ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠭᠠᠳᠠᠨ᠎ᠠ  ᠠᠴᠠ ᠢᠷᠡᠭᠰᠡᠨ ᠤᠷᠭᠤᠮᠠᠯ ᠤᠨ ᠲᠦᠷᠢᠮᠡᠬᠡᠶᠢᠯᠡᠯ ᠢ ᠲᠦᠪᠯᠡᠷᠡᠭᠦᠯᠵᠦ ᠲᠠᠯ᠎ᠠ ᠨᠤᠲᠤᠭ ᠤᠨ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ ᠶᠢ ᠬᠠᠮᠲᠤᠪᠠᠷ ᠪᠠᠶᠢᠭᠤᠯᠤᠶ᠎ᠠ︱ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠦᠷᠭᠡᠰᠦᠲᠦ ᠯᠤᠤᠲᠦ ᠴᠡᠴᠡᠭ ᠢ ᠰᠡᠷᠭᠡᠶᠢᠯᠡᠨ ᠵᠠᠰᠠᠬᠤ ᠢᠯᠡ ᠪᠡᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ

2025-09-05 15:26:13
ᠵᠣᠬᠢᠶᠠᠭᠴᠢ
ᠰᠤᠷᠠᠨ᠎ᠠ ᠴᠢ ᠯᠢ ᠯᠢ

    ᠦᠷᠭᠡᠰᠦᠲᠦ ᠯᠣᠣᠳᠣ ᠴᠡᠴᠡᠭ ᠢ ᠪᠠᠰᠠ ᠦᠷᠭᠡᠰᠦᠲᠦ ᠨᠣᠬᠠᠢ ᠦᠵᠣᠮ ᠭᠡᠳᠡᠭ᠂ ᠨᠢᠭᠡ ᠵᠢᠯ ᠣᠷᠭᠤᠬᠤ ᠡᠪᠡᠰᠦᠯᠢᠭ ᠣᠷᠭᠤᠮᠠᠯ᠂ ᠣᠣᠯ ᠳᠤ ᠪᠠᠨ ᠣᠮᠠᠷᠠᠲᠦ ᠠᠮᠧᠷᠢᠺᠠ ᠲᠢᠪ ᠪᠣᠯᠣᠨ ᠠᠮᠧᠷᠢᠺᠠ ᠶᠢᠨ ᠪᠠᠷᠠᠭᠤᠨ ᠬᠡᠰᠡᠭ ᠣᠮᠠᠷᠠᠲᠦ ᠬᠡᠰᠡᠭ ᠲᠤ ᠣᠷᠭᠤᠵᠣ᠂ ᠦᠷᠬᠦᠯᠵᠢ ᠦᠷᠭᠡᠨ ᠠᠭᠤᠳᠠᠮ᠂ ᠬᠠᠷᠰᠢᠯᠠᠯ ᠬᠦᠷᠲᠡᠬᠦ ᠣᠷᠴᠢᠨ ᠲᠣᠭᠤᠷᠢᠨ ᠳᠤ ᠣᠷᠭᠤᠳᠠᠭ᠂ ᠵᠢᠱᠢᠶᠡᠯᠡᠪᠡᠯ ᠬᠡᠭᠡᠷ᠎ᠡ ᠲᠠᠯ᠎ᠠ᠂ ᠭᠤᠣᠯ ᠤᠨ ᠡᠷᠬᠢ᠂ ᠬᠦᠷᠢᠶ᠎ᠡ ᠬᠠᠰᠢᠶ᠎ᠠ᠂ ᠠᠮᠦ ᠶᠢᠨ ᠰᠠᠩ ᠬᠦᠮᠦᠷᠭᠡ ᠶᠢᠨ ᠡᠮᠦᠨ᠎ᠡ᠂ ᠮᠠᠯ ᠤᠨ ᠬᠠᠰᠢᠶ᠎ᠠ᠂ ᠬᠡᠲᠦᠷᠡᠲᠡᠯ᠎ᠡ ᠮᠠᠯᠵᠢᠬᠤ ᠪᠡᠯᠴᠢᠭᠡᠷ᠂ ᠵᠠᠮ ᠤᠨ ᠬᠦᠪᠡᠭᠡ ᠵᠢᠴᠢ ᠬᠤᠭ ᠨᠣᠪᠰᠢ ᠶᠢᠨ ᠲᠠᠯᠠᠪᠦᠷ ᠵᠡᠷᠭᠡ ᠲᠤ ᠣᠷᠭᠤᠨ᠎ᠠ᠃2016 ᠣᠨ ᠤ12 ᠰᠠᠷ᠎ᠠ ᠶᠢᠨ12 ᠤ ᠡᠳᠦᠷ ᠮᠠᠨ ᠤ ᠣᠯᠣᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠮᠣᠨ ᠠᠴᠠ ᠳᠦᠷᠪᠡᠳᠦᠭᠡᠷ ᠪᠦᠯᠦᠭ ᠤᠨ ᠭᠠᠳᠠᠨ᠎ᠠ ᠠᠴᠠ ᠣᠷᠣᠵᠦ ᠢᠷᠡᠭᠰᠡᠨ ᠳᠦᠷᠢᠮᠡᠬᠡᠶᠢᠯᠡᠯ ᠤᠨ ᠳᠦᠷᠰᠦ ᠶᠢᠨ ᠨᠡᠷᠡᠰ ᠲᠤ ᠵᠢᠭᠰᠠᠭᠠᠭᠳᠠᠨ᠂ ᠣᠢ ᠰᠢᠭᠤᠢ ᠨᠣᠲᠤᠭ ᠪᠡᠯᠴᠢᠭᠡᠷ ᠤᠨ ᠨᠣᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠳᠤ ᠬᠤᠣᠷ ᠬᠦᠨᠦᠭᠡᠯ ᠣᠴᠠᠷᠠᠭᠤᠯᠬᠤ ᠬᠤᠣᠷᠲᠣ ᠴᠢᠨᠠᠷᠲᠠᠢ ᠳᠦᠷᠢᠮᠡᠬᠡᠶᠢᠯᠡᠯ ᠤᠨ ᠬᠤᠭ ᠡᠪᠡᠰᠦ ᠪᠣᠯᠣᠨ᠎ᠠ ᠃
    ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠷᠢᠶᠠᠲᠦ ᠣᠷᠣᠨ ᠤ ᠣᠯᠠᠨ ᠰᠢᠶᠠᠩ ᠪᠠᠯᠭᠠᠰᠦ ᠵᠢᠴᠢ ᠣᠯᠣᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠤ ᠢᠯᠡᠷᠡᠭᠦᠯᠦᠭᠰᠡᠨ ᠦᠷᠭᠡᠰᠦᠲᠦ ᠯᠣᠣᠳᠣ ᠴᠡᠴᠡᠭ ᠨᠡᠪᠴᠢᠷᠡᠵᠦ ᠣᠷᠣᠭᠰᠠᠨ ᠠᠰᠠᠭᠤᠳᠠᠯ ᠳᠤ ᠴᠢᠭᠯᠡᠭᠦᠯᠦᠨ᠂ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠳᠤ ᠢᠯᠡ ᠪᠠᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠣᠭᠤᠯᠵᠦ᠂ ᠠᠷᠠᠳ ᠤᠨ ᠲᠦᠯᠦᠭᠡᠯᠡᠭᠴᠢ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠨ᠂ ᠠᠷᠠᠳ ᠤᠨ ᠬᠢᠨᠠᠯᠲᠠ ᠲᠠᠯᠪᠢᠭᠴᠢ᠂ ᠨᠡᠶᠢᠲᠡ ᠶᠢᠨ ᠲᠦᠯᠦᠭᠡ ᠵᠢᠳᠭᠦᠬᠦ ᠰᠠᠶᠢᠨ ᠳᠣᠷ᠎ᠠ ᠶᠢᠨ ᠠᠵᠢᠯᠯᠠᠭᠴᠢᠳ ᠪᠠ ᠬᠤᠯᠪᠣᠭᠳᠠᠯ ᠪᠦᠬᠦᠢ14 ᠵᠠᠰᠠᠭ ᠵᠠᠬᠢᠷᠭᠠᠨ ᠤ ᠨᠢᠭᠡᠴᠡ ᠶᠢᠨ ᠲᠦᠯᠦᠭᠡᠯᠡᠭᠴᠢ ᠶᠢ ᠣᠷᠢᠵᠦ ᠭᠡᠷᠡᠴᠢᠯᠡᠭᠡ ᠰᠣᠨᠣᠰᠬᠤ ᠳᠤ ᠣᠷᠣᠯᠴᠠᠭᠤᠯᠪᠠ᠃
    ᠭᠡᠷᠡᠴᠢᠯᠡᠭᠡ ᠰᠣᠨᠣᠰᠬᠤ ᠬᠤᠷᠠᠯ ᠳᠡᠭᠡᠷ᠎ᠡ᠂ ᠪᠠᠶᠢᠴᠠᠭᠠᠬᠤ ᠲᠣᠰᠢᠶᠠᠯᠲᠠᠨ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠦᠷᠭᠡᠰᠦᠲᠦ ᠯᠣᠣᠳᠣ ᠴᠡᠴᠡᠭ ᠤᠨ ᠲᠠᠷᠬᠠᠯᠲᠠ ᠶᠢᠨ ᠣᠳᠣᠬᠢ ᠪᠠᠶᠢᠳᠠᠯ᠂ ᠬᠤᠣᠷ ᠬᠦᠨᠦᠭᠡᠯ ᠤᠨ ᠬᠡᠮᠵᠢᠶ᠎ᠡ ᠵᠢᠴᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠵᠡᠷᠭᠡ ᠪᠠᠶᠢᠴᠠᠭᠠᠯᠲᠠ ᠶᠢᠨ ᠮᠠᠲ᠋ᠧᠷᠢᠶᠠᠯ ᠢ ᠨᠠᠷᠢᠨ ᠲᠣᠳᠣᠷᠬᠠᠢ ᠲᠠᠨᠢᠯᠴᠠᠭᠤᠯᠣᠭᠰᠠᠨ ᠪᠦᠭᠡᠳ ᠲᠣᠰᠬᠠᠢ ᠮᠡᠷᠭᠡᠵᠢᠯ ᠤᠨ ᠠᠵᠢᠯᠲᠠᠨ ᠢ ᠣᠷᠢᠨ ᠦᠷᠭᠡᠰᠦᠲᠦ ᠯᠣᠣᠳᠣ ᠴᠡᠴᠡᠭ ᠤᠨ ᠬᠤᠣᠷ ᠬᠦᠨᠦᠭᠡᠯ ᠪᠠ ᠰᠡᠷᠭᠡᠶᠢᠯᠡᠨ ᠵᠠᠰᠠᠯᠲᠠ ᠬᠢᠭᠰᠡᠨ ᠲᠣᠬᠠᠢ ᠲᠣᠳᠣᠷᠬᠠᠶᠢᠯᠠᠯᠲᠠ ᠬᠢᠵᠡᠢ᠃ ᠬᠠᠮᠢᠶ᠎ᠠ ᠪᠦᠬᠦᠢ ᠵᠠᠰᠠᠭ ᠵᠠᠬᠢᠷᠭᠠᠨ ᠤ ᠨᠢᠭᠡᠴᠡ ᠲᠣᠰ ᠲᠣᠰ ᠤᠨ ᠦᠷᠭᠡᠰᠦᠲᠦ ᠯᠣᠣᠳᠣ ᠴᠡᠴᠡᠭ ᠢ ᠰᠡᠷᠭᠡᠶᠢᠯᠡᠨ ᠬᠤᠷᠢᠭᠯᠠᠬᠤ ᠠᠵᠢᠯ ᠤᠨ ᠳᠣᠮᠳᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ᠂ ᠲᠣᠯᠭᠠᠷᠠᠵᠦ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠤᠨ ᠲᠣᠬᠠᠢ ᠲᠣᠭᠠᠴᠢᠯᠲᠠ ᠬᠢᠪᠡ᠃ ᠭᠡᠷᠡᠴᠢᠯᠡᠭᠡ ᠰᠣᠨᠣᠰᠣᠭᠴᠢ ᠪᠠᠶᠢᠴᠠᠭᠠᠬᠤ ᠪᠠᠶᠢᠭᠤᠯᠭ᠎ᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠵᠢᠴᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠭᠠᠴᠢᠯᠲᠠ ᠶᠢ ᠶᠠᠷᠢᠯᠴᠠᠬᠤ ᠶᠢᠨ ᠬᠠᠮᠲᠦ ᠭᠡᠷᠡᠴᠢ ᠰᠣᠨᠣᠰᠬᠤ ᠰᠠᠨᠠᠯ ᠨᠡᠶᠢᠲᠡᠯᠡᠵᠦ᠂ ᠪᠠᠶᠢᠴᠠᠭᠠᠬᠤ ᠪᠠᠶᠢᠭᠤᠯᠭ᠎ᠠ ᠪᠠᠶᠢᠴᠠᠭᠠᠭᠰᠠᠨ ᠪᠠᠶᠢᠳᠠᠯ ᠨᠢ ᠪᠣᠰᠣᠳᠴᠢ ᠦᠨᠡᠨ ᠪᠣᠳᠠᠲᠠᠢ᠂ ᠳᠣᠷᠠᠳᠣᠭᠰᠠᠨ ᠰᠠᠨᠠᠭᠤᠯᠭ᠎ᠠ ᠨᠢ ᠬᠠᠨᠳᠣᠯᠭᠠᠲᠦ ᠴᠢᠨᠠᠷ ᠢᠶᠠᠷ ᠴᠢᠩᠭ᠎ᠠ ᠪᠠᠶᠢᠵᠦ᠂ ᠬᠤᠷᠴᠢᠨ ᠤ ᠨᠣᠲᠤᠭ ᠪᠡᠯᠴᠢᠭᠡᠷ ᠤᠨ ᠠᠮᠢ ᠠᠬᠤᠢ ᠶᠢᠨ ᠠᠮᠦᠷ ᠲᠦᠪᠰᠢᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠦ᠂ ᠣᠮᠠᠷᠠᠲᠦ ᠶᠢᠨ ᠠᠮᠢ ᠠᠬᠤᠢ ᠶᠢᠨ ᠬᠠᠯᠬᠠᠪᠴᠢ ᠶᠢ ᠪᠠᠶᠢᠭᠤᠯᠬᠤ ᠪᠠ ᠨᠣᠲᠤᠭ ᠪᠡᠯᠴᠢᠭᠡᠷ ᠤᠨ ᠮᠠᠭᠤᠲᠠᠯ ᠢ ᠰᠡᠷᠭᠡᠶᠢᠯᠡᠨ ᠵᠠᠰᠠᠬᠤ ᠳᠤ ᠪᠠᠶᠢᠴᠠᠭᠠᠬᠤ ᠬᠦᠴᠦᠨ ᠬᠠᠩᠭᠠᠭᠰᠠᠨ ᠪᠠᠶᠢᠨ᠎ᠠ ᠭᠡᠵᠦ ᠦᠵᠡᠵᠡᠢ᠃ ᠬᠤᠷᠠᠯ ᠤᠨ ᠳᠠᠷᠠᠭ᠎ᠠ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠨᠢᠭᠡᠴᠡ ᠳᠤ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠬᠦᠷᠭᠡᠵᠦ᠂ ᠡᠯ᠎ᠡ ᠵᠠᠰᠠᠭ ᠵᠠᠬᠢᠷᠭᠠᠨ ᠤ ᠨᠢᠭᠡᠴᠡ ᠢ ᠭᠠᠳᠠᠨ᠎ᠠ ᠠᠴᠠ ᠢᠷᠡᠭᠰᠡᠨ ᠦᠷᠭᠡᠰᠦᠲᠦ ᠯᠣᠣᠳᠣ ᠴᠡᠴᠡᠭ ᠣᠷᠭᠤᠮᠠᠯ ᠢ ᠴᠠᠭ ᠲᠣᠬᠠᠢ ᠳᠤ ᠨᠢ ᠠᠷᠢᠯᠭᠠᠬᠤ ᠶᠢᠨ ᠬᠠᠮᠲᠦ ᠣᠷᠲᠦ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠦ᠂ ᠦᠷᠭᠡᠰᠦᠲᠦ ᠯᠣᠣᠳᠣ ᠴᠡᠴᠡᠭ ᠬᠦᠭᠵᠢᠨ ᠦᠷᠪᠢᠰᠬᠦ ᠶᠢ ᠰᠡᠷᠭᠡᠶᠢᠯᠡᠨ ᠵᠠᠰᠠᠵᠦ᠂ ᠲᠠᠯ᠎ᠠ ᠨᠣᠲᠤᠭ ᠤᠨ ᠠᠮᠢ ᠠᠬᠤᠢ ᠶᠢᠨ ᠠᠮᠦᠷ ᠲᠦᠪᠰᠢᠨ ᠢ ᠬᠠᠮᠠᠭᠠᠯᠠᠬᠤ ᠬᠡᠷᠡᠭᠲᠡᠢ ᠭᠡᠵᠦ ᠰᠠᠨᠠᠭᠤᠯᠵᠠᠢ᠃
   ᠢᠯᠡ ᠪᠠᠷ ᠭᠡᠷᠡᠴᠢᠯᠡᠭᠡ ᠰᠣᠨᠣᠰᠬᠤ ᠪᠠᠷ ᠳᠠᠮᠵᠢᠨ᠂ ᠡᠯ᠎ᠡ ᠵᠠᠰᠠᠭ ᠵᠠᠬᠢᠷᠭᠠᠨ ᠤ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠦ᠂ ᠵᠠᠰᠠᠭ ᠵᠠᠬᠢᠷᠭᠠᠨ ᠤ ᠨᠢᠭᠡᠴᠡ ᠶᠢᠨ ᠬᠠᠮᠵᠢᠯᠴᠠᠬᠤ ᠶᠢ ᠠᠬᠢᠭᠤᠯᠣᠨ᠂ ᠪᠠᠶᠢᠴᠠᠭᠠᠬᠤ ᠬᠢᠨᠠᠯᠲᠠ ᠲᠠᠯᠪᠢᠯᠲᠠ ᠶᠢᠨ ᠢᠯᠡ ᠲᠣᠳᠣ ᠶᠢᠨ ᠬᠡᠮᠵᠢᠶ᠎ᠡ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠦᠷᠭᠡᠰᠦᠲᠦ ᠯᠣᠣᠳᠣ ᠴᠡᠴᠡᠭ ᠢ ᠣᠷᠢᠳᠴᠢᠯᠡᠨ ᠰᠡᠷᠭᠡᠶᠢᠯᠡᠬᠦ ᠪᠠ ᠵᠠᠰᠠᠬᠤ ᠠᠵᠢᠯ ᠢᠶᠠᠨ ᠦᠷᠬᠦᠯᠵᠢᠯᠡᠨ  ᠲᠠᠭᠠᠭᠠᠵᠦ᠂《 ᠵᠠᠰᠠᠭ ᠤᠨ ᠣᠷᠳᠣᠨ ᠪᠠ ᠪᠠᠶᠢᠴᠠᠭᠠᠬᠤ ᠬᠤᠷᠢᠶ᠎ᠠ ᠬᠤᠯᠪᠣᠭᠠᠯᠠᠨ ᠬᠦᠳᠡᠯᠦᠯᠴᠡᠬᠦ 》 ᠣᠷᠲᠦ ᠬᠤᠭᠤᠴᠠᠭᠠᠨ ᠤ ᠪᠦᠲᠦᠮᠵᠢᠲᠡᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠯᠳᠦᠭᠦᠯᠬᠦ ᠪᠣᠯᠣᠨ᠎ᠠ᠃ ᠪᠦᠬᠦ ᠣᠯᠣᠰ ᠤᠨ ᠠᠮᠢ ᠠᠬᠤᠢ ᠶᠢᠨ ᠡᠳᠦᠷ ᠤᠨ ᠣᠨᠴᠠᠭᠠᠢ ᠵᠠᠩᠭᠢᠯᠠᠭ᠎ᠠ ᠶᠢᠨ ᠴᠡᠭ ᠲᠤ ᠲᠣᠰ ᠣᠳᠠᠭᠠᠨ ᠤ ᠢᠯᠡ ᠪᠠᠷ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠣᠭᠤᠯᠣᠭᠰᠠᠨ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠶᠢ ᠨᠡᠩ ᠰᠠᠶᠢᠲᠣᠷ ᠣᠬᠠᠭᠤᠯᠣᠨ  ᠲᠤᠤᠱᠠᠯᠠᠭᠤᠯᠵᠦ᠂ ᠪᠦᠬᠦ ᠨᠡᠶᠢᠭᠡᠮ ᠤᠨ ᠠᠮᠢ ᠠᠬᠤᠢ ᠶᠢᠨ ᠣᠷᠴᠢᠨ ᠲᠠᠭᠤᠷᠢᠨ ᠤ ᠬᠠᠮᠠᠭᠠᠯᠠᠯᠲᠠ ᠶᠢᠨ ᠦᠵᠡᠯ ᠰᠠᠨᠠᠭᠠᠨ ᠤ ᠣᠬᠠᠮᠰᠠᠷ ᠪᠠ ᠠᠵᠢᠯᠯᠠᠭᠠᠨ ᠤ ᠣᠬᠠᠮᠰᠠᠷ ᠢ ᠴᠢᠩᠭᠠᠳᠬᠠᠬᠤ ᠳᠤ ᠠᠰᠢᠭᠲᠠᠢ ᠪᠣᠯᠣᠨ᠎ᠠ᠃ ᠬᠡᠷᠡᠴᠢᠯᠡᠭᠡ ᠰᠣᠨᠣᠰᠬᠤ ᠪᠠᠷ ᠳᠠᠮᠵᠢᠨ ᠨᠡᠶᠢᠭᠡᠮ ᠨᠡᠶᠢᠲᠡ ᠳᠤ ᠭᠠᠳᠠᠨ᠎ᠠ ᠠᠴᠠ ᠣᠷᠣᠵᠦ ᠢᠷᠡᠭᠰᠡᠨ ᠠᠮᠢᠲᠦ ᠪᠣᠳᠠᠰ ᠤᠨ ᠳᠦᠷᠰᠦ ᠶᠢᠨ ᠳᠦᠷᠢᠮᠡᠬᠡᠶᠢᠯᠡᠯ ᠤᠨ ᠬᠤᠣᠷ ᠬᠦᠨᠦᠭᠡᠯᠲᠦ ᠴᠢᠨᠠᠷ ᠢ ᠲᠠᠨᠢᠭᠤᠯᠵᠦ᠂ ᠣᠯᠠᠨ ᠨᠡᠶᠢᠲᠡ ᠶᠢᠨ ᠬᠠᠮᠲᠦᠪᠡᠷ ᠰᠡᠷᠭᠡᠶᠢᠯᠡᠨ ᠵᠠᠰᠠᠬᠤ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠣᠨ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠭᠠᠵᠠᠷ ᠣᠷᠣᠨ ᠤ ᠮᠠᠩᠬᠠᠵᠢᠯᠲᠠ ᠶᠢ ᠰᠡᠷᠭᠡᠶᠢᠯᠡᠨ ᠵᠠᠰᠠᠬᠤ ᠠᠵᠢᠯ ᠤᠨ ᠬᠢᠷᠢ ᠲᠦᠪᠰᠢᠨ ᠢ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠣᠮᠠᠷᠠᠲᠦ ᠶᠢᠨ ᠠᠮᠢ ᠠᠬᠤᠢ ᠶᠢᠨ ᠠᠮᠦᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠵᠦ᠂《 ᠦᠵᠡᠰᠭᠦᠯᠡᠩᠲᠦ ᠳᠣᠮᠳᠠᠲᠦ ᠬᠤᠰᠢᠭᠤ 》ᠪᠠ《 ᠪᠣᠬᠢᠷᠳᠣᠯ ᠦᠭᠡᠢ ᠳᠣᠮᠳᠠᠲᠦ ᠬᠤᠰᠢᠭᠤ》 ᠶᠢ ᠬᠠᠮᠲᠦᠪᠡᠷ ᠰᠠᠬᠢᠨ ᠬᠠᠮᠠᠭᠠᠯᠠᠨ᠎ᠠ᠃

ᠢᠷᠡᠯᠲᠡ
ᠬᠢᠩᠭᠠᠨ ᠠᠶᠢᠮᠠᠭ ᠤᠨ ᠬᠤᠷᠴᠢᠨ ᠪᠠᠷᠠᠭᠤᠨ ᠲᠤᠮᠳᠠᠳᠦ ᠬᠤᠰᠢᠭᠤ ᠶᠢᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro