ᠪᠠᠶᠢᠴᠠᠭᠠᠬᠤ ᠭᠡᠷᠡᠴᠢᠯᠡᠭᠡ ᠰᠤᠨᠤᠰᠤᠭᠰᠠᠨ ᠤ ᠲᠠᠷᠠᠭᠠᠬᠢ ᠶᠡᠬᠡ ᠵᠠᠰᠠᠯᠲᠠ
ᠪᠠᠶᠢᠴᠠᠭᠠᠬᠤ ᠭᠡᠷᠡᠴᠢᠯᠡᠭᠡ ᠰᠣᠨᠣᠰᠤᠭᠰᠠᠨ ᠤ ᠳᠠᠷᠠᠭᠠᠬᠢ ᠶᠡᠭᠡ ᠵᠠᠰᠠᠯᠲᠠ
ᠨᠢᠭᠡᠨ ᠦᠯᠦ ᠵᠠᠭᠠᠯᠳᠤᠬᠤ ᠲᠣᠭᠲᠠᠭᠠᠯ ᠤᠨ ᠪᠢᠴᠢᠭ ᠤᠨ ᠠᠷᠤ ᠳᠤ ᠬᠠᠤᠯᠢ ᠴᠠᠭᠠᠵᠠ ᠶᠢᠨ ᠤᠶᠤᠨ ᠤᠬᠠᠭᠠᠨ ᠪᠠ ᠵᠠᠰᠠᠯᠲᠠ ᠶᠢᠨ ᠪᠣᠳᠣᠯᠬᠢᠯᠠᠯ ᠢ ᠠᠭᠤᠰᠤᠯᠴᠠᠭᠤᠯᠵᠤ ᠪᠠᠶᠢᠳᠠᠭ᠃ ᠣᠶᠢᠷ᠎ᠠ ᠳᠤ᠂ ᠦᠴᠤᠸᠠᠨ ᠰᠢᠶᠠᠨ ᠤ ᠪᠠᠶᠢᠴᠠᠭᠠᠬᠤ ᠬᠤᠷᠢᠶᠠᠨ ᠤ ᠬᠤᠷᠠᠯᠳᠤᠭᠤᠯᠤᠭᠰᠠᠨ ᠵᠠᠩ ᠣᠪᠣᠭᠲᠤ ᠶᠢᠨ ᠵᠠᠮ ᠬᠠᠷᠢᠯᠴᠠᠭᠠᠨ ᠤ ᠠᠳᠡᠯ ᠭᠠᠷᠭᠠᠭᠰᠠᠨ ᠬᠡᠷᠡᠭ ᠤᠨ ᠭᠡᠷᠡᠴᠢᠯᠡᠭᠡ ᠰᠣᠨᠣᠰᠬᠤ ᠬᠤᠷᠠᠯ ᠳᠡᠭᠡᠷ᠎ᠡ ᠂ ᠴᠢᠩᠭ᠎ᠠ ᠨᠢᠮᠪᠠᠶ ᠵᠢᠷᠤᠮ ᠶᠣᠰᠣᠭᠠᠷ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠢᠨ᠎ᠡ ᠪᠠᠶᠢᠳᠠᠯ ᠢ ᠬᠠᠷᠠᠭᠤᠯᠪᠠ᠃ ᠭᠡᠷᠡᠴᠢᠯᠡᠭᠡ ᠰᠣᠨᠣᠰᠬᠤ ᠪᠣᠯ ᠬᠢᠨᠠᠨ ᠪᠠᠶᠢᠴᠠᠭᠠᠯᠲᠠ ᠶᠢᠨ ᠳᠦᠷᠢᠮ ᠪᠣᠯᠬᠤ ᠪᠠᠷ ᠪᠠᠷᠠᠬᠤ ᠦᠭᠡᠢ᠂ ᠨᠡᠩ ᠴᠤ ᠪᠠᠶᠢᠴᠠᠭᠠᠬᠤ ᠪᠠᠶᠢᠭᠤᠯᠭ᠎ᠠ ᠶᠢᠨ ᠡᠭᠦᠷᠭᠡ ᠲᠤᠰᠢᠶᠠᠯ ᠢᠶᠠᠨ ᠢᠳᠡᠪᠬᠢᠲᠡᠢ ᠭᠦᠢᠴᠡᠳᠬᠡᠵᠦ᠂ ᠨᠡᠶᠢᠭᠡᠮ ᠤᠨ ᠵᠠᠰᠠᠯᠲᠠ ᠳᠤ ᠭᠦᠨᠵᠡᠭᠡᠢ ᠠᠭᠤᠰᠤᠯᠴᠠᠬᠤ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠂ ᠣᠨᠴᠠᠭᠠᠢ ᠬᠡᠷᠡᠭ ᠢ ᠰᠢᠢᠳᠪᠦᠷᠢᠯᠡᠬᠦ ᠪᠠᠷ ᠳᠠᠮᠵᠢᠨ ᠬᠠᠤᠯᠢᠵᠢᠯ ᠤᠨ ᠬᠠᠳᠠᠨ ᠴᠢᠨᠠᠷ ᠢ ᠢᠯᠡᠷᠡᠭᠦᠯᠵᠦ᠂ ᠬᠠᠤᠯᠢ ᠴᠠᠭᠠᠵᠠ ᠶᠢᠨ ᠬᠠᠶᠢᠷ᠎ᠠ ᠬᠠᠯᠠᠮᠵᠢ ᠶᠢ ᠳᠠᠮᠵᠢᠭᠤᠯᠬᠤ ᠶᠢᠨ ᠬᠠᠮᠲᠤ ᠡᠬᠢ ᠡᠭᠦᠰᠦᠯ ᠠᠴᠠ ᠨᠢ ᠵᠠᠰᠠᠬᠤ ᠶᠢ ᠠᠬᠢᠭᠤᠯᠬᠤ ᠬᠡᠷᠡᠭᠲᠡᠢ᠃
ᠨᠢᠭᠡ᠂ ︽ᠡᠷᠴᠢᠮ︾ ᠢᠶᠠᠷ ᠲᠥᠪ ᠭᠤᠣᠯᠴᠢ ᠰᠠᠭᠤᠷᠢ ᠲᠠᠯᠪᠢᠬᠤ ᠬᠡᠷᠡᠭᠲᠡᠢ
ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠶᠢᠨ ᠲᠡᠷᠢᠭᠦᠨ ᠴᠢᠬᠤᠯᠠ ︽ᠬᠦᠴᠦᠨ︾ ᠨᠢ ᠢᠯᠡ ᠪᠠᠷ ᠲᠥᠪ ᠭᠤᠣᠯᠴᠢ ᠶᠢ ᠠᠬᠢᠭᠤᠯᠵᠤ᠂ ᠵᠢᠷᠤᠮᠵᠢᠯ ᠢᠶᠠᠷ ᠡᠷᠬᠡ ᠰᠦᠷ ᠢ ᠢᠯᠡᠷᠡᠭᠦᠯᠬᠦ ᠳᠤ ᠪᠠᠶᠢᠨ᠎ᠠ᠃ ᠨᠢᠭᠡ ᠳᠤ᠂ ᠳᠦᠷᠢᠮ ᠢ ᠪᠠᠲᠤᠯᠠᠬᠤ᠃ ᠪᠠᠶᠢᠴᠠᠭᠠᠬᠤ ᠳᠠᠷᠤᠭ᠎ᠠ ᠲᠣᠰ ᠤᠳᠠᠭᠠᠨ ᠤ ᠭᠡᠷᠡᠴᠢᠯᠡᠭᠡ ᠰᠣᠨᠣᠰᠬᠤ ᠬᠤᠷᠠᠯ ᠢ ᠡᠷᠭᠢᠯᠡᠵᠦ᠂ ᠪᠡᠶ᠎ᠡ ᠭᠠᠷᠤᠯ ᠢ ᠬᠠᠷᠭᠤᠭᠤᠯᠬᠤ᠂ ᠡᠷᠬᠡ ᠡᠭᠦᠷᠭᠡ ᠶᠢ ᠮᠡᠳᠡᠭᠳᠡᠬᠦ᠂ ᠰᠠᠬᠢᠯᠭ᠎ᠠ ᠪᠠᠲᠤ ᠶᠢ ᠨᠡᠶᠢᠲᠡᠯᠡᠬᠦ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠲᠥᠪ ᠭᠤᠣᠯᠴᠢ ᠶᠢ ᠢ ᠦᠨᠡᠨ ᠬᠦ ᠪᠠᠲᠤᠯᠠᠪᠠ᠃ ᠣᠶᠢᠷ᠎ᠠ ᠶᠢᠨ ᠵᠢᠯ ᠤᠳ ᠲᠤ ᠬᠤᠷᠢᠶᠠᠨ ᠤ ᠤᠳᠤᠷᠢᠳᠤᠯᠭ᠎ᠠ ᠭᠡᠷᠡᠴᠢᠯᠡᠭᠡ ᠰᠣᠨᠣᠰᠬᠤ ᠬᠠᠷᠢᠴᠠᠯ ᠨᠢ 74% ᠬᠦᠷᠴᠦ᠂ ᠲᠠᠰ ᠳᠠᠪᠬᠤᠷᠭ᠎ᠠ ᠶᠢᠨ ᠳᠡᠭᠡᠭᠰᠢᠯᠡᠯᠲᠡ ᠪᠡᠷ ᠳᠦᠷᠢᠮ ᠤᠨ ᠲᠥᠪ ᠴᠢᠩᠭ᠎ᠠ ᠴᠢᠨᠠᠷ ᠢ ᠴᠢᠩᠭᠠᠳᠬᠠᠪᠠ᠃ ᠬᠤᠶᠠᠷ ᠲᠤ᠂ ᠬᠠᠤᠯᠢ ᠴᠠᠭᠠᠵᠠ ᠶᠢᠨ ᠲᠠᠰᠤᠯᠬᠤ ᠴᠢᠳᠠᠪᠤᠷᠢ᠃ ᠪᠠᠶᠢᠴᠠᠭᠠᠬᠤ ᠲᠤᠰᠢᠶᠠᠯᠲᠠᠨ ᠭᠡᠷᠡᠴᠢ ᠪᠠᠷᠢᠮᠲᠠ ᠶᠢᠨ ᠬᠡᠯᠬᠢᠶ᠎ᠡ ᠶᠢ ᠰᠢᠰᠲ᠋ᠧᠮ ᠲᠠᠢ ᠪᠠᠷ ᠡᠮᠬᠢᠯᠡᠵᠦ᠂ ᠵᠠᠮ ᠬᠠᠷᠢᠯᠴᠠᠭᠠᠨ ᠤ ᠬᠡᠷᠡᠭ ᠭᠠᠷᠭᠠᠭᠰᠠᠨ ᠶᠠᠯ᠎ᠠ ᠶᠢᠨ ᠪᠦᠷᠢᠯᠳᠦᠯ ᠤᠨ ᠴᠢᠬᠤᠯᠠ ᠨᠥᠬᠦᠴᠡᠯ ᠵᠢᠴᠢ ᠬᠠᠷᠢᠴᠠᠩᠭᠤᠢ ᠪᠠᠷ ᠦᠯᠦ ᠵᠠᠭᠠᠯᠳᠤᠬᠤ ᠪᠠᠷᠢᠮᠵᠢᠶ᠎ᠠ ᠶᠢ ᠨᠠᠷᠢᠨ ᠲᠣᠳᠣᠷᠬᠠᠢ ᠲᠠᠶᠢᠯᠪᠤᠷᠢᠯᠠᠵᠤ᠂ ᠬᠠᠤᠯᠢ ᠶᠢᠨ ᠲᠣᠭᠲᠠᠭᠠᠯ ᠲᠣᠳᠣᠷᠬᠠᠢ᠂ ᠬᠠᠤᠯᠢ ᠴᠠᠭᠠᠵᠠ ᠶᠢᠨ ᠰᠠᠭᠤᠷᠢ ᠪᠠ ᠲᠤᠰᠬᠠᠢ ᠮᠡᠷᠭᠡᠵᠢᠯ ᠤᠨ ᠢᠳᠡ ᠬᠦᠴᠦᠨ ᠢᠶᠠᠷ ᠲᠠᠰᠤᠯᠬᠤ ᠴᠢᠳᠠᠪᠤᠷᠢ ᠶᠢ ᠪᠠᠳᠠᠷᠠᠭᠤᠯᠪᠠ᠃ ᠭᠤᠷᠪᠠ ᠳᠤ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠠᠳᠠᠷᠠᠭᠤᠯᠪᠠ᠃ ᠭᠦᠢᠴᠡᠳ ᠰᠠᠨᠠᠯ ᠰᠣᠨᠣᠰᠬᠤ ᠪᠠᠷ ᠳᠠᠮᠵᠢᠭᠠᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠬᠢᠨᠠᠯᠲᠠ ᠲᠠᠯᠪᠢᠭᠴᠢ ᠪᠠᠷ ᠪᠦᠷᠢᠯᠳᠦᠭᠰᠡᠨ ᠭᠡᠷᠡᠴᠢᠯᠡᠭᠴᠢ᠂ ᠲᠤᠰᠠᠭᠠᠷ ᠦᠨᠡᠯᠡᠭᠰᠡᠨ ᠤ ᠳᠠᠷᠠᠭ᠎ᠠ ᠪᠠᠶᠢᠴᠠᠭᠠᠬᠤ ᠪᠠᠶᠢᠭᠤᠯᠭ᠎ᠠ ᠶᠢᠨ ᠰᠢᠢᠳᠪᠦᠷᠢᠯᠡᠬᠦ ᠰᠠᠨᠠᠯ ᠢ ᠬᠠᠮᠲᠤ ᠪᠠᠷ ᠮᠡᠳᠡᠷᠡᠵᠦ᠂ ᠦᠯᠦ ᠵᠠᠭᠠᠯᠳᠤᠬᠤ ᠲᠣᠭᠲᠠᠭᠠᠯ ᠤᠨ ᠵᠦᠢ ᠶᠣᠰᠣᠴᠢ ᠴᠢᠨᠠᠷ ᠪᠠ ᠨᠡᠶᠢᠭᠡᠮ ᠤᠨ ᠮᠡᠳᠡᠷᠡᠮᠵᠢ ᠶᠢ ᠨᠡᠮᠡᠭᠳᠡᠭᠦᠯᠵᠦ᠂ ᠪᠠᠶᠢᠴᠠᠭᠠᠬᠤ ᠡᠷᠬᠡ ᠶᠢ ᠬᠡᠷᠡᠭᠵᠢᠭᠦᠯᠬᠦ ᠳᠤ ᠴᠢᠩᠭ᠎ᠠ ᠬᠢᠨᠠᠯᠲᠠ ᠲᠠᠯᠪᠢᠨ᠎ᠠ᠃ ᠪᠠᠶᠢᠴᠠᠭᠠᠬᠤ ᠭᠡᠷᠡᠴᠢᠯᠡᠭᠡ ᠰᠣᠨᠣᠰᠬᠤ ᠳᠦᠷᠢᠮ ᠢ ᠴᠢᠩᠳᠠᠯᠠᠬᠤ᠂ ᠤᠨᠢᠨ ᠳᠡᠭᠡᠷ᠎ᠡ ᠨᠢ ᠨᠤᠲᠠᠯᠠᠬᠤ ᠪᠠ ᠪᠦᠲᠦᠮᠵᠢᠲᠡᠢ ᠬᠢᠨᠠᠯᠲᠠ ᠲᠠᠯᠪᠢᠬᠤ ᠪᠠᠷ ᠳᠠᠮᠵᠢᠭᠤᠯᠵᠤ᠂ ᠪᠠᠶᠢᠴᠠᠭᠠᠬᠤ ᠡᠷᠬᠡ ᠶᠢ ᠬᠠᠤᠯᠢ ᠶᠣᠰᠣᠭᠠᠷ ᠵᠢᠷᠤᠮᠵᠢᠭᠤᠯᠤᠨ ᠠᠵᠢᠯᠯᠠᠭᠤᠯᠬᠤ ᠶᠢ ᠪᠠᠲᠤᠯᠠᠵᠤ᠂ ᠬᠠᠤᠯᠢ ᠴᠠᠭᠠᠵᠠ ᠶᠢᠨ ᠲᠣᠭᠲᠠᠭᠠᠯ ᠤᠨ ᠰᠠᠭᠤᠷᠢ ᠶᠢ ᠪᠠᠬᠢᠵᠢᠭᠦᠯᠵᠦ᠂ ᠨᠡᠶᠢᠭᠡᠮ ᠤᠨ ᠵᠠᠰᠠᠯᠲᠠ ᠳᠤ ᠪᠠᠲᠤ ᠪᠠᠬᠢ ᠬᠠᠤᠯᠢ ᠴᠠᠭᠠᠵᠠ ᠶᠢᠨ ᠡᠮᠬᠢ ᠳᠢᠭᠯᠢᠮ ᠤᠨ ᠪᠠᠲᠤᠯᠠᠭ᠎ᠠ ᠬᠠᠩᠭᠠᠨ᠎ᠠ᠃
ᠬᠤᠶᠠᠷ᠂ ︽ᠳᠤᠯᠠᠭᠠᠴᠠ ︾ ᠪᠠᠷ ᠨᠡᠶᠢᠭᠡᠮ ᠤᠨ ᠴᠠᠪᠠ ᠶᠢ ᠠᠨᠠᠭᠠᠪᠠ
ᠪᠠᠶᠢᠴᠠᠭᠠᠬᠤ ᠭᠡᠷᠡᠴᠢᠯᠡᠭᠡ ᠰᠣᠨᠣᠰᠬᠤ ᠶᠢᠨ ᠭᠤᠣᠯ ︽ᠳᠤᠯᠠᠭᠠᠴᠠ︾ ᠨᠢ ᠬᠥᠮᠦᠨ ᠢᠶᠠᠷ ᠦᠨᠳᠦᠰᠦ ᠪᠣᠯᠭᠠᠬᠤ᠂ ᠵᠥᠷᠢᠴᠡᠯ ᠢ ᠠᠷᠢᠯᠭᠠᠬᠤ᠂ ᠬᠠᠷᠢᠴᠠᠭ᠎ᠠ ᠶᠢ ᠰᠡᠷᠭᠦᠭᠡᠬᠦ ᠳᠤ ᠪᠣᠢ᠃ ᠨᠢᠭᠡ ᠳᠤ ᠰᠤᠷᠭᠠᠨ ᠬᠥᠮᠦᠵᠢᠯ ᠢᠶᠠᠷ ᠠᠪᠤᠷᠠᠨ᠎ᠠ᠃ ᠭᠡᠷᠡᠴᠢᠯᠡᠭᠡ ᠰᠣᠨᠣᠰᠬᠤ ᠬᠤᠷᠠᠯ ᠨᠢ ᠦᠯᠦ ᠵᠠᠭᠠᠯᠳᠤᠭᠳᠠᠭᠴᠢ ᠵᠠᠩ ᠣᠪᠣᠭᠲᠤ ᠳᠤ ᠡᠷᠭᠢᠴᠡᠭᠦᠯᠦᠨ ᠪᠣᠳᠣᠬᠤ ᠲᠠᠪᠴᠠᠩ ᠬᠠᠩᠭᠠᠪᠠ᠃ ᠲᠡᠷᠡ ᠦᠷ᠎ᠡ ᠳ᠋ᠦᠩ ᠢᠶᠠᠨ ᠢᠯᠡ ᠪᠠᠷ ᠬᠦᠯᠢᠶᠡᠵᠦ᠂ ᠬᠤᠣᠷᠯᠠᠭᠳᠠᠭᠴᠢ ᠶᠢᠨ ᠭᠡᠷ ᠪᠦᠯᠢ ᠶᠢᠨ ᠬᠢᠨ ᠳᠤ ᠦᠨᠡᠨ ᠰᠡᠳᠬᠢᠯ ᠠᠴᠠ ᠪᠠᠨ ᠪᠤᠷᠤᠭᠤ ᠮᠡᠳᠡᠵᠦ᠂ ᠶᠠᠯ᠎ᠠ ᠪᠠᠨ ᠮᠡᠳᠡᠷᠡᠵᠦ᠂ ᠪᠦᠬᠦ ᠬᠦᠴᠦᠨ ᠢᠶᠠᠷ ᠢᠶᠠᠨ ᠲᠥᠯᠥᠬᠦ ᠶᠠᠪᠤᠴᠠ ᠶᠢ ᠨᠠᠷᠢᠨ ᠲᠣᠭᠠᠴᠢᠪᠠ᠃ ᠪᠠᠶᠢᠴᠠᠭᠠᠬᠤ ᠲᠤᠰᠢᠶᠠᠯᠲᠠᠨ ᠲᠡᠭᠦᠨ ᠤ ︽ᠪᠢᠴᠢᠯ ᠶᠠᠯ᠎ᠠ︾ ᠶᠢᠨ ᠦᠢᠯᠡ ᠪᠠᠶᠢᠳᠠᠯ ᠬᠢᠭᠡᠳ ᠠᠭᠤᠴᠢᠯᠠᠯ ᠣᠯᠬᠤ ᠵᠠᠩᠭᠢᠯᠠᠭ᠎ᠠ ᠶᠢᠨ ᠪᠣᠳᠠᠲᠤ ᠶᠠᠪᠤᠳᠠᠯ ᠢ ᠭᠤᠣᠯᠴᠢᠯᠠᠨ ᠲᠣᠳᠣᠷᠬᠠᠶᠢᠯᠠᠪᠠ᠃ ᠭᠡᠷᠡᠴᠢᠯᠡᠭᠡ ᠰᠣᠨᠣᠰᠬᠤ ᠪᠠᠷ ᠳᠠᠮᠵᠢᠭᠤᠯᠤᠨ ᠵᠠᠩ ᠣᠪᠣᠭᠲᠤ ᠶᠢᠨ ︽ᠬᠠᠤᠯᠢ ᠴᠠᠭᠠᠵᠠ ᠶᠢ ᠪᠢᠰᠢᠷᠡᠨ ᠵᠢᠷᠦᠬᠡᠰᠢᠶᠡᠬᠦ︾ ᠲᠡᠰᠢ ᠬᠤᠪᠢᠷᠠᠭᠤᠯᠬᠤ ᠶᠢ ᠠᠬᠢᠭᠤᠯᠵᠤ᠂ ᠲᠤᠬᠠᠶ ᠶᠢᠨ ᠲᠠᠯᠠᠪᠤᠷ ᠶᠢᠨ ᠠᠮᠠᠯᠠᠯᠲᠠ ᠪᠠᠷ ᠴᠡᠭᠡᠷᠯᠡᠯ ᠪᠣᠯᠭᠠᠪᠠ᠃ ᠬᠤᠶᠠᠷ ᠲᠤ ᠣᠯᠠᠨ ᠡᠰᠢᠲᠦ ᠬᠠᠷᠠᠭᠠᠰᠦ ᠶᠢ ᠣᠷᠣᠯᠴᠠᠭᠤᠯᠪᠠ᠃ ᠣᠨᠴᠠ ᠤᠷᠢᠭᠰᠠᠨ ᠭᠡᠷᠡᠴᠢᠯᠡᠭᠴᠢ ᠨᠡᠶᠢᠭᠡᠮ ᠤᠨ ᠬᠠᠷᠠᠭᠠᠰᠤ ᠶᠢ ᠲᠥᠯᠥᠭᠡᠯᠡᠵᠦ᠂ ᠲᠤᠬᠠᠢ ᠶᠢᠨ ᠬᠥᠮᠦᠨ ᠤ ᠬᠦᠴᠢᠷᠳᠡᠯ ᠳᠤ ᠲᠤᠯᠭᠠᠷᠠᠬᠤ᠂ ᠲᠥᠯᠥᠪᠦᠷᠢ ᠶᠢ ᠭᠦᠢᠴᠡᠳᠬᠡᠬᠦ ᠵᠢᠴᠢ ᠬᠤᠣᠷᠯᠠᠭᠳᠠᠭᠴᠢ ᠲᠠᠯ᠎ᠠ ᠶᠢᠨ ᠤᠶᠤᠨ ᠰᠠᠨᠠᠭᠠᠨ ᠤ ᠲᠠᠶᠢᠳᠬᠤᠷᠠᠭᠤᠯᠤᠯ ᠢ ᠠᠩᠬᠠᠷᠴᠤ᠂ ᠡᠶᠢᠮᠦᠷᠬᠦ ︽ᠨᠡᠶᠢᠭᠡᠮ ᠤᠨ ᠬᠠᠮᠲᠤ ᠶᠢᠨ ᠰᠡᠳᠬᠢᠯᠭᠡ︾ ᠨᠢ ᠬᠠᠤᠯᠢ ᠵᠤᠷᠪᠤᠰ ᠪᠠ ᠨᠠᠶᠢᠷ ᠲᠠᠯ᠎ᠠ ᠶᠢᠨ ᠵᠠᠪᠰᠠᠷ ᠢ ᠨᠥᠬᠦᠪᠥᠷᠢᠯᠡᠵᠦ᠂ ᠬᠤᠣᠷᠯᠠᠭᠳᠠᠭᠴᠢ ᠶᠢᠨ ᠲᠦᠷᠦᠯ ᠰᠠᠳᠤᠨ ᠨᠢ ᠪᠤᠷᠤᠭᠤ ᠮᠡᠳᠡᠬᠦ ᠶᠢ ᠬᠦᠯᠢᠶᠡᠬᠦ ᠶᠢᠨ ᠬᠠᠮᠲᠤ ᠠᠵᠠ ᠲᠣᠬᠢᠶᠠᠯ ᠢ ᠬᠤᠪᠢᠷᠠᠭᠤᠯᠵᠤ᠂ ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠳᠠᠭᠤᠰᠬᠠᠬᠤ ᠶᠢ ᠪᠡᠶᠡᠯᠡᠭᠦᠯᠪᠡ᠃ ᠭᠤᠷᠪᠠ ᠳᠤ ᠬᠠᠤᠯᠢ ᠪᠠᠷ ᠵᠠᠰᠠᠬᠤ ᠬᠥᠮᠦᠵᠢᠯ᠃ ᠭᠡᠷᠡᠴᠢᠯᠡᠭᠴᠢ ᠭᠦᠨᠵᠡᠭᠡᠢ ᠬᠥᠮᠦᠵᠢᠯ ᠬᠦᠷᠲᠡᠬᠦ ᠪᠡᠷ ᠳᠠᠮᠵᠢᠨ᠂ ᠡᠶᠢᠮᠦᠷᠬᠦᠦ ︽ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ︾ ᠨᠢ ᠭᠡᠷᠡᠴᠢᠯᠡᠭᠴᠢ ᠶᠢ ᠬᠠᠤᠯᠢ ᠪᠠᠷ ᠵᠠᠰᠠᠬᠤ ᠨᠡᠪᠲᠡᠷᠡᠭᠦᠯᠦᠭᠴᠢ ᠪᠣᠯᠭᠠᠵᠤ᠂ ᠬᠠᠤᠯᠢ ᠴᠠᠭᠠᠵᠠ ᠶᠢᠨ ᠮᠡᠳᠡᠯᠭᠡ ᠪᠠ ᠭᠡᠷᠡᠴᠢᠯᠡᠭᠡ ᠰᠣᠨᠣᠰᠬᠤ ᠬᠥᠮᠦᠵᠢᠯ ᠢ ᠲᠦᠭᠡᠮᠡᠯᠵᠢᠭᠦᠯᠬᠦ ᠪᠠᠷ ᠠᠮᠠᠯᠠᠭᠰᠠᠨ ᠪᠠᠶᠢᠨ᠎ᠠ᠃ ᠪᠠᠶᠢᠴᠠᠭᠠᠬᠤ ᠭᠡᠷᠡᠴᠢᠯᠡᠭᠡ ᠰᠣᠨᠣᠰᠬᠤ ᠳᠠᠭᠠᠨ ᠦᠨᠡᠨᠴᠢ ᠪᠠᠷ ᠨᠡᠪᠲᠡᠷᠡᠯᠴᠡᠬᠦ᠂ ᠰᠤᠷᠭᠠᠨ ᠬᠥᠮᠦᠵᠢᠭᠦᠯᠵᠦ ᠤᠶᠠᠷᠠᠭᠤᠯᠬᠤ ᠪᠠ ᠤᠯᠠᠨ ᠡᠰᠢᠲᠦ ᠪᠠᠭᠲᠠᠭᠠᠮᠵᠢᠲᠠᠢ ᠪᠠᠶᠢᠯᠭᠠᠬᠤ ᠪᠠᠷ ᠳᠠᠮᠵᠢᠭᠤᠯᠤᠨ᠂ ᠨᠡᠶᠢᠭᠡᠮ ᠤᠨ ᠬᠠᠷᠢᠴᠠᠭ᠎ᠠ ᠶᠢ ᠰᠡᠷᠭᠦᠭᠡᠵᠦ᠂ ᠳᠠᠯᠳᠠ ᠵᠢᠭᠤᠷᠠᠯᠳᠤᠭᠠᠨ ᠢ ᠨᠠᠮᠳᠠᠭᠤᠯᠵᠤ᠂ ᠡᠶ᠎ᠡ ᠵᠣᠬᠢᠴᠠᠯ ᠲᠠᠢ ᠰᠣᠶᠣᠯ ᠢᠷᠭᠡᠨᠰᠢᠯ ᠤᠨ ᠣᠷᠴᠢᠨ ᠨᠥᠬᠦᠴᠡᠯ ᠢ ᠪᠤᠢ ᠪᠣᠯᠭᠠᠵᠤ᠂ ᠬᠠᠶᠢᠷ᠎ᠠ ᠰᠡᠳᠬᠢᠯᠭᠡ ᠶᠢᠨ ︽ᠲᠡᠵᠢᠭᠡᠯ︾ ᠨᠡᠮᠡᠷᠢᠯᠡᠪᠡ᠃
ᠭᠤᠷᠪᠠ᠂ ︽ᠭᠦᠨᠴᠡ︾ ᠪᠠᠷ ᠪᠠᠶᠢᠴᠠᠭᠠᠬᠤ ᠡᠭᠦᠷᠭᠡ ᠴᠢᠳᠠᠪᠤᠷᠢ ᠶᠢ ᠤᠷᠲᠤᠳᠬᠠᠪᠠ
ᠪᠠᠶᠢᠴᠠᠭᠠᠬᠤ ᠠᠵᠢᠯ ᠤᠨ ᠭᠡᠷᠡᠴᠢᠯᠡᠯᠲᠡ ᠰᠣᠨᠣᠰᠬᠤ ᠶᠢᠨ ᠵᠠᠩᠭᠢᠯᠠᠭ᠎ᠠ ᠶᠢᠨ ︽ᠭᠦᠨᠴᠡ︾ ᠨᠢ ᠣᠨᠴᠠᠭᠠᠶ ᠬᠡᠷᠡᠭ ᠤᠨ ᠬᠠᠷᠠᠭᠠᠰᠤ ᠶᠢ ᠳᠠᠪᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠠᠬᠢᠭᠤᠯᠵᠤ᠂ ᠬᠠᠮᠲᠤ ᠪᠠᠷ ᠵᠠᠰᠠᠬᠤ ᠳᠤ ᠠᠭᠤᠰᠤᠯᠴᠠᠬᠤ ᠳᠤ ᠪᠠᠶᠢᠨ᠎ᠠ᠃ ᠨᠢᠭᠡ ᠳᠤ ᠲᠠᠰᠤᠯᠬᠤ ᠠᠴᠠ ᠰᠡᠷᠭᠡᠶᠢᠯᠡᠬᠦ ᠬᠦᠷᠲᠡᠯ᠎ᠡ ᠤᠷᠲᠤᠳᠬᠠᠬᠤ ᠬᠡᠷᠡᠭᠲᠡᠶ᠃ ᠭᠡᠷᠡᠴᠢᠯᠡᠭᠡ ᠰᠣᠨᠣᠰᠬᠤ ᠨᠢ ᠬᠡᠷᠡᠭ ᠲᠠᠰᠤᠯᠬᠤ ᠪᠠᠷ ᠵᠣᠭᠰᠣᠬᠤ ᠦᠭᠡᠢ᠂ ᠪᠠᠶᠢᠴᠠᠭᠠᠬᠤ ᠲᠤᠰᠢᠶᠠᠯᠲᠠᠨ ᠲᠣᠰ ᠬᠡᠷᠡᠭ ᠵᠢᠴᠢ ᠠᠳᠠᠯᠢ ᠲᠥᠷᠥᠯ ᠤᠨ ᠠᠳᠡᠯ ᠤᠨ ᠣᠨᠴᠠᠯᠢᠭ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠵᠠᠮ ᠬᠠᠷᠢᠯᠴᠠᠭᠠᠨ ᠤ ᠲᠡᠮᠳᠡᠭ᠂ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠵᠡᠷᠭᠡ ᠰᠠᠨᠠᠭᠤᠯᠭ᠎ᠠ ᠳᠤᠷᠠᠳᠴᠤ᠂ ᠠᠳᠡᠯ ᠤᠨ ᠳᠠᠯᠳᠠ ᠬᠡᠮ ᠢ ᠡᠬᠢ ᠡᠭᠦᠰᠦᠯ ᠠᠴᠠ ᠨᠢ ᠪᠠᠭᠠᠰᠬᠠᠬᠤ ᠶᠢ ᠠᠬᠢᠭᠤᠯᠪᠠ᠃ ᠬᠤᠶᠠᠷ ᠲᠤ᠂ ᠬᠠᠮᠲᠤ ᠪᠠᠷ ᠵᠠᠰᠠᠬᠤ ᠬᠠᠮᠲᠤᠷᠠᠯ ᠬᠦᠴᠦᠨ ᠢ ᠨᠢᠭᠲᠠᠷᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠬᠢᠨᠠᠯᠲᠠ ᠲᠠᠯᠪᠢᠭᠴᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ ᠪᠠᠰᠠ ᠭᠦᠨᠵᠡᠭᠡᠢ ᠬᠠᠤᠯᠢᠵᠢᠯ ᠤᠨ ᠬᠥᠮᠦᠵᠢᠯ ᠬᠦᠷᠳᠡᠵᠤ᠂ ᠪᠠᠶᠢᠴᠠᠭᠠᠬᠤ ᠲᠤᠰᠢᠶᠠᠯᠲᠠᠨ ᠤ ᠬᠡᠷᠡᠭ ᠰᠢᠢᠳᠪᠦᠷᠢᠯᠡᠬᠦ ᠶᠠᠪᠤᠴᠠ ᠳᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠭᠦᠨᠵᠡᠭᠡᠢ ᠣᠶᠢᠯᠠᠭᠠᠵᠤ᠂ ᠢᠷᠡᠭᠡᠳᠦᠢ ᠶᠢᠨ ᠠᠵᠢᠯ ᠤᠨ ᠳᠤᠮᠳᠠ ᠪᠠᠨ ᠨᠡᠩ ᠤᠯᠠᠨ ᠬᠠᠤᠯᠢ ᠴᠠᠭᠠᠵᠠ ᠶᠢᠨ ᠮᠡᠳᠡᠯᠭᠡ᠂ ᠤᠢᠢᠯᠠᠭᠠᠭᠳᠠᠬᠤᠨ ᠢ ᠰᠤᠷᠤᠯᠴᠠᠵᠤ᠂ ᠰᠠᠨᠠᠭᠠᠴᠢᠯᠠᠭ᠎ᠠ ᠠᠴᠠ ᠪᠠᠨ ᠡᠷᠬᠢᠨ ᠲᠣᠭᠤᠷᠢᠨ ᠤ ᠬᠠᠮᠲᠤ ᠠᠵᠢᠯᠯᠠᠭᠴᠢ᠂ ᠨᠠᠶᠢᠵᠠ ᠨᠠᠷ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠠᠶᠢᠴᠠᠭᠠᠬᠤ ᠪᠠᠶᠢᠭᠤᠯᠭ᠎ᠠ ᠲᠠᠢ ᠬᠠᠮᠵᠢᠯᠴᠠᠨ ᠬᠠᠤᠯᠢᠵᠢᠯ ᠤᠨ ᠦᠴᠤᠸᠠᠨ ᠤ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠪᠠᠶᠢᠴᠠᠭᠠᠬᠤ ᠭᠡᠷᠡᠴᠢᠯᠡᠭᠡ ᠰᠣᠨᠣᠰᠬᠤ ᠶᠢ ᠨᠡᠶᠢᠭᠡᠮ ᠤᠨ ᠡᠬᠢ ᠪᠠᠶᠠᠯᠢᠭ ᠢ ᠳᠠᠶᠢᠴᠢᠯᠠᠬᠤ᠂ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠪᠦᠲᠦᠮᠵᠢᠲᠡᠢ ᠬᠥᠰᠢᠭᠦᠷᠭᠡ ᠪᠣᠯᠭᠠᠬᠤ ᠬᠡᠷᠡᠭᠲᠡᠢ ᠭᠡᠵᠦ ᠢᠯᠡᠳᠬᠡᠪᠡ᠃ ᠭᠤᠷᠪᠠ ᠳᠤ᠂ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠵᠠᠩ ᠣᠪᠣᠭᠲᠤ ᠶᠢᠨ ᠬᠡᠷᠡᠭ ᠢ ᠰᠢᠢᠳᠪᠦᠷᠢᠯᠡᠭᠰᠡᠨ ᠶᠠᠪᠤᠴᠠ ᠵᠢᠴᠢ ᠦᠷ᠎ᠡ ᠳ᠋ᠦᠩ ᠪᠣᠯ ᠨᠢᠭᠡᠨ ᠠᠮᠢᠳᠤᠯᠢᠭ ︽ᠬᠠᠤᠯᠢ ᠪᠠᠷ ᠵᠠᠰᠠᠬᠤ ᠢᠯᠡ ᠬᠢᠴᠢᠶᠡᠯ︾ ᠮᠥᠨ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠤᠤᠷ ᠬᠥᠨᠥᠭᠡᠯ ᠢ ᠰᠡᠷᠡᠮᠵᠢᠯᠡᠬᠦ ᠪᠠᠷ ᠪᠠᠷᠠᠬᠤ ᠥᠬᠡᠶ᠂ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠬᠢᠭᠡᠳ ᠪᠠᠶᠢᠴᠠᠭᠠᠬᠤ ᠠᠵᠢᠯ ᠤᠨ ᠠᠷᠠᠳ ᠤᠨ ᠲᠥᠯᠥᠭᠡ ᠪᠠᠶᠢᠬᠤ ᠵᠣᠭᠰᠣᠯᠲᠠ ᠶᠢ ᠨᠠᠩ ᠢᠯᠡᠭᠦᠤ ᠲᠠᠶᠢᠯᠪᠤᠷᠢᠯᠠᠵᠤ᠂ ᠠᠷᠠᠳ ᠢᠷᠭᠡᠳ ᠤᠨ ᠲᠦᠷᠢᠮ ᠬᠢᠭᠡᠳ ᠬᠠᠷᠢᠭᠤᠴᠠᠯᠭ᠎ᠠ ᠶᠢᠨ ᠤᠬᠠᠮᠰᠠᠷ ᠢ ᠮᠡᠳᠡᠭᠳᠡᠮ᠎ᠡ ᠳᠡᠭᠡᠭᠰᠢᠯᠡᠭᠦᠯᠬᠦ ᠪᠣᠯᠤᠨ᠎ᠠ᠃ ᠪᠠᠶᠢᠴᠠᠭᠠᠬᠤ ᠭᠡᠷᠡᠴᠢᠯᠡᠭᠡ ᠰᠣᠨᠣᠰᠬᠤ ᠳᠤ ᠨᠠᠷᠢᠯᠢᠭ ᠣᠨᠣᠴᠠᠲᠠᠶ ᠪᠠᠷ ᠵᠠᠰᠠᠯᠲᠠ ᠶᠢᠨ ᠠᠰᠠᠭᠤᠳᠠᠯ ᠢ ᠢᠯᠡᠷᠡᠭᠦᠯᠵᠦ᠂ ᠪᠦᠲᠦᠮᠵᠢᠲᠡᠶ ᠰᠢᠢᠳᠪᠦᠷᠢᠯᠡᠬᠦ ᠲᠥᠰᠦᠯ ᠢ ᠳᠤᠷᠠᠳᠤᠨ ᠭᠠᠷᠭᠠᠵᠤ᠂ ᠣᠯᠠᠨ ᠡᠰᠢᠲᠦ ᠬᠠᠮᠲᠤ ᠪᠠᠷ ᠵᠠᠰᠠᠬᠤ ᠬᠦᠴᠦᠨ ᠢ ᠨᠢᠭᠲᠠᠷᠠᠭᠤᠯᠤᠨ᠂ ᠬᠡᠷᠡᠭ ᠰᠢᠢᠳᠪᠦᠷᠢᠯᠡᠬᠦ ᠰᠢᠵᠢᠮ ᠢ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ᠂ ᠰᠢᠰᠲ᠋ᠧᠮ ᠲᠠᠢ ᠪᠠᠷ ᠴᠡᠭᠴᠡᠯᠡᠨ ᠰᠠᠶᠢᠵᠢᠷᠠᠭᠤᠯᠬᠤ᠂ ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠪᠣᠯᠲᠠᠯ᠎ᠠ ᠤᠷᠲᠤᠳᠬᠠᠵᠤ᠂ ︽ᠨᠢᠭᠡ ᠬᠡᠷᠡᠭ ᠢ ᠰᠢᠢᠳᠪᠦᠷᠢᠯᠡᠬᠦ᠂ ᠨᠢᠭᠡ ᠬᠡᠰᠡᠭ ᠢ ᠰᠡᠷᠡᠮᠵᠢᠯᠡᠭᠦᠯᠬᠦ᠂ ᠨᠢᠭᠡ ᠣᠷᠣᠨ ᠪᠦᠰᠡ︾ ᠶᠢ ᠪᠡᠶᠡᠯᠡᠭᠦᠯᠵᠦ᠂ ᠨᠡᠶᠢᠭᠡᠮ ᠤᠨ ᠵᠠᠰᠠᠯᠲᠠ ᠶᠢᠨ ᠳᠣᠲᠣᠭᠠᠳᠤ ᠬᠥᠳᠡᠯᠭᠡᠬᠦ ᠬᠦᠴᠦᠨ ᠢ ᠭᠦᠨᠵᠡᠭᠡᠶ ᠬᠥᠭᠵᠢᠭᠡᠪᠡ᠃
ᠵᠠᠩ ᠣᠪᠣᠭᠲᠤ ᠶᠢᠨ ᠬᠡᠷᠡᠭ ᠢ ᠲᠡᠭᠦᠰ ᠠᠮᠵᠢᠯᠲᠠ ᠲᠠᠢ ᠰᠢᠢᠳᠪᠦᠷᠢᠯᠡᠬᠦ ᠨᠢ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠪᠣᠯ ᠣᠨᠴᠠᠭᠠᠶ ᠬᠡᠷᠡᠭ ᠲᠤ ᠲᠦᠰᠢᠭᠯᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ︽ᠡᠷᠴᠢᠮ︾ ᠮᠥᠨ ᠭᠡᠳᠡᠭ ᠢ ᠭᠦᠢᠴᠡᠳ ᠬᠠᠷᠠᠭᠤᠯᠵᠤ ᠪᠠᠶᠢᠨ᠎ᠠ᠂ ᠬᠠᠤᠯᠢ ᠴᠠᠭᠠᠵᠠ ᠶᠢᠨ ︽ᠳᠤᠯᠠᠭᠠᠴᠠ︾ ᠶᠢ ᠨᠠᠷᠢᠯᠢᠭ ᠳᠠᠮᠵᠢᠭᠤᠯᠬᠤ᠂ ᠤᠷᠢᠳᠠᠪᠠᠷ ᠵᠠᠮ ᠨᠡᠭᠡᠭᠡᠨ ᠵᠠᠰᠠᠬᠤ ︽ᠭᠦᠨᠴᠡ︾ ᠶᠢ ᠨᠡᠮᠡᠭᠳᠡᠭᠦᠯᠬᠦ ᠰᠢᠰᠲ᠋ᠧᠮᠲᠦ ᠢᠨᠵᠧᠨᠧᠷᠢᠩ ᠮᠥᠨ᠃ ᠢᠷᠡᠭᠡᠳᠦᠢ ᠳᠤ᠂ ᠦᠴᠤᠸᠠᠨ ᠰᠢᠶᠠᠨ ᠤ ᠪᠠᠶᠢᠴᠠᠭᠠᠬᠤ ᠬᠤᠷᠢᠶ᠎ᠠ ᠪᠠᠶᠢᠴᠠᠭᠠᠬᠤ ᠭᠡᠷᠡᠴᠢᠯᠡᠭᠡ ᠰᠣᠨᠣᠰᠬᠤ ᠶᠢ ᠦᠷᠭᠦᠯᠵᠢᠯᠡᠨ ᠪᠠᠶᠢᠩᠭᠤᠵᠢᠭᠤᠯᠵᠤ᠂ ᠵᠢᠷᠤᠮᠵᠢᠭᠤᠯᠤᠨ ᠠᠬᠢᠭᠤᠯᠵᠤ᠂ ᠬᠠᠤᠯᠢ ᠴᠠᠭᠠᠵᠠ ᠶᠢᠨ ᠬᠡᠷᠡᠭ ᠨᠢᠭᠡᠪᠦᠷᠢ ᠶᠢ ᠴᠥᠮ ᠬᠠᠤᠯᠢᠵᠢᠯ ᠤᠨ ᠬᠦᠴᠦᠨ ᠢ ᠳᠠᠮᠵᠢᠭᠤᠯᠬᠤ᠂ ᠠᠷᠠᠳ ᠤᠨ ᠰᠡᠳᠬᠢᠯ ᠢ ᠤᠮᠳᠠᠯᠠᠬᠤ᠂ ᠬᠠᠤᠯᠢ ᠪᠠᠷ ᠴᠢᠳᠠᠮᠠᠭᠠᠢ ᠵᠠᠰᠠᠬᠤ ᠶᠢ ᠠᠬᠢᠭᠤᠯᠬᠤ ᠪᠠᠲᠤ ᠪᠠᠬᠢ ᠳᠡᠭᠲᠡᠷ ᠲᠤ ᠭᠠᠷᠭᠠᠬᠤ ᠪᠣᠯᠤᠨ᠎ᠠ᠃