ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠦᠬᠡᠬᠤᠲᠠ ᠶᠢᠨ ᠪᠠᠶᠢᠴᠠᠭᠠᠬᠤ ᠬᠤᠷᠢᠶ᠎ᠠ ᠶᠢᠨ ᠳᠡᠳ᠋ ᠪᠠᠶᠢᠴᠠᠭᠠᠬᠤ ᠲᠠᠷᠤᠭ᠎ᠠ ᠯᠢᠦ ᠰᠢᠶᠤᠤ ᠹᠸᠩ ᠨᠠᠷ ᠰᠢᠨ᠎ᠡ ᠬᠤᠲᠠ ᠲᠤᠭᠤᠷᠢᠭ ᠤᠨ ᠪᠠᠶᠢᠴᠠᠭᠠᠬᠤ ᠬᠤᠷᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠲᠣᠭ᠎ᠠ ᠪᠠᠷᠢᠮᠲᠠ ᠶᠢᠨ ᠪᠠᠶᠢᠴᠠᠭᠠᠬᠤ ᠠᠵᠢᠯ ᠢ ᠵᠢᠭᠠᠨ ᠵᠢᠯᠤᠭᠤᠳᠪᠠ

2025-08-29 17:10:08
ᠵᠣᠬᠢᠶᠠᠭᠴᠢ
ᠭᠡᠭᠡᠨᠲᠤᠶᠠᠭ᠎ᠠ

     ᠣᠶᠢᠷ᠎ᠠ ᠳᠤ᠂ ᠬᠥᠬᠡᠬᠤᠲᠠ ᠶᠢᠨ ᠪᠠᠶᠢᠴᠠᠭᠠᠬᠤ ᠬᠤᠷᠢᠶ᠎ᠠ ᠶᠢᠨ ᠳᠡᠳ᠋ ᠪᠠᠶᠢᠴᠠᠭᠠᠬᠤ ᠳᠠᠷᠤᠭ᠎ᠠ ᠯᠢᠦ ᠰᠢᠶᠣᠣ ᠹᠧᠩ ᠨᠠᠷ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠳᠤ ᠬᠦᠷᠴᠦ ᠲᠤᠭ᠎ᠠ ᠪᠠᠷᠢᠮᠲᠠ ᠶᠢᠨ ᠪᠠᠶᠢᠴᠠᠭᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠲᠣᠮᠣ ᠳ᠋ᠠᠶᠢᠲ᠋ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠳᠤᠮᠳᠠᠬᠢ ᠰᠦᠪᠡᠭᠴᠢᠯᠡᠯᠲᠡ ᠪᠠ ᠦᠢᠯᠡᠳᠦᠯᠭᠡ ᠶᠢ ᠪᠥᠬᠦ ᠲᠠᠯ᠎ᠠ ᠪᠠᠷ ᠣᠶᠢᠯᠠᠭᠠᠪᠠ᠃
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠲᠣᠮᠣ ᠳ᠋ᠠᠶᠢᠲ᠋ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠠᠪᠴᠠᠩ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠳᠡᠳ᠋ ᠪᠠᠶᠢᠴᠠᠭᠠᠬᠤ ᠳᠠᠷᠤᠭ᠎ᠠ ᠭᠤᠸ ᠷᠦᠢ ᠽᠧ ᠪᠠᠶᠢᠴᠠᠭᠠᠨ ᠰᠤᠳᠤᠯᠬᠤ ᠳᠤᠭᠤᠶᠢᠯᠠᠩ ᠳᠤ ᠲᠣᠮᠣ ᠳ᠋ᠠᠶᠢᠲ᠋ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠳᠤᠮᠳᠠᠬᠢ ᠭᠤᠣᠯ ᠠᠷᠭ᠎ᠠ ᠬᠢᠳᠡᠯ᠂ ᠣᠯᠣᠭᠰᠠᠨ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠬᠠᠷᠢᠭᠤ ᠮᠡᠳᠡᠭᠦᠯᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ᠂ ᠲᠤᠭ᠎ᠠ ᠪᠠᠷᠢᠮᠲᠠ ᠴᠤᠭᠯᠠᠭᠤᠯᠬᠤ ᠪᠠ ᠵᠠᠳᠠᠯᠤᠯᠲᠠ ᠬᠢᠬᠦ᠂ ᠬᠢᠨᠠᠯᠲᠠ ᠲᠠᠯᠪᠢᠬᠤ ᠵᠠᠭᠪᠤᠷ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠳᠤ ᠴᠢᠭᠯᠡᠭᠦᠯᠦᠨ ᠨᠠᠷᠢᠨ ᠣᠶᠢᠯᠠᠭᠠᠪᠠ᠃
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠲᠣᠮᠣ ᠳ᠋ᠠᠶᠢᠲ᠋ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠳᠤᠮᠳᠠᠬᠢ ᠢᠳᠡᠪᠬᠢᠲᠡᠢ ᠰᠦᠪᠡᠭᠴᠢᠯᠡᠯᠲᠡ ᠪᠠ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠭᠰᠠᠨ ᠪᠣᠯᠪᠠᠴᠤ ᠮᠥᠨ ᠬᠦ ᠡᠳᠦᠢ ᠲᠡᠳᠦᠢ ᠠᠰᠠᠭᠤᠳᠠᠯ ᠪᠠ ᠥᠷᠢᠰᠦᠯᠳᠦᠭᠡᠨ ᠣᠷᠣᠰᠢᠵᠤ ᠪᠠᠶᠢᠨ᠎ᠠ ᠭᠡᠵᠦ ᠵᠢᠭᠠᠵᠤ ᠭᠠᠷᠭᠠᠪᠠ᠂ ᠵᠢᠱᠢᠶᠡᠯᠡᠪᠡᠯ ᠳ᠋ᠠᠶᠢᠲ᠋ᠠ ᠶᠢ ᠬᠠᠮᠲᠤ ᠪᠠᠷ ᠡᠳ᠋ᠯᠡᠬᠦ ᠲᠣᠭᠲᠠᠴᠠ ᠲᠡᠭᠦᠯᠳᠡᠷᠵᠢᠭᠡᠳᠦᠢ᠂ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ ᠪᠣᠯᠣᠨ᠎ᠠ᠃ ᠡᠲᠡᠭᠡᠷ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠄ ᠨᠢᠭᠡ ᠳᠤ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠰᠢᠭᠦᠬᠦ ᠬᠤᠷᠢᠶ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠳ᠋ᠠᠶᠢᠲ᠋ᠠ ᠶᠢᠨ ᠡᠬᠢ ᠪᠠᠶᠠᠯᠢᠭ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠲᠣᠮᠣ ᠳ᠋ᠠᠶᠢᠲ᠋ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠳᠤ ᠪᠠᠲᠤ ᠪᠠᠬᠢ ᠰᠠᠭᠤᠷᠢ ᠬᠠᠩᠭᠠᠨ᠎ᠠ᠃ ᠬᠤᠶᠠᠷ ᠲᠤ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠳᠬᠠᠨ᠎ᠠ᠃ ᠳᠡᠭᠡᠳᠦ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠮᠡᠷᠭᠡᠵᠢᠯ ᠤᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠲᠤᠰᠬᠠᠢ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠮᠣ ᠳ᠋ᠠᠶᠢᠲ᠋ᠠ ᠶᠢᠨ ᠲᠠᠪᠴᠠᠩ ᠤᠨ ᠣᠶᠤᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ ᠬᠢᠨᠠᠯᠲᠠ ᠲᠠᠯᠪᠢᠬᠤ ᠵᠠᠭᠪᠤᠷ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ᠎ᠡ᠃ ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠨᠠᠯᠲᠠ ᠲᠠᠯᠪᠢᠬᠤ ᠵᠠᠭᠪᠤᠷ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠯᠲᠠ ᠶᠢᠨ ᠨᠠᠷᠢᠯᠢᠭ ᠣᠨᠣᠪᠴᠢᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠳᠥᠷᠪᠡ ᠳᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠬᠤᠯᠠᠴᠢᠯᠠᠨ᠎ᠠ᠃ ᠪᠠᠶᠢᠴᠠᠭᠠᠬᠤ ᠠᠵᠢᠯᠲᠠᠨ ᠤ ᠲᠣᠮᠣ ᠳ᠋ᠠᠶᠢᠲ᠋ᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠬᠠᠤᠯᠢ ᠴᠠᠭᠠᠵᠠ ᠶᠢ ᠮᠡᠳᠡᠬᠦ ᠮᠥᠷᠲᠡᠭᠡᠨ ᠮᠡᠷᠭᠡᠵᠢᠯ ᠢ ᠴᠦ ᠮᠡᠳᠡᠳᠡᠭ ᠨᠢᠭᠡ ᠪᠦᠯᠦᠭ ᠶᠡᠷᠥᠩᠬᠡᠶᠢᠯᠡᠭᠰᠡᠨ ᠴᠢᠨᠠᠷ ᠲᠠᠢ ᠴᠢᠳᠠᠪᠤᠷᠢᠲᠠᠨ ᠢ ᠬᠥᠮᠥᠵᠢᠭᠦᠯᠦᠨ᠎ᠡ᠃
    ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠵᠢᠯᠤᠭᠤᠳᠬᠤ ᠰᠠᠨᠠᠯ ᠢ ᠬᠢᠨᠠᠮᠠᠭᠠᠢ  ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠲᠣᠮᠣ ᠳ᠋ᠠᠶᠢᠲ᠋ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃

    

ᠢᠷᠡᠯᠲᠡ
ᠬᠦᠬᠡᠬᠤᠲᠠ ᠶᠢᠨ ᠰᠢᠨ᠎ᠡ ᠬᠤᠲᠠ ᠲᠤᠭᠤᠷᠢᠭ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro