ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠰᠢᠨ᠎ᠡ ᠬᠤᠲᠠ ᠲᠤᠭᠤᠷᠢᠭ ᠤᠨ ᠪᠠᠶᠢᠴᠠᠭᠠᠬᠤ ᠬᠤᠷᠢᠶ᠎ᠠ︽ ᠵᠢᠯᠤᠭᠤᠳᠬᠤ ᠬᠡᠷᠡᠭ ᠦᠨ ᠵᠢᠱᠢᠶ᠎ᠡ︾ ᠶᠢ ᠤᠷᠠᠨ ᠢᠶᠠᠷ ᠬᠡᠷᠡᠭᠯᠡᠵᠦ ᠬᠡᠷᠡᠭ ᠰᠢᠢᠳᠪᠦᠷᠢᠯᠡᠬᠦ ᠴᠢᠨᠠᠷ ᠪᠠ ᠦᠷ᠎ᠡ ᠪᠦᠲᠦᠮᠵᠢ ᠶᠢ ᠲᠡᠭᠡᠭᠰᠢᠯᠡᠭᠦᠯᠪᠡ

2025-09-05 15:26:36
ᠵᠣᠬᠢᠶᠠᠭᠴᠢ
ᠭᠡᠭᠡᠨᠲᠤᠶᠠᠭ᠎ᠠ

    ᠵᠢᠯᠣᠭᠤᠳᠤᠯᠭ᠎ᠠ ᠶᠢᠨ ᠴᠢᠨᠠᠷᠲᠠᠢ ᠬᠡᠷᠡᠭ ᠤᠨ ᠵᠢᠱᠢᠶ᠎ᠡ ᠶᠢᠨ ᠠᠮᠢᠵᠢᠷᠠᠯ ᠤᠨ ᠬᠦᠴᠦᠨ ᠨᠢ ᠬᠡᠷᠡᠭᠯᠡᠭᠡᠨ ᠳᠤ ᠪᠤᠢ᠂ ᠰᠢᠨ᠎ᠡ ᠬᠤᠳᠠ ᠲᠣᠭᠤᠷᠢᠭ ᠤᠨ ᠪᠠᠶᠢᠴᠠᠭᠠᠬᠤ ᠬᠤᠷᠢᠶ᠎ᠠ ᠰᠤᠷᠤᠯᠴᠠᠯᠭ᠎ᠠ ᠪᠠ ᠦᠢᠯᠡᠳᠦᠯᠭᠡ ᠶᠢ ᠣᠷᠭᠠᠨᠢᠭ ᠢᠶᠠᠷ ᠤᠶᠠᠯᠳᠤᠭᠤᠯᠵᠤ᠂ ᠬᠡᠷᠡᠭ ᠤᠨ ᠵᠢᠱᠢᠶ᠎ᠡ ᠶᠢᠨ ︽ᠠᠮᠢᠳᠤᠯᠢᠭ ᠤᠰᠤ︾ ᠶᠢ ᠪᠣᠳᠠᠲᠠᠢ ᠬᠡᠷᠡᠭ ᠰᠢᠢᠳᠪᠦᠷᠢᠯᠡᠬᠦ ᠳᠤ ᠣᠷᠣᠭᠤᠯᠵᠤ᠂ ᠬᠠᠤᠯᠢ ᠬᠡᠷᠡᠭᠵᠢᠭᠦᠯᠬᠦ ᠪᠡᠷᠬᠡ ᠰᠡᠳᠦᠪ ᠢ ᠰᠢᠢᠳᠪᠦᠷᠢᠯᠡᠬᠦ᠂ ᠬᠡᠷᠡᠭ ᠰᠢᠢᠳᠪᠦᠷᠢᠯᠡᠬᠦ ᠪᠠᠷᠢᠮᠵᠢᠶ᠎ᠠ ᠶᠢ ᠨᠢᠭᠡᠳᠬᠡᠬᠦ᠂ ᠠᠵᠢᠯᠯᠠᠬᠤ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠭᠰᠠᠨ ᠪᠠᠶᠢᠨ᠎ᠠ᠃
    ᠨᠢᠭᠡ᠂ ᠬᠡᠷᠡᠭ ᠤᠨ ᠵᠢᠱᠢᠶ᠎ᠡ ᠶᠢᠨ ᠵᠢᠯᠣᠭᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠤᠨᠢᠨ ᠳᠡᠭᠡᠷ᠎ᠡ ᠨᠢ ᠬᠡᠷᠡᠭ ᠢ ᠰᠢᠢᠳᠪᠦᠷᠢᠯᠡᠬᠦ ᠳᠤ ᠵᠢᠷᠤᠮᠯᠠᠬᠤ ᠳᠦᠷᠢᠮ ᠲᠠᠢ ᠪᠣᠯᠭᠠᠪᠠ᠃ ᠵᠢᠯᠣᠭᠤᠳᠤᠯᠭ᠎ᠠ ᠶᠢᠨ ᠴᠢᠨᠠᠷᠲᠠᠢ ᠬᠡᠷᠡᠭ ᠤᠨ ᠵᠢᠱᠢᠶ᠎ᠡ ᠨᠢᠭᠡᠪᠦᠷᠢ ᠨᠢ ᠴᠥᠮ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠦᠰᠦᠨ ᠪᠤᠶᠢᠵᠢᠯᠲᠠ ᠶᠢᠨ ᠤᠯᠠ ᠮᠥᠷ ᠮᠥᠨ᠃ ᠵᠢᠯᠣᠭᠤᠳᠤᠯᠭ᠎ᠠ ᠶᠢᠨ ᠴᠢᠨᠠᠷᠲᠠᠢ ᠬᠡᠷᠡᠭ ᠤᠨ ᠵᠢᠱᠢᠶ᠎ᠡ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠬᠤ ᠶᠢᠨ ᠲᠥᠯᠥᠭᠡ᠂ ᠰᠢᠨ᠎ᠡ ᠬᠤᠳᠠ ᠲᠣᠭᠤᠷᠢᠭ ᠤᠨ ᠪᠠᠶᠢᠴᠠᠭᠠᠬᠤ ᠬᠤᠷᠢᠶ᠎ᠠ ᠵᠢᠯᠣᠭᠤᠳᠤᠯᠭ᠎ᠠ ᠶᠢᠨ ᠴᠢᠨᠠᠷᠲᠠᠢ ᠬᠡᠷᠡᠭ ᠤᠨ ᠵᠢᠱᠢᠶ᠎ᠡ ᠶᠢ ᠰᠤᠷᠤᠯᠴᠠᠬᠤ ᠪᠠ ᠬᠡᠷᠡᠭᠯᠡᠬᠦ ᠪᠦᠷᠢᠨ ᠲᠥᠬᠦᠷ ᠲᠣᠭᠲᠠᠴᠠ ᠶᠢ ᠪᠠᠶᠢᠭᠤᠯᠪᠠ᠃ ᠪᠠᠶᠢᠴᠠᠭᠠᠬᠤ ᠺᠣᠮᠢᠰ᠂ ᠪᠠᠶᠢᠴᠠᠭᠠᠬᠤ ᠲᠤᠰᠢᠶᠠᠯᠲᠠᠨ ᠤ ᠬᠠᠮᠲᠤᠷᠠᠭᠰᠠᠨ ᠬᠤᠷᠠᠯ ᠵᠡᠷᠭᠡ ᠪᠠᠷ ᠳᠠᠮᠵᠢᠭᠤᠯᠤᠨ ᠵᠢᠯᠣᠭᠤᠳᠤᠯᠭ᠎ᠠ ᠶᠢᠨ ᠴᠢᠨᠠᠷᠲᠠᠢ ᠬᠡᠷᠡᠭ ᠤᠨ ᠵᠢᠱᠢᠶ᠎ᠡ ᠶᠢᠨ ᠰᠤᠷᠤᠯᠴᠠᠯᠭ᠎ᠠ ᠶᠢ ᠥᠷᠨᠢᠭᠦᠯᠬᠦ ᠨᠢ ᠨᠢᠭᠡᠨᠲᠡ ᠰᠢᠨ᠎ᠡ ᠬᠤᠳᠠ ᠲᠣᠭᠤᠷᠢᠭ ᠤᠨ ᠪᠠᠶᠢᠴᠠᠭᠠᠬᠤ ᠬᠤᠷᠢᠶᠠᠨ ᠤ ᠬᠡᠪ ᠤᠨ ᠪᠠᠶᠢᠳᠠᠯ ᠪᠣᠯᠵᠤ᠂ ᠪᠠᠶᠢᠴᠠᠭᠠᠬᠤ ᠲᠤᠰᠢᠶᠠᠯᠲᠠᠨ ᠪᠣᠳᠠᠲᠠᠢ ᠬᠡᠷᠡᠭ ᠲᠠᠢ ᠤᠶᠠᠯᠳᠤᠭᠤᠯᠤᠨ᠂ ᠵᠢᠯᠣᠭᠤᠳᠤᠯᠭ᠎ᠠ ᠶᠢᠨ ᠴᠢᠨᠠᠷᠲᠠᠢ ᠬᠡᠷᠡᠭ ᠤᠨ ᠵᠢᠱᠢᠶ᠎ᠡ ᠶᠢ ᠬᠡᠷᠡᠭᠯᠡᠬᠦ ᠳᠦᠷᠢᠮ ᠢ ᠵᠠᠳᠠᠯᠵᠤ᠂ ᠭᠤᠣᠯ ᠭᠤᠣᠯ ᠵᠣᠷᠢᠯᠲᠠ ᠶᠢ ᠣᠨᠣᠪᠴᠢᠲᠠᠶ ᠡᠵᠡᠮᠰᠢᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠵᠢᠯᠣᠭᠤᠳᠤᠯᠭ᠎ᠠ ᠶᠢᠨ ᠴᠢᠨᠠᠷᠲᠠᠢ ᠬᠡᠷᠡᠭ ᠤᠨ ᠵᠢᠱᠢᠶ᠎ᠡ ᠶᠢ ᠭᠡᠷᠡᠴᠢ ᠪᠠᠷᠢᠮᠲᠠ ᠶᠢᠨ ᠨᠤᠲᠠᠯᠠᠯᠲᠠ ᠶᠢᠨ ᠰᠢᠰᠲ᠋ᠧᠮ ᠳᠤ ᠣᠷᠣᠭᠤᠯᠬᠤ ᠶᠢ ᠴᠢᠬᠤᠯᠠᠴᠢᠯᠠᠵᠤ᠂ ᠬᠢᠨᠠᠨ ᠪᠠᠶᠢᠴᠠᠭᠠᠭᠰᠠᠨ ᠮᠡᠳᠡᠭᠦᠯᠦᠯᠲᠡ ᠵᠡᠷᠭᠡ ᠵᠢᠩᠬᠢᠨᠢ ᠬᠠᠤᠯᠢ ᠴᠠᠭᠠᠵᠠ ᠶᠢᠨ ᠪᠢᠴᠢᠭ ᠬᠠᠷ᠎ᠠ ᠳᠠᠭᠠᠨ᠂ ᠪᠠᠶᠢᠴᠠᠭᠠᠬᠤ ᠲᠤᠰᠢᠶᠠᠯᠲᠠᠨ ᠢ ᠰᠢᠢᠳᠪᠦᠷᠢᠯᠡᠬᠦ ᠰᠠᠨᠠᠯ ᠳᠤᠷᠠᠳᠬᠤ ᠳᠠᠭᠠᠨ ᠬᠤᠯᠪᠣᠭᠳᠠᠯ ᠪᠦᠬᠦᠢ ᠵᠢᠯᠣᠭᠤᠳᠤᠯᠭ᠎ᠠ ᠶᠢᠨ ᠴᠢᠨᠠᠷᠲᠠᠢ ᠬᠡᠷᠡᠭ ᠤᠨ ᠵᠢᠱᠢᠶ᠎ᠡ ᠪᠠᠷ ᠯᠠᠪᠯᠠᠯᠲᠠ ᠪᠣᠯᠭᠠᠭᠰᠠᠨ ᠡᠰᠡᠬᠦ ᠶᠢ ᠭᠦᠢᠴᠡᠳ ᠲᠣᠳᠣᠷᠬᠠᠶᠢᠯᠠᠵᠤ᠂ ᠬᠡᠷᠡᠭ ᠤᠨ ᠵᠢᠱᠢᠶ᠎ᠡ ᠶᠢᠨ ᠵᠢᠯᠣᠭᠤᠳᠤᠯᠭ᠎ᠠ ᠶᠢᠨ ᠦᠢᠯᠡᠳᠦᠯᠭᠡ ᠶᠢᠨ ᠦᠨ᠎ᠡ ᠥᠷᠲᠡᠭ ᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠨᠡᠶᠢᠭᠡᠮ ᠤᠨ ᠵᠠᠰᠠᠯᠲᠠ ᠶᠢᠨ ᠲᠤᠬᠠᠢ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠨᠡᠶᠢᠲᠡᠯᠡᠬᠦ ᠦᠶ᠎ᠡ ᠳᠤ᠂ ᠵᠢᠯᠣᠭᠤᠳᠤᠯᠭ᠎ᠠ ᠶᠢᠨ ᠴᠢᠨᠠᠷᠲᠠᠢ ᠬᠡᠷᠡᠭ ᠤᠨ ᠵᠢᠱᠢᠶ᠎ᠡ ᠶᠢ ᠴᠦ ᠴᠢᠬᠤᠯᠠ ᠯᠠᠪᠯᠠᠯᠲᠠ ᠪᠠ ᠡᠷᠬᠡ ᠰᠦᠷᠲᠦ ᠦᠨᠳᠦᠰᠦᠯᠡᠯ ᠪᠣᠯᠭᠠᠵᠤ᠂ ᠰᠠᠨᠠᠭᠤᠯᠭ᠎ᠠ ᠶᠢᠨ ᠶᠣᠰᠣ ᠬᠡᠯᠡᠬᠦ ᠴᠢᠨᠠᠷ᠂ ᠲᠤᠰᠬᠠᠢ ᠮᠡᠷᠭᠡᠵᠢᠯ ᠤᠨ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠪᠡ᠃
    ᠬᠤᠶᠠᠷ᠂ ᠬᠡᠷᠡᠭ ᠤᠨ ᠵᠢᠱᠢᠶ᠎ᠡ ᠶᠢᠨ ᠬᠡᠷᠡᠭᠯᠡᠯᠲᠡ ᠶᠢ ᠤᠯᠠᠨ ᠲᠠᠯ᠎ᠠ ᠪᠠᠷ ᠳᠡᠯᠭᠡᠷᠡᠭᠦᠯᠵᠦ᠂ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠲᠣᠭᠲᠠᠭᠤᠨ ᠢᠶᠠᠷ ᠳᠡᠭᠡᠭᠰᠢᠯᠡᠪᠡ᠃ ᠡᠷᠡᠭᠦᠦ ᠶᠢᠨ ᠬᠡᠷᠡᠭ ᠤᠨ ᠶᠠᠯᠠᠲᠤ ᠬᠡᠷᠡᠭ ᠢ ᠵᠠᠭᠠᠯᠳᠤᠬᠤ ᠪᠠ ᠵᠥᠷᠢᠴᠡᠯ ᠢ ᠨᠠᠮᠳᠠᠭᠤᠯᠬᠤ ᠳᠤ ᠨᠠᠷᠢᠯᠢᠭ ᠣᠨᠣᠴᠠᠲᠠᠢ ᠴᠢᠨᠠᠷ ᠢ ᠲᠤᠪᠤᠶᠢᠯᠭᠠᠪᠠ᠃ ᠪᠤᠰᠤᠳ ᠤᠨ ᠵᠠᠬᠢᠶᠠᠯᠠᠭ᠎ᠠ ᠶᠢᠨ ᠬᠤᠭᠤᠯᠠ ᠶᠢ ᠤᠯᠠᠨ ᠤᠳᠠᠭ᠎ᠠ ᠬᠤᠯᠠᠭᠠᠶᠢᠯᠠᠭᠰᠠᠨ ᠠᠴᠠ ᠪᠣᠯᠵᠤ ᠬᠤᠯᠠᠭᠠᠶᠢᠯᠠᠭᠰᠠᠨ ᠬᠡᠷᠡᠭ ᠢ ᠰᠢᠢᠳᠪᠦᠷᠢᠯᠡᠬᠦ ᠶᠠᠪᠤᠴᠠ ᠳᠤ᠂ ᠰᠢᠨ᠎ᠡ ᠬᠤᠳᠠ ᠲᠣᠭᠤᠷᠢᠭ ᠤᠨ ᠪᠠᠶᠢᠴᠠᠭᠠᠬᠤ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠡᠶᠢᠲᠡᠯᠡᠭᠰᠡᠨ 52 ᠳ᠋ᠤᠭᠠᠷ ᠪᠦᠯᠦᠭ ᠤᠨ ᠵᠢᠯᠤᠭᠤᠳᠬᠤ ᠬᠡᠷᠡᠭ ᠤᠨ ᠵᠢᠱᠢᠶ᠎ᠡ —— ᠵᠤᠤ ᠣᠪᠣᠭᠲᠤ ᠶᠢᠨ ᠬᠤᠯᠠᠭᠠᠶᠢᠯᠠᠭᠰᠠᠨ ᠢᠶᠠᠷ ᠰᠡᠵᠢᠭᠯᠡᠭᠳᠡᠵᠦ ᠪᠠᠷᠢᠪᠴᠢᠯᠠᠬᠤ ᠶᠢ ᠦᠯᠦ ᠵᠥᠪᠰᠢᠶᠡᠷᠡᠭᠰᠡᠨ ᠲᠠᠬᠢᠨ ᠵᠥᠪᠯᠡᠵᠦ ᠲᠠᠬᠢᠨ ᠬᠢᠨᠠᠭᠰᠠᠨ ᠬᠡᠷᠡᠭ ︵ᠪᠠᠶᠢᠴᠠᠭᠠᠭᠰᠠᠨ ᠵᠢᠱᠢᠶ᠎ᠡ 209 ᠳ᠋ᠦᠭᠡᠷ ᠲᠣᠭᠠᠲᠤ︶ ᠢᠶᠠᠷ ᠯᠠᠪᠯᠠᠯᠲᠠ ᠪᠣᠯᠭᠠᠵᠤ᠂ ᠬᠤᠶᠠᠷ ᠲᠠᠯ᠎ᠠ ᠶᠢᠨ ᠡᠪᠰᠡᠬᠦ ᠶᠢ ᠢᠳᠡᠪᠬᠢᠲᠡᠢ ᠠᠬᠢᠭᠤᠯᠤᠭᠰᠠᠨ ᠪᠥᠭᠡᠳ ᠶᠠᠯ᠎ᠠ ᠬᠢᠭᠰᠡᠨ ᠰᠡᠵᠢᠭᠯᠡᠯᠲᠡᠢ ᠬᠥᠮᠥᠨ ᠳᠤ ᠪᠠᠷᠢᠪᠴᠢᠯᠠᠬᠤ ᠶᠢ ᠦᠯᠦ ᠵᠥᠪᠰᠢᠶᠡᠷᠡᠬᠦ ᠲᠣᠭᠲᠠᠭᠠᠯ ᠭᠠᠷᠭᠠᠵᠤ᠂ ᠮᠥᠷᠭᠦᠯᠳᠦᠭᠡᠨ ᠢ ᠪᠦᠲᠦᠮᠵᠢᠲᠡᠶ ᠪᠠᠷ ᠨᠠᠮᠳᠠᠭᠤᠯᠪᠠ᠃ ᠨᠡᠶᠢᠲᠡ ᠶᠢᠨ ᠠᠰᠠᠷᠠᠮᠵᠢ ᠶᠢᠨ ᠵᠠᠷᠭᠤ ᠳᠤ ᠬᠢᠨᠠᠯᠲᠠ ᠲᠠᠯᠪᠢᠬᠤ ᠬᠠᠲᠠᠭᠤ ᠴᠢᠨᠠᠷ ᠢ ᠴᠢᠩᠭᠠᠳᠬᠠᠪᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠦᠷᠢᠶᠡᠨ ᠳᠠᠬᠢ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ ᠰᠢᠪᠠᠳᠠᠨ ᠴᠡᠭᠴᠡᠯᠡᠨ ᠵᠠᠰᠠᠬᠤ ᠳᠤᠮᠳᠠ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠡᠶᠢᠲᠡᠯᠡᠭᠰᠡᠨ ᠤᠯᠤᠰ ᠤᠨ ᠡᠳ᠋ ᠤᠨ ᠵᠠᠰᠠᠭ ᠤᠯᠤᠰ ᠤᠨ ᠨᠤᠲᠤᠭ ᠳᠡᠪᠢᠰᠬᠡᠷ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠬᠡᠷᠡᠭᠯᠡᠭᠰᠡᠨ ᠬᠤᠨᠠᠨ ᠮᠤᠵᠢ ᠶᠢᠨ ᠴᠠᠩᠱᠠ ᠬᠤᠲᠠ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠵᠥᠷᠢᠴᠡᠵᠦ ᠵᠠᠷᠤᠭᠰᠠᠨ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ ᠶᠢ ᠨᠡᠬᠡᠮᠵᠢᠯᠡᠨ ᠠᠪᠴᠢᠷᠠᠬᠤ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠲᠤ᠂ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ ᠶᠢᠨ ᠮᠥᠩᠭᠦ ᠶᠢ ᠨᠡᠬᠡᠮᠵᠢᠯᠡᠨ ᠠᠪᠴᠢᠷᠠᠬᠤ ᠬᠡᠷᠡᠭ ᠰᠢᠢᠳᠪᠦᠷᠢᠯᠡᠬᠦ ᠰᠡᠳᠬᠢᠴᠡ ᠪᠠ ᠠᠷᠭ᠎ᠠ ᠶᠢ ᠰᠢᠪᠠᠳᠠᠵᠤ᠂ ᠬᠡᠷᠡᠭ ᠰᠢᠢᠳᠪᠦᠷᠢᠯᠡᠬᠦ ᠶᠠᠪᠤᠴᠠ ᠳᠤ ᠣᠯᠵᠤ ᠮᠡᠳᠡᠭᠰᠡᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠯᠳᠠᠭᠳᠠᠵᠤ ᠭᠡᠭᠡᠭᠳᠡᠭᠰᠡᠨ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠢ ᠳᠤᠨᠢ ᠮᠥᠷᠳᠡᠨ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠪᠠᠳᠠᠵᠤ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠪᠠᠲᠤᠯᠠᠪᠠ᠃
    ᠭᠤᠷᠪᠠ᠂ ᠲᠤᠭ᠎ᠠ ᠪᠠᠷᠢᠮᠲᠠ ᠶᠢᠨ ᠴᠢᠳᠠᠪᠤᠷᠢ ᠶᠢ ᠨᠠᠷᠢᠯᠢᠭ ᠣᠨᠣᠴᠠᠲᠠᠢ ᠪᠠᠷ ᠬᠠᠶᠢᠨ ᠰᠦᠪᠡᠭᠴᠢᠯᠡᠵᠦ᠂ ᠬᠡᠷᠡᠭ ᠤᠨ ᠵᠢᠱᠢᠶ᠎ᠡ ᠶᠢᠨ ᠬᠡᠷᠡᠭᠯᠡᠯᠲᠡ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠣᠯᠪᠠ᠃ ᠵᠢᠯᠣᠭᠤᠳᠤᠯᠭ᠎ᠠ ᠶᠢᠨ ᠴᠢᠨᠠᠷᠲᠠᠢ ᠬᠡᠷᠡᠭ ᠤᠨ ᠵᠢᠱᠢᠶ᠎ᠡ ᠶᠢ ᠬᠡᠷᠡᠭᠯᠡᠬᠦ ᠶᠢᠨ ᠬᠠᠮᠤᠭ ᠤᠨ ᠶᠡᠭᠡ ᠬᠦᠴᠢᠷᠳᠡᠯ ᠪᠣᠯ ᠬᠡᠷᠡᠭ ᠤᠨ ᠵᠢᠱᠢᠶ᠎ᠡ ᠶᠢ ᠡᠷᠢᠬᠦ ᠶᠢᠨ ᠣᠨᠣᠪᠴᠢ ᠶᠢᠨ ᠬᠡᠮᠵᠢᠶ᠎ᠡ ᠪᠠ ᠦᠷ᠎ᠡ ᠪᠦᠲᠦᠮᠵᠢ ᠳᠤ ᠪᠠᠶᠢᠨ᠎ᠠ᠂ ᠢᠯᠠᠩᠭᠤᠶ᠎ᠠ ᠰᠢᠨ᠎ᠡ ᠬᠡᠯᠪᠡᠷᠢ ᠶᠢᠨ ᠬᠡᠷᠡᠭ ᠪᠤᠶᠤ ᠪᠤᠳᠤᠯᠢᠶᠠᠨᠲᠠᠢ ᠪᠠᠶᠢᠳᠠᠯ ᠳᠤ ᠴᠢᠭᠯᠡᠭᠦᠯᠦᠨ᠂ ᠬᠠᠮᠤᠭ ᠤᠨ ᠬᠤᠯᠪᠣᠭᠳᠠᠯ ᠪᠦᠬᠦᠢ ᠵᠢᠯᠣᠭᠤᠳᠤᠯᠭ᠎ᠠ ᠶᠢᠨ ᠴᠢᠨᠠᠷᠲᠠᠢ ᠬᠡᠷᠡᠭ ᠤᠨ ᠵᠢᠱᠢᠶ᠎ᠡ ᠶᠢ ᠣᠨᠣᠪᠴᠢᠲᠠᠶ ᠵᠣᠬᠢᠴᠠᠭᠤᠯᠬᠤ ᠳᠤ ᠴᠠᠭ ᠪᠠ ᠤᠷ᠎ᠠ ᠳᠡᠮ ᠢ ᠬᠡᠷᠡᠭᠰᠡᠨ᠎ᠡ᠃ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠣᠯᠠᠨ ᠤᠳᠠᠭ᠎ᠠ ᠲᠣᠮᠣ ᠳ᠋ᠠᠶᠢᠲ᠋ᠠ ᠶᠢᠨ ᠬᠠᠤᠯᠢ ᠴᠠᠭᠠᠵᠠ ᠶᠢᠨ ᠬᠢᠨᠠᠯᠲᠠ ᠶᠢᠨ ᠵᠠᠭᠪᠤᠷ ᠪᠠ AI ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠢᠬᠦ ᠠᠷᠭ᠎ᠠ ᠵᠠᠮ ᠪᠠ ᠳ᠋ᠠᠶᠢᠲ᠋ᠠ ᠶᠢᠨ ᠵᠠᠰᠠᠯᠲᠠ ᠶᠢ ᠦᠷᠭᠦᠯᠵᠢᠯᠡᠨ ᠰᠢᠯᠢᠳᠡᠭᠵᠢᠭᠦᠯᠪᠡ᠃ ᠡᠳᠡᠭᠡᠷ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠪᠠᠶᠢᠴᠠᠭᠠᠬᠤ ᠠᠵᠢᠯᠲᠠᠨ ᠲᠡᠷᠢᠭᠦᠨ ᠤ ᠮᠡᠷᠭᠡᠵᠢᠯ ᠤᠨ ᠦᠨᠳᠦᠰᠦᠯᠡᠯ ᠪᠠ ᠬᠡᠷᠡᠭᠯᠡᠬᠦ ᠠᠷᠭ᠎ᠠ ᠶᠢ ᠭᠦᠨᠵᠡᠭᠡᠢ ᠣᠶᠢᠯᠠᠭᠠᠭᠰᠠᠨ ᠢᠶᠠᠷ ᠪᠠᠷᠠᠬᠤ ᠦᠭᠡᠢ᠂ ᠨᠡᠩ ᠴᠤ ᠪᠣᠳᠠᠲᠠᠢ ᠠᠵᠢᠯᠯᠠᠬᠤ ᠳᠤᠮᠳᠠ ᠪᠠᠨ ᠡᠷᠢᠬᠦ ᠠᠷᠭ᠎ᠠ ᠵᠠᠮ ᠢ ᠲᠠᠰᠤᠷᠠᠯᠳᠠ ᠦᠭᠡᠢ ᠰᠦᠪᠡᠭᠴᠢᠯᠡᠨ ᠰᠢᠯᠢᠳᠡᠭᠵᠢᠭᠦᠯᠵᠦ᠂ ᠡᠷᠢᠬᠦ ᠦᠷ᠎ᠡ ᠪᠦᠲᠦᠮᠵᠢ ᠪᠠ ᠬᠡᠷᠡᠭ ᠤᠨ ᠵᠢᠱᠢᠶ᠎ᠡ ᠶᠢᠨ ᠬᠡᠷᠡᠭᠯᠡᠯᠲᠡ ᠶᠢᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃


    

ᠢᠷᠡᠯᠲᠡ
ᠬᠦᠬᠡᠬᠤᠲᠠ ᠶᠢᠨ ᠰᠢᠨ᠎ᠡ ᠬᠤᠲᠠ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro