ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠤᠰᠢᠭᠤᠨ ᠤ ᠠᠷᠠᠳ ᠤᠨ ᠲᠦᠯᠦᠭᠡᠯᠡᠭᠴᠢᠳ ᠦᠨ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠣᠳᠣᠯᠬᠤ ᠲᠤᠭᠤᠶᠢᠯᠠᠩ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠤᠭᠤᠳᠪᠠ

2025-08-22 17:14:30
ᠵᠣᠬᠢᠶᠠᠭᠴᠢ
ᠰᠤᠯᠤᠩᠭ᠎ᠠ

    8 ᠰᠠᠷ᠎ᠠ ᠶᠢᠨ 19 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠠᠩ ᠲᠡᠯᠡᠶ ᠬᠡᠰᠡᠭ ᠠᠷᠠᠳ ᠤᠨ ᠲᠥᠯᠥᠭᠡᠯᠡᠭᠴᠢᠳ ᠢ ᠳᠠᠭᠠᠭᠤᠯᠤᠨ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠶᠤᠸᠠᠢ ᠽᠦ ᠺᠦᠨ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠡᠢ᠃

    


    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ 12309 ᠪᠠᠶᠢᠴᠠᠭᠠᠬᠤ ᠠᠵᠢᠯ ᠤᠨ ᠦᠢᠯᠡᠴᠢᠯᠡᠭᠡ ᠶᠢᠨ ᠲᠥᠪ᠂ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠬᠤ ᠲᠤᠬᠠᠶᠢᠯᠠᠭᠰᠠᠨ ᠠᠵᠢᠯ ᠤᠨ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠤᠨ ᠵᠢᠭᠰᠠᠭᠠᠯ ᠤᠨ ᠭᠠᠵᠠᠷ᠂ ︽ᠨᠢᠭᠡᠳᠦᠮᠡᠯ ᠹᠷᠣᠨᠲ ᠤᠨ ᠬᠡᠷ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠶᠢᠯᠡᠳᠤᠯᠭᠡ ᠶᠢᠨ ᠬᠥᠮᠦᠵᠢᠯ ᠤᠨ ᠦᠵᠡᠭᠦᠯᠦᠯᠭᠡ ᠶᠢᠨ ᠲᠣᠭᠤᠷᠢᠭ ᠵᠡᠷᠭᠡ ᠴᠢᠳᠠᠮᠵᠢᠳᠤ ᠣᠷᠣᠨ ᠢ ᠲᠣᠭᠤᠷᠢᠨ ᠦᠵᠡᠵᠦ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠲᠤᠰᠬᠠᠶ ᠰᠡᠳᠦᠪᠲᠦ ᠹᠢᠯᠢᠮ ᠢ ᠦᠵᠡᠪᠡ᠃ ᠲᠤᠰ ᠬᠦᠷᠢᠶᠡᠯᠡᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠢ ᠨᠠᠶᠢᠳᠠᠪᠤᠷᠢᠵᠢᠭᠤᠯᠤᠭᠰᠠᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠲᠤᠰ ᠬᠤᠷᠢᠶ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠢᠴᠡᠳ ᠨᠤᠲᠠᠯᠠᠪᠠ᠃

    


    ᠤᠶᠢᠷ᠎ᠠ ᠶᠢᠨ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ  ᠲᠤᠤᠱᠠᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠪᠠᠷ ᠭᠤᠣᠯ ᠰᠡᠳᠦᠪ ᠪᠣᠯᠭᠠᠵᠤ᠂ ︽ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠠᠷᠠᠳ ᠣᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ︾ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠣᠭᠴᠠᠯᠠᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠲᠥᠪ ᠬᠤᠷᠢᠶ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠣᠭᠴᠠᠯᠠᠨ ᠪᠠᠶᠢᠭᠤᠯᠬᠤ ᠠᠵᠢᠯ ᠤᠨ ᠲᠤᠬᠠᠶ ᠴᠢᠬᠤᠯᠠ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ  ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠪᠠᠶᠢᠴᠠᠭᠠᠬᠤ ᠭᠤᠭᠴᠤᠭ᠎ᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠡ︾ ᠶᠢᠨ ᠢᠷᠠᠭᠤ ᠠᠯᠳᠠᠷ ᠤᠨ ᠴᠣᠯᠠ ᠶᠢ ᠬᠦᠷᠳᠡᠪᠠ᠃

    


    ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠭᠤᠤᠯ ᠰᠢᠵᠢᠮ ᠤᠨ ᠲᠣᠭᠤᠷᠢᠨ ᠳᠤ᠂ ᠦᠨᠳᠦᠰᠦᠲᠡᠨ ᠨᠦᠭᠦᠳ ᠤᠨ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠦᠨᠳᠦᠰᠦᠲᠡᠨ ᠤ ᠠᠵᠢᠯ ᠤᠨ ᠭᠤᠤᠯ ᠰᠡᠳᠦᠪ ᠢ ᠪᠠᠲᠤ ᠡᠵᠡᠮᠳᠡᠵᠤ᠂ ᠢᠮᠠᠭᠲᠠ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠪᠠᠶᠢᠴᠠᠭᠠᠬᠤ ᠠᠵᠢᠯ ᠳᠤ ᠭᠦᠨ ᠦᠨᠳᠦᠰᠦᠯᠡᠭᠦᠯᠵᠦ᠂ ᠬᠠᠤᠯᠢᠵᠢᠯ ᠤᠨ ᠬᠦᠴᠦᠨ ᠢᠶᠠᠷ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃
   

ᠢᠷᠡᠯᠲᠡ
ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤ ᠶᠢᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro