ᠰᠢᠨ᠎ᠡ ᠬᠣᠲᠠ ᠲᠣᠭᠣᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠬᠡᠮᠡᠷᠯᠢᠭ ᠲᠤᠭ ᠪᠡᠯᠭᠡᠯᠡᠪᠡ
ᠣᠶᠢᠷ᠎ᠠ ᠳᠤ᠂ ᠶᠠᠯ᠎ᠠ ᠬᠢᠵᠦ ᠣᠯᠣᠭᠰᠠᠨ ᠠᠰᠢᠭ ᠣᠯᠵᠠᠪᠤᠷᠢ ᠪᠠᠨ ᠨᠢᠭᠤᠨ ᠳᠠᠯᠳᠠᠯᠠᠭᠰᠠᠨ ᠬᠡᠷᠡᠭ ᠤᠨ ᠵᠠᠭᠠᠯᠳᠤᠭᠳᠠᠭᠴᠢ ᠶᠢᠨ ᠭᠡᠷ ᠪᠦᠯᠢ ᠶᠢᠨ ᠬᠢᠨ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠳᠤ ᠬᠡᠮᠡᠷᠯᠢᠭ ᠲᠤᠭ ᠪᠡᠯᠡᠭᠯᠡᠵᠦ᠂ ᠳᠠᠭᠠᠭᠠᠨ ᠰᠢᠢᠳᠪᠦᠷᠢᠯᠡᠬᠦ ᠪᠠᠶᠢᠴᠠᠭᠠᠬᠤ ᠲᠤᠰᠢᠶᠠᠯᠲᠠᠨ ᠵᠢᠴᠢ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠶᠢᠨ ᠬᠡᠷᠡᠭ ᠢ ᠰᠢᠢᠳᠪᠦᠷᠢᠯᠡᠬᠦ ᠶᠠᠪᠤᠴᠠ ᠳᠤ ᠵᠠᠭᠠᠯᠳᠤᠭᠳᠠᠭᠴᠢ ᠬᠤᠤ ᠣᠪᠣᠭᠲᠤ ᠶᠢᠨ ᠭᠠᠪᠢᠶ᠎ᠠ ᠪᠠᠶᠢᠭᠤᠯᠤᠭᠰᠠᠨ ᠦᠶᠯᠡ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠲᠣᠳᠣᠯᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃
2024 ᠣᠨ ᠤ 8 ᠰᠠᠷ᠎ᠠ ᠳᠤ᠂ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠶᠠᠯ᠎ᠠ ᠬᠢᠵᠦ ᠣᠯᠣᠭᠰᠠᠨ ᠠᠰᠢᠭ ᠣᠯᠵᠠᠪᠤᠷᠢ ᠪᠠᠨ ᠨᠢᠭᠤᠨ ᠳᠠᠯᠳᠠᠯᠠᠭᠰᠠᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠵᠡᠢ᠂ ᠵᠠᠭᠠᠯᠳᠤᠭᠳᠠᠭᠴᠢ ᠬᠤᠤ ᠣᠪᠣᠭᠲᠤ ᠰᠦᠯᠵᠢᠶᠡᠨ ᠳᠡᠭᠡᠷ᠎ᠡ ᠠᠴᠠ ᠨᠢᠭᠡ ᠲᠤᠰᠢᠶᠠᠯ ᠬᠠᠪᠰᠤᠷᠭᠠᠬᠤ ᠠᠵᠢᠯ ᠤᠨᠵᠠᠷ ᠮᠡᠳᠡᠭᠡ ᠣᠯᠵᠤ ᠦᠵᠡᠭᠡᠳ᠂ ᠨᠥᠭᠦᠭᠡ ᠡᠲᠡᠭᠡᠳ ᠲᠠᠢ ᠬᠠᠷᠢᠯᠴᠠᠭᠰᠠᠨ ᠤ ᠳᠠᠷᠠᠭ᠎ᠠ ᠥᠪᠡᠷ ᠤᠨ ᠨᠡᠷ᠎ᠡ ᠳᠡᠭᠡᠷᠡᠬᠢ ᠪᠠᠩᠬᠢ ᠶᠢᠨ ᠺᠠᠷᠲ ᠢᠶᠠᠷ ᠢᠶᠠᠨ ᠬᠤᠶᠠᠷ ᠤᠳᠠᠭ᠎ᠠ ᠪᠡᠯᠡᠨ ᠵᠣᠭᠤᠰ ᠭᠠᠷᠭᠠᠨ ᠠᠪᠴᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠡᠲᠡᠭᠡᠳ ᠢ ᠬᠠᠪᠰᠤᠷᠤᠨ ᠬᠡᠷᠡᠭ ᠲᠤ ᠬᠤᠯᠪᠣᠭᠳᠠᠭᠰᠠᠨ ᠠᠷᠪᠠᠨ ᠲᠦᠮᠡ ᠭᠠᠷᠤᠢ ᠲᠥᠭᠦᠷᠢᠭ ᠤᠨ ᠪᠡᠯᠡ ᠮᠥᠩᠭᠦ ᠶᠢ ᠰᠢᠯᠵᠢᠭᠦᠯᠵᠡᠢ᠃ ᠲᠤᠰ ᠬᠡᠷᠡᠭ ᠤᠨ ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠪᠦᠷᠢᠨ ᠭᠦᠢᠴᠡᠳ᠂ ᠭᠡᠪᠡᠴᠦ ᠬᠢᠨᠠᠨ ᠪᠠᠶᠢᠴᠠᠭᠠᠵᠤ ᠵᠠᠭᠠᠯᠳᠤᠬᠤ ᠱᠠᠲᠤᠨ ᠳᠤ᠂ ᠪᠠᠶᠢᠴᠠᠭᠠᠬᠤ ᠲᠤᠰᠢᠶᠠᠯᠲᠠᠨ ᠬᠤᠤ ᠣᠪᠣᠭᠲᠤ ᠶᠢᠨ ᠲᠡᠭᠡᠷ᠎ᠡ ᠨᠢᠭᠡᠨ ᠬᠤᠯᠪᠤᠭᠠᠨ ᠳᠠᠬᠢ ᠬᠠᠤᠯᠢ ᠠᠴᠠ ᠵᠥᠷᠢᠴᠡᠭᠰᠠᠠ ᠶᠠᠯᠠᠳᠤ ᠡᠳᠠᠭᠡᠳ ᠢ ᠢᠯᠡᠴᠢᠯᠡ ᠮᠡᠳᠡᠭᠦᠯᠵᠦ ᠭᠠᠪᠢᠶ᠎ᠠ ᠪᠠᠶᠢᠭᠤᠯᠤᠭᠰᠠᠨ ᠦᠢᠯᠡ ᠪᠠᠶᠢᠳᠠᠯ ᠪᠠᠶᠢᠬᠤ ᠶᠢ ᠣᠯᠵᠤ ᠮᠡᠳᠡᠭᠡᠳ᠂ ᠲᠡᠷᠡ ᠳᠠᠷᠤᠢ ᠳᠤᠨᠢ ᠲᠤᠷᠰᠢᠨ ᠪᠠᠶᠢᠴᠠᠭᠠᠬᠤ ᠠᠵᠢᠯᠲᠠᠨ ᠲᠠᠢ ᠨᠡᠪᠲᠡᠷᠡᠯᠴᠡᠵᠦ᠂ ᠡᠨᠡᠬᠦ ᠪᠠᠶᠢᠳᠠᠯ ᠢ ᠰᠢᠪᠠᠳᠠᠨ ᠪᠠᠶᠢᠴᠠᠭᠠᠨ ᠭᠡᠷᠡᠴᠢᠯᠡᠭᠦᠯᠪᠡ᠃ ᠬᠤᠤ ᠣᠪᠣᠭᠲᠤ ᠶᠢᠨ ᠭᠡᠷ ᠪᠦᠯᠢ ᠶᠢᠨ ᠬᠢᠨ ᠴᠦ ᠬᠤᠣᠷᠯᠠᠭᠳᠠᠭᠴᠢ ᠶᠢ ᠮᠡᠬᠡᠯᠡᠭᠰᠡᠨ ᠶᠠᠪᠤᠳᠠᠯ ᠳᠤ ᠲᠥᠯᠥᠪᠦᠷᠢ ᠥᠭᠴᠦ᠂ ᠬᠤᠣᠷᠯᠠᠭᠳᠠᠭᠴᠢ ᠶᠢᠨ ᠠᠭᠤᠴᠢᠯᠠᠯ ᠢ ᠣᠯᠵᠠᠢ᠃ ᠡᠴᠦᠰ ᠲᠡᠭᠡᠨ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠤᠤ ᠣᠪᠣᠭᠲᠤ ᠶᠢᠨ ᠭᠠᠪᠢᠶ᠎ᠠ ᠪᠠᠶᠢᠭᠤᠯᠤᠭᠰᠠᠨ ᠵᠡᠷᠭᠡ ᠦᠢᠯᠡ ᠪᠠᠶᠢᠳᠠᠯ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠭᠰᠠᠨ ᠪᠥᠭᠡᠳ ᠬᠥᠩᠭᠡᠨ ᠢᠶᠠᠷ ᠰᠢᠳᠭᠡᠵᠦ ᠡᠷᠡᠭᠦᠦ ᠰᠢᠳᠬᠡᠯ ᠣᠨᠣᠭᠳᠠᠭᠤᠯᠬᠤ ᠰᠠᠨᠠᠭᠤᠯᠭ᠎ᠠ ᠳᠤᠷᠠᠳᠴᠤ᠂ ᠡᠴᠦᠰ ᠲᠡᠭᠡᠨ ᠰᠢᠭᠦᠬᠦ ᠬᠤᠷᠢᠶ᠎ᠠ ᠠᠴᠠ ᠪᠠᠶᠢᠴᠠᠭᠠᠬᠤ ᠪᠠᠶᠢᠭᠤᠯᠭ᠎ᠠ ᠶᠢᠨ ᠰᠠᠨᠠᠭᠤᠯᠭ᠎ᠠ ᠶᠢ ᠬᠦᠯᠢᠶᠡᠨ ᠠᠪᠴᠠᠢ᠃
ᠡᠨᠡ ᠬᠦ ᠬᠡᠮᠡᠷᠯᠢᠭ ᠲᠤᠭ ᠪᠣᠯ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶᠠᠨ ᠤ ︽ᠬᠦᠩᠭᠡᠨ ᠢᠶᠠᠷ ᠰᠢᠳᠬᠡᠬᠦ ᠪᠠ ᠴᠢᠩᠭ᠎ᠠ ᠪᠠᠷ ᠰᠢᠳᠬᠡᠬᠦ ᠶᠢ ᠤᠶᠠᠯᠳᠤᠭᠤᠯᠬᠤ︾ ᠡᠷᠡᠭᠦᠦ ᠶᠢᠨ ᠬᠡᠷᠡᠭ ᠤᠨ ᠲᠥᠷᠥ ᠶᠢᠨ ᠪᠣᠳᠣᠯᠭ᠎ᠠ ᠶᠢ ᠦᠢᠯᠡᠳᠦᠯᠭᠡᠵᠢᠭᠦᠯᠵᠦ᠂ ︽ᠠᠷᠠᠳ ᠤᠨ ᠲᠥᠯᠥᠭᠡ ᠬᠠᠤᠯᠢ ᠪᠠᠷᠢᠬᠤ︾ ᠣᠶᠢᠯᠠᠭᠠᠭᠳᠠᠬᠤᠨ ᠢ ᠨᠠᠶᠢᠳᠠᠪᠤᠷᠢᠵᠢᠭᠤᠯᠤᠭᠰᠠᠨ ᠠᠮᠢᠳᠤᠯᠢᠭ ᠦᠢᠯᠡᠳᠦᠯᠭᠡ ᠮᠥᠨ᠃ ᠲᠤᠰ ᠬᠤᠷᠢᠶ᠎ᠠ ᠲᠤᠰ ᠤᠳᠠᠭᠠᠨ ᠤ ᠬᠡᠮᠡᠷᠯᠢᠭ ᠲᠤᠭ ᠤᠨ ᠲᠠᠯᠠᠷᠬᠠᠯ ᠤᠨ ᠰᠡᠳᠬᠢᠯᠭᠡ ᠪᠠᠷ ᠬᠥᠳᠡᠯᠭᠡᠬᠦ ᠬᠦᠴᠦᠨ ᠪᠣᠯᠭᠠᠵᠤ᠂ ︽ᠪᠢ ᠦᠪᠡᠷ ᠢᠶᠠᠨ ᠵᠠᠷᠭᠤ ᠬᠢᠵᠦ ᠪᠠᠶᠢᠭ᠎ᠠ ᠮᠡᠲᠦ︾ ᠭᠡᠬᠦ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠪᠠᠶᠢᠴᠠᠭᠠᠬᠤ ᠠᠵᠢᠯ ᠤᠨ ᠬᠠᠷᠢᠭᠤᠴᠠᠯᠭ᠎ᠠ ᠪᠠᠨ ᠴᠢᠩᠭᠠᠷᠠᠭᠤᠯᠤᠨ᠂ ᠬᠠᠤᠯᠢ ᠶᠣᠰᠣᠭᠠᠷ ᠬᠡᠷᠡᠭ ᠰᠢᠢᠳᠪᠦᠷᠢᠯᠡᠬᠦ ᠶᠢᠨ ᠵᠡᠷᠭᠡ ᠳᠤ ᠪᠤᠵᠠᠷ ᠡᠳ᠋ ᠢ ᠨᠡᠬᠡᠮᠵᠢᠯᠡᠨ ᠬᠤᠬᠢᠷᠠᠯ ᠢ ᠲᠤᠭᠤᠬᠤ ᠶᠢ ᠴᠢᠬᠤᠯᠠᠴᠢᠯᠠᠵᠤ᠂ ᠬᠠᠤᠯᠢ ᠴᠠᠭᠠᠵᠠ ᠶᠢᠨ ᠬᠠᠯᠠᠭᠤᠨ ᠳᠤᠯᠠᠭᠠᠨ ᠢ ᠢᠯᠡᠷᠡᠭᠦᠯᠵᠦ᠂ ᠪᠠᠶᠢᠴᠠᠭᠠᠬᠤ ᠠᠵᠢᠯ ᠤᠨ ᠬᠠᠯᠠᠭᠤᠨ ᠰᠡᠳᠬᠢᠯᠭᠡ ᠶᠢ ᠳᠠᠮᠵᠢᠭᠤᠯᠤᠨ᠎ᠠ᠃