ᠤᠨ ᠰᠢᠭᠦᠯᠲᠡ ᠶᠢᠨ  ᠠᠮᠢᠳᠤ ᠳᠦᠷᠰᠦᠯᠢᠭ᠂ ᠬᠠᠤᠯᠢ ᠴᠠᠭᠠᠵᠠ ᠶᠢᠨ ᠨᠡᠷ᠎ᠡ ᠲᠣᠮᠢᠶ᠎ᠠ ᠶᠢᠨ ᠥᠭᠦᠯᠡᠯ ᠨᠢ ᠣᠨᠣᠪᠴᠢᠲᠠᠶ ᠪᠥᠭᠡᠳ  ᠣᠨᠣᠴᠠᠲᠠᠢ ᠪᠠᠶᠢᠵᠤ᠂ ᠲᠢᠩᠬᠢᠮ ᠤᠨ ᠰᠢᠭᠦᠯᠲᠡ ᠶᠢᠨ ᠶᠠᠪᠤᠴᠠ ᠨᠢ ᠡᠮᠬᠢ ᠵᠢᠷᠤᠮ ᠲᠠᠢ᠂ ᠮᠣᠩᠭᠤᠯ ᠤᠯᠤᠰ ᠤᠨ ᠬᠠᠤᠯᠢ ᠴᠠᠭᠠᠵᠠ ᠶᠢᠨ ᠲᠤᠰᠢᠶᠠᠯᠲᠠᠨ ᠤ ᠳᠡᠭᠡᠳᠦ ᠬᠡᠮᠵᠢᠶᠡᠨ ᠤ ᠦᠨᠡᠯᠡᠯᠲᠡ ᠶᠢ ᠣᠯᠤᠭᠰᠠᠨ ᠪᠠᠶᠢᠨ᠎ᠠ᠃


    

ᠢᠷᠡᠯᠲᠡ
ᠬᠦᠬᠡᠬᠣᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro