ᠰᠢᠨ᠎ᠡ ᠬᠣᠲᠠ ᠲᠤᠭᠤᠷᠢᠭ ᠤᠨ ᠪᠠᠶᠢᠴᠠᠭᠠᠬᠤ ᠬᠤᠷᠢᠶ᠎ᠠ ᠨᠡᠶᠢᠲᠡ ᠶᠢᠨ ᠠᠰᠠᠷᠠᠮᠵᠢ ᠶᠢᠨ ᠵᠠᠷᠭᠤ ᠪᠠᠷ ᠰᠡᠯᠡᠭᠦᠴᠡᠯ ᠦᠨ ᠲᠠᠯᠠᠪᠤᠷ ᠢᠳᠡᠭᠡᠨ ᠤᠮᠳᠠᠭᠠᠨ ᠤ ᠦᠢᠯᠡᠴᠢᠯᠡᠭᠡᠨ ᠦ ᠲᠦᠷᠢᠮᠵᠢᠭᠦᠯᠬᠦ ᠶᠢ ᠠᠬᠢᠭᠤᠯᠪᠠ
ᠣᠶᠢᠷ᠎ᠠ ᠶᠢᠨ ᠵᠢᠯ ᠤᠳ ᠲᠤ᠂ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠠᠭᠠᠯᠳᠤᠨ᠂ ᠰᠡᠯᠡᠭᠦᠴᠡᠯ ᠪᠡᠶ᠎ᠡ ᠰᠤᠪᠢᠯᠠᠯᠲᠠ ᠶᠢᠨ ᠲᠠᠯᠠᠪᠤᠷ ᠲᠤ ︽ᠦᠢᠯᠡᠴᠢᠯᠡᠭᠡ + ᠲᠥᠬᠦᠮ ᠬᠤᠭᠤᠯᠠ︾ ᠶᠢ ᠨᠢᠭᠡ ᠴᠣᠭᠴᠠᠵᠢᠭᠤᠯᠤᠭᠰᠠᠨ ᠰᠢᠨ᠎ᠡ ᠡᠵᠡᠩᠨᠡᠯᠲᠡ ᠶᠢᠨ ᠵᠠᠭᠪᠤᠷ ᠶᠢ ᠪᠣᠶ ᠪᠣᠯᠭᠠᠭᠰᠠᠨ ᠪᠠᠶᠢᠨ᠎ᠠ᠃ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠬᠤ ᠶᠢᠨ ᠲᠥᠯᠥᠭᠡ᠂ ᠰᠢᠨ᠎ᠡ ᠬᠤᠳᠠ ᠲᠣᠭᠤᠷᠢᠭ ᠤᠨ ᠪᠠᠶᠢᠴᠠᠭᠠᠬᠤ ᠬᠤᠷᠢᠶ᠎ᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠨᠠᠷᠢᠯᠢᠭ ᠣᠨᠣᠴᠠᠲᠠᠢ ᠪᠠᠷ ᠬᠢᠨᠠᠯᠲᠠ ᠲᠠᠯᠪᠢᠬᠤ ᠪᠠᠷ ᠳᠠᠮᠵᠢᠭᠤᠯᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠯᠬᠢᠨ ᠠᠬᠢᠭᠤᠯᠵᠤ᠂ ᠬᠠᠷᠢᠶ᠎ᠠ ᠣᠷᠣᠨ ᠤ ᠪᠠᠨ ᠰᠡᠯᠡᠭᠦᠴᠡᠯ ᠪᠡᠶ᠎ᠡ ᠰᠤᠪᠢᠯᠠᠯᠲᠠ ᠶᠢᠨ ᠲᠠᠯᠠᠪᠤᠷ ᠤᠨ ᠢᠳᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠪᠠ᠃
ᠨᠢᠭᠡ᠂ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭ ᠤᠨ ᠰᠦᠪᠡᠭᠴᠢ ᠶᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠵᠢᠭᠰᠠᠭᠠᠵᠤ ᠬᠡᠷᠡᠭ ᠤᠨ ᠰᠦᠪᠡᠭᠴᠢ ᠶᠢ ᠢᠯᠡᠷᠡᠭᠦᠯᠪᠡ᠃
2025 ᠣᠨ ᠤ 2 ᠰᠠᠷ᠎ᠠ ᠳᠤ᠂ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ︽ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠬᠢᠨ ᠬᠠᠮᠠᠭᠠᠯᠠᠬᠤ︾ ᠲᠤᠰᠬᠠᠢ ᠬᠢᠨᠠᠯᠲᠠ ᠲᠠᠯᠪᠢᠬᠤ ᠠᠵᠢᠯᠯᠠᠭ᠎ᠠ ᠥᠷᠨᠢᠭᠦᠯᠬᠦ ᠳᠤᠮᠳᠠ ᠪᠠᠨ ᠣᠯᠵᠤ ᠮᠡᠳᠡᠭᠰᠡᠨ ᠨᠢ᠂ ᠬᠠᠷᠢᠶ᠎ᠠ ᠣᠷᠣᠨ ᠤ ᠳᠣᠲᠣᠷᠠᠬᠢ ᠵᠠᠷᠢᠮ ᠰᠡᠯᠡᠭᠦᠴᠡᠯ ᠰᠤᠪᠢᠯᠠᠯᠲᠠ ᠶᠢᠨ ᠲᠠᠯᠠᠪᠤᠷ ᠲᠤ ᠪᠡᠶ᠎ᠡ ᠰᠤᠪᠢᠯᠠᠯᠲᠠ ᠶᠢᠨ ᠢᠯᠢᠯᠭᠡ ᠶᠢᠨ ᠦᠢᠯᠡᠴᠢᠯᠡᠭᠡ ᠬᠠᠩᠭᠠᠬᠤ ᠶᠢᠨ ᠬᠠᠮᠲᠤ᠂ ︽ᠮᠧᠢ ᠲᠤᠸᠠᠨ︾᠂ ︽ᠳ᠋ᠧᠦ ᠶᠢᠨ︾ ᠵᠡᠷᠭᠡ ᠲᠠᠪᠴᠠᠩ ᠢᠶᠠᠷ ᠳᠡᠮᠵᠢᠨ ᠥᠪᠡᠰᠦᠪᠡᠨ ᠦᠢᠯᠡᠴᠢᠯᠡᠬᠦ ᠲᠥᠬᠦᠮ ᠬᠤᠭᠤᠯᠠ ᠶᠢ ᠪᠠᠭᠲᠠᠭᠠᠭᠰᠠᠨ ︽ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠤᠯᠢᠯᠳᠤᠭᠤᠯᠬᠤ︾ ᠢᠵᠢ ᠬᠤᠭᠤᠯᠠ ᠶᠢ ᠬᠦᠷᠭᠡᠨ ᠪᠣᠷᠣᠯᠠᠭᠤᠯᠵᠤ ᠪᠠᠶᠢᠨ᠎ᠠ᠃ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠨ ᠪᠠᠶᠢᠴᠠᠭᠠᠬᠤ ᠪᠠᠷ ᠳᠡᠮᠵᠢᠨ᠂ ᠡᠲᠡᠭᠡᠷ ᠲᠠᠯᠠᠪᠤᠷ ᠭᠠᠵᠠᠷ ᠲᠤ ᠢᠳᠡᠭᠡᠨ ᠤ ᠵᠦᠢᠯ ᠤᠨ ᠡᠵᠡᠩᠨᠡᠯᠲᠡ ᠶᠢᠨ ᠬᠢᠷᠢ ᠬᠡᠮ ᠢ ᠭᠦᠢᠴᠡᠳᠬᠡᠭᠰᠡᠨ ᠦᠭᠡᠢ᠂ ᠲᠣᠭᠲᠠᠭᠠᠯ ᠶᠣᠰᠣᠭᠠᠷ ᠢᠳᠡᠭᠡᠨ ᠤᠮᠳᠠᠭᠠᠨ ᠤ ᠲᠠᠯᠠᠪᠤᠷ ᠭᠠᠵᠠᠷ ᠪᠠ ᠲᠥᠬᠦᠭᠡᠷᠦᠮᠵᠢ ᠲᠣᠬᠢᠷᠠᠭᠤᠯᠤᠭᠰᠠᠨ ᠦᠭᠡᠢ ᠵᠡᠷᠭᠡ ᠠᠰᠠᠭᠤᠳᠠᠯ ᠨᠡᠶᠢᠳᠡᠮ ᠣᠷᠣᠰᠢᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠦᠨᠳᠦ ᠶᠡᠭᠡ ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠠᠲᠠᠵᠠᠢ᠃ ᠪᠠᠶᠢᠴᠠᠭᠠᠬᠤ ᠠᠵᠢᠯᠲᠠᠨ ᠲᠠᠪᠴᠠᠩ ᠤᠨ ᠪᠣᠷᠤᠯᠠᠭᠤᠯᠭ᠎ᠠ ᠶᠢᠨ ᠲᠤᠭ᠎ᠠ ᠪᠠᠷᠢᠮᠲᠠ ᠶᠢ ᠰᠢᠯᠵᠢᠭᠦᠯᠦᠨ ᠠᠪᠬᠤ᠂ ᠲᠤᠬᠠᠢ ᠶᠢᠨ ᠲᠠᠯᠠᠪᠤᠷ ᠲᠤ ᠭᠡᠷᠡᠴᠢ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡ ᠪᠦᠯᠦᠭ ᠠᠰᠠᠭᠤᠳᠠᠯ ᠲᠠᠢ ᠬᠤᠳᠠᠯᠳᠤᠭᠠᠴᠢᠨ ᠤ ᠬᠠᠤᠯᠢ ᠶᠢ ᠵᠥᠷᠢᠴᠡᠭᠰᠡᠨ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠪᠠ᠃
ᠬᠤᠶᠠᠷ᠂ ᠬᠢᠨᠠᠯᠲᠠ ᠲᠠᠯᠪᠢᠬᠤ ᠬᠠᠲᠠᠭᠤ ᠴᠢᠨᠠᠷ ᠢ ᠴᠢᠩᠭᠠᠳᠬᠠᠵᠤ᠂ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠵᠤ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠪᠠ᠃
ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ 3 ᠰᠠᠷ᠎ᠠ ᠳᠤ ᠬᠠᠤᠯᠢ ᠶᠣᠰᠣᠭᠠᠷ ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠪᠠᠭᠤᠯᠭᠠᠪᠠ᠃ ᠰᠠᠨᠠᠭᠤᠯᠭ᠎ᠠ ᠶᠢᠨ ᠪᠢᠴᠢᠭ ᠲᠤ ᠲᠣᠳᠣᠷᠬᠠᠢ ᠵᠢᠭᠠᠵᠤ ᠭᠠᠷᠭᠠᠭᠰᠠᠨ ᠨᠢ᠄ ᠨᠢᠭᠡ ᠳᠤ᠂ ᠬᠡᠰᠡᠭ ᠬᠤᠳᠠᠯᠳᠤᠭᠠᠴᠢᠨ ᠳᠦ ᠦᠨᠡᠮᠯᠡᠯ ᠦᠭᠡᠢ ᠪᠠᠷ ᠢᠳᠡᠭᠡᠨ ᠡᠵᠡᠩᠨᠡᠬᠦ ᠠᠵᠢᠯᠯᠠᠭ᠎ᠠ ᠲᠠᠢ ;ᠬᠤᠶᠠᠷ ᠲᠤ᠂ ᠬᠡᠰᠡᠭ ᠬᠤᠳᠠᠯᠳᠤᠭᠠᠴᠢᠨ ᠳᠦ ᠬᠡᠪᠴᠢᠶ᠎ᠡ ᠠᠴᠠ ᠳᠠᠪᠠᠭᠰᠠᠨ ᠡᠵᠡᠩᠨᠡᠯᠲᠡ ᠶᠢᠨ ᠠᠰᠠᠭᠤᠳᠠᠯ ᠣᠷᠣᠰᠢᠵᠤ ᠪᠠᠶᠢᠨ᠎ᠠ; ᠭᠤᠷᠪᠠ ᠳᠤ ᠂ ᠡᠵᠡᠩᠨᠡᠯᠲᠡ ᠶᠢᠨ ᠲᠠᠯᠠᠪᠤᠷ ᠭᠠᠵᠠᠷ ᠨᠢ ᠢᠳᠡᠭᠡᠨ ᠤ ᠠᠶᠤᠯᠭᠦᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠬᠠᠤᠯᠢ ᠠᠴᠠ ᠵᠥᠷᠢᠴᠡᠭᠰᠡᠨ ᠡᠵᠡᠩᠨᠡᠭᠴᠢ ᠶᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠪᠥᠬᠦ ᠰᠢᠨ᠎ᠡ ᠬᠤᠲᠠ ᠲᠤᠭᠤᠷᠢᠭ ᠤᠨ ᠬᠡᠪᠴᠢᠶᠡᠨ ᠳᠤ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃
ᠭᠤᠷᠪᠠ᠂ ᠦᠨᠳᠦᠰᠦ ᠰᠤᠷᠪᠤᠯᠵᠢ ᠶᠢ ᠨᠢ ᠡᠷᠢᠵᠦ ᠵᠠᠰᠠᠬᠤ ᠶᠢ ᠴᠢᠬᠤᠯᠠᠴᠢᠯᠠᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠪᠠᠬᠢᠵᠢᠭᠦᠯᠦᠨ᠎ᠡ᠃
ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠴᠠᠭᠠᠬᠤ ᠰᠠᠨᠠᠭᠤᠯᠭ᠎ᠠ ᠶᠢ ᠣᠯᠣᠭᠰᠠᠨ ᠤ ᠳᠠᠷᠠᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠢ ᠳᠤᠨᠢ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ︽ᠰᠡᠯᠡᠭᠦᠴᠡᠯ ᠰᠤᠪᠢᠯᠠᠯᠲᠠ ᠶᠢᠨ ᠲᠠᠯᠠᠪᠤᠷ ᠤᠨ ᠥᠪᠡᠰᠦᠪᠡᠨ ᠦᠢᠯᠡᠴᠢᠯᠡᠬᠦ ᠬᠤᠭᠤᠯᠠᠨ ᠤ ᠦᠢᠯᠡᠴᠢᠯᠡᠭᠡ ᠬᠠᠩᠭᠠᠬᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠬᠦ ᠲᠤᠬᠠᠢ ᠮᠡᠳᠡᠭᠳᠡᠯ︾ ᠢ ᠲᠣᠭᠲᠠᠭᠠᠨ ᠪᠠᠭᠤᠯᠭᠠᠵᠤ᠂ ᠬᠦᠴᠦᠨ ᠢᠶᠠᠨ ᠵᠣᠬᠢᠶᠠᠨ ᠪᠠᠶᠢᠭᠤᠯᠤᠨ ᠪᠥᠬᠦ ᠣᠷᠣᠨ ᠤ ᠬᠠᠮᠢᠶ᠎ᠠ ᠪᠦᠬᠦᠢ ᠲᠠᠯᠠᠪᠤᠷ ᠲᠤ ᠲᠣᠣᠷ ᠲᠠᠲᠠᠬᠤ ᠬᠡᠯᠪᠡᠷᠢ ᠶᠢᠨ ᠪᠠᠶᠢᠴᠠᠭᠠᠯᠲᠠ ᠥᠷᠨᠢᠭᠦᠯᠪᠡ᠃ ᠡᠵᠡᠩᠨᠡᠭᠴᠢᠳ ᠤᠨ ᠭᠡᠷᠡᠴᠢ ᠦᠨᠡᠮᠯᠡᠯ ᠤᠨ ᠪᠠᠶᠢᠳᠠᠯ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠭᠡᠷᠡᠴᠢ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠤᠨ ᠨᠥᠬᠦᠴᠡᠯ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠬᠠᠷᠭᠤᠭᠤᠯᠤᠨ ᠨᠢᠭᠡ ᠰᠠᠷ᠎ᠠ ᠶᠢᠨ ᠬᠤᠭᠤᠴᠠᠭ᠎ᠠ ᠲᠠᠢ ᠲᠤᠰᠬᠠᠢ ᠴᠡᠭᠴᠡᠯᠡᠨ ᠵᠠᠰᠠᠬᠤ ᠪᠠᠷ ᠳᠡᠮᠵᠢᠨ᠂ ᠨᠡᠶᠢᠲᠡ 10 ᠦᠨᠡᠮᠯᠡᠯ ᠦᠭᠡᠢ ᠪᠤᠶᠤ ᠬᠡᠪᠴᠢᠶ᠎ᠡ ᠠᠴᠠ ᠳᠠᠪᠠᠭᠰᠠᠨ ᠡᠵᠡᠩᠨᠡᠯᠲᠡ ᠶᠢᠨ ᠬᠤᠳᠠᠯᠳᠤᠭᠠᠴᠢᠨ ᠢ ᠵᠢᠭᠰᠠᠭᠠᠨ ᠪᠠᠶᠢᠴᠠᠭᠠᠵᠤ ᠭᠠᠷᠭᠠᠪᠠ᠂ ᠣᠳᠣᠬᠠᠨ ᠳᠤ ᠨᠢᠭᠡᠨᠲᠡ ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠳᠠᠩᠰᠠᠯᠠᠯᠲᠠ ᠶᠢᠨ ᠦᠨᠡᠮᠯᠡᠯ ᠢ ᠭᠦᠢᠴᠡᠳᠬᠡᠬᠦ ᠪᠠ ᠡᠵᠡᠩᠨᠡᠯᠲᠡ ᠶᠢᠨ ᠦᠨᠡᠮᠯᠡᠯ ᠤᠨ ᠨᠡᠮᠡᠯᠲᠡ ᠵᠦᠢᠯᠡᠰ ᠢ ᠪᠦᠬᠦᠨ ᠢ ᠪᠡᠶᠡᠯᠡᠭᠦᠯᠦᠭᠰᠡᠨ ᠪᠠᠶᠢᠨ᠎ᠠ᠃ ᠡᠵᠡᠩᠨᠡᠯᠲᠡ ᠶᠢᠨ ᠨᠥᠬᠦᠴᠡᠯ ᠳᠤ ᠨᠡᠶᠢᠴᠡᠬᠦ ᠦᠭᠡᠢ ᠬᠤᠳᠠᠯᠳᠤᠭᠠᠴᠢᠨ ᠨᠢᠭᠡᠨᠲᠡ ᠢᠳᠡᠭᠡᠨ ᠤᠮᠳᠠᠭᠠᠨ ᠤ ᠦᠢᠯᠡᠴᠢᠯᠡᠭᠡ ᠪᠠᠨ ᠵᠣᠭᠰᠣᠭᠠᠭᠰᠠᠨ ᠪᠥᠭᠡᠳ ᠬᠤᠯᠪᠣᠭᠳᠠᠯ ᠪᠦᠬᠦᠢ ᠲᠠᠪᠴᠠᠩ ᠳᠤ ᠲᠥᠬᠦᠮ ᠬᠤᠭᠤᠯᠠᠨ ᠤ ᠲᠣᠳᠣᠷᠬᠠᠶᠢᠯᠠᠯᠲᠠ ᠶᠢᠨ ᠮᠡᠳᠡᠭᠡ ᠵᠠᠩᠭᠢ ᠶᠢ ᠬᠠᠰᠤᠵᠤ ᠬᠠᠶᠠᠭᠰᠠᠨ ᠪᠠᠶᠢᠨ᠎ᠠ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠪᠠᠲᠤᠯᠠᠬᠤ ᠶᠢᠨ ᠲᠥᠯᠥᠭᠡ᠂ ᠪᠠᠶᠢᠴᠠᠭᠠᠬᠤ ᠪᠠᠶᠢᠭᠤᠯᠭ᠎ᠠ ᠪᠠᠰᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠪᠠᠶᠢᠭᠤᠯᠬᠤ ᠶᠢ ᠠᠬᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠬᠠᠷᠢᠯᠴᠠᠨ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ ᠤᠨ ᠲᠣᠭᠲᠠᠴᠠ ᠶᠢ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ ᠤᠨ ᠲᠤᠰᠬᠠᠢ ᠪᠣᠯᠪᠠᠰᠤᠷᠠᠭᠤᠯᠤᠯ ᠢ 3 ᠲᠠᠯᠠᠪᠤᠷ ᠵᠣᠬᠢᠶᠠᠨ ᠪᠠᠶᠢᠭᠤᠯᠵᠤ᠂ ᠠᠵᠢᠯ ᠡᠷᠬᠢᠯᠡᠭᠰᠡᠳ ᠤᠨ 200 ᠭᠠᠷᠤᠢ ᠬᠥᠮᠥᠨ ᠤᠳᠠᠭ᠎ᠠ ᠶᠢ ᠬᠠᠮᠤᠷᠠᠪᠠ᠃