ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ︽ ᠬᠠᠤᠯᠢ ᠶᠢ ᠠᠯᠲᠠᠨ ᠨᠠᠮᠤᠷ ᠤᠨ ᠤᠯᠠᠷᠢᠯ ᠳᠤ ᠬᠡᠷᠡᠭᠵᠢᠭᠦᠯᠵᠦ ᠰᠠᠶᠢᠨ ᠰᠠᠶᠢᠬᠠᠨ ᠠᠮᠢᠳᠤᠷᠠᠯ ᠢ ᠬᠠᠮᠠᠭᠠᠯᠠᠬᠤ︾ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ

2025-09-19 16:28:43
ᠵᠣᠬᠢᠶᠠᠭᠴᠢ
ᠪᠣᠤ ᠼᠠᠢ ᠬᠤᠩ

    ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠢ ᠪᠣᠳᠠᠲᠠᠶᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ ︽ᠠᠯᠲᠠᠨ ᠨᠠᠮᠤᠷ ᠳᠤ ᠬᠠᠤᠯᠢ ᠶᠢ ᠬᠡᠷᠡᠭᠵᠢᠭᠦᠯᠵᠦ᠂ ᠰᠠᠶᠢᠨ ᠰᠠᠶᠢᠬᠠᠨ ᠠᠮᠢᠳᠤᠷᠠᠯ ᠢ ᠬᠠᠮᠠᠭᠠᠯᠠᠬᠤ︾ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠲᠣᠰ ᠤᠳᠠᠭᠠᠨ ᠤ ᠠᠵᠢᠯᠯᠠᠭ᠎ᠠ ᠨᠢ ᠨᠠᠮ ᠤᠨ ᠤᠳᠤᠷᠢᠳᠤᠯᠭ᠎ᠠ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠨᠠᠮ ᠤᠨ ᠬᠠᠯᠠᠮᠵᠢᠯᠠᠯ ᠪᠠ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠤᠯᠠᠮᠵᠢᠯᠠᠬᠤ ᠪᠠᠷ ᠬᠦᠴᠦᠯᠡᠨ ᠴᠢᠷᠮᠠᠶᠢᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠶᠢ ᠬᠦᠨᠳᠦᠳᠬᠡᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ ᠪᠣᠯᠭᠠᠵᠠᠢ᠃

        

   


    ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠪᠠᠶᠢᠴᠠᠭᠠᠬᠤ ᠠᠵᠢᠯᠲᠠᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠮᠠᠲ᠋ᠧᠷᠢᠶᠠᠯ ᠲᠠᠷᠬᠠᠭᠠᠬᠤ᠂ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨ ᠢ ᠢᠳᠡᠪᠬᠢᠲᠡᠢ ᠪᠠᠷ ᠲᠠᠳᠠᠨ ᠣᠷᠣᠯᠴᠠᠭᠤᠯᠪᠠ᠃ ᠤᠬᠠᠭᠤᠯᠭ᠎ᠠ ᠶᠢᠨ ᠠᠭᠤᠯᠭ᠎ᠠ ᠳᠤ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠵᠡᠷᠭᠡ ᠡᠳᠦᠷ ᠲᠤᠳᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠪᠠᠭᠲᠠᠭᠠᠵᠤ᠂ ᠣᠶᠢᠯᠠᠭᠠᠮᠵᠢᠲᠠᠢ ᠦᠭᠡ ᠬᠡᠯᠡ ᠪᠠ ᠠᠮᠢᠳᠤ ᠰᠣᠷᠭᠤᠭ ᠬᠡᠷᠡᠭ ᠤᠨ ᠵᠢᠱᠢᠶ᠎ᠡ ᠪᠠᠷ ᠤᠯᠠᠨ ᠲᠦᠮᠡᠨ ᠳᠤ ᠬᠠᠤᠯᠢ ᠴᠠᠭᠠᠵᠠ ᠶᠢᠨ ᠵᠦᠢᠯ ᠵᠤᠷᠪᠤᠰ ᠢ ᠲᠠᠶᠢᠯᠪᠤᠷᠢᠯᠠᠨ ᠥᠭᠴᠦ᠂ ᠤᠯᠠᠨ ᠢ ᠬᠠᠪᠰᠤᠷᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠠᠷᠭ᠎ᠠ ᠬᠡᠯᠪᠡᠷᠢ ᠪᠠ ᠠᠷᠭ᠎ᠠ ᠵᠠᠮ ᠢ ᠡᠵᠡᠮᠰᠢᠭᠦᠯᠪᠡ᠃ ᠬᠠᠷᠢᠯᠴᠠᠨ ᠬᠥᠳᠡᠯᠦᠯᠴᠡᠬᠦ ᠵᠠᠩᠭᠢᠯᠠᠭ᠎ᠠ ᠳᠤ᠂ ᠪᠠᠶᠢᠴᠠᠭᠠᠬᠤ ᠠᠵᠢᠯᠲᠠᠨ ᠣᠯᠠᠨ ᠲᠦᠮᠡᠨ ᠤ ᠳᠤᠷᠠᠳᠤᠭᠰᠠᠨ ᠣᠷᠤᠭ ᠭᠡᠷ ᠪᠦᠯᠢ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ᠂ ᠨᠠᠰᠤᠲᠠᠶᠢᠴᠤᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠪᠠᠶᠢᠩᠭᠤ ᠲᠣᠬᠢᠶᠠᠯᠳᠤᠳᠠᠭ ᠠᠰᠠᠭᠤᠳᠠᠯ ᠳᠤ ᠴᠢᠭᠯᠡᠭᠦᠯᠦᠨ᠂ ᠨᠠᠷᠢᠨ ᠨᠢᠮᠪᠠᠢ ᠲᠤᠰᠬᠠᠢ ᠮᠡᠷᠭᠡᠵᠢᠯ ᠤᠨ ᠬᠠᠷᠢᠭᠤᠯᠲᠠ ᠥᠭᠭᠦᠭᠰᠡᠨ ᠪᠥᠭᠡᠳ ᠪᠣᠳᠠᠲᠤ ᠬᠡᠷᠡᠭᠯᠡᠭᠡᠨ ᠤ ᠬᠠᠤᠯᠢ ᠴᠠᠭᠠᠵᠠ ᠶᠢᠨ ᠰᠠᠨᠠᠭᠤᠯᠭ᠎ᠠ ᠬᠠᠩᠭᠠᠭᠰᠠᠨ ᠪᠠᠶᠢᠨ᠎ᠠ᠃ ᠠᠮᠢᠳᠤᠷᠠᠯ ᠨᠢ ᠦᠨᠡᠬᠡᠷ ᠬᠦᠴᠢᠷᠳᠡᠯ ᠲᠠᠢ ᠤᠯᠠᠨ ᠲᠦᠮᠡᠨ ᠤ ᠡᠮᠦᠨ᠎ᠡ᠂ ᠤᠯᠤᠰ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠲᠦᠷᠦ ᠶᠢᠨ ᠪᠣᠳᠣᠯᠭ᠎ᠠ ᠵᠢᠴᠢ ᠭᠤᠶᠤᠴᠢᠯᠠᠬᠤ ᠵᠢᠷᠤᠮ ᠢ ᠨᠠᠷᠢᠨ ᠲᠠᠨᠢᠯᠴᠠᠭᠤᠯᠵᠤ᠂ ᠬᠠᠤᠯᠢ ᠴᠠᠭᠠᠵᠠ ᠶᠢᠨ ᠬᠥᠮᠦᠯᠢᠭ ᠬᠠᠯᠠᠮᠵᠢᠯᠠᠯ ᠢ ᠢᠯᠡᠷᠡᠭᠦᠯᠪᠡ᠃
    ᠡᠭᠦᠨ ᠠᠴᠠ ᠭᠠᠳᠠᠨ᠎ᠠ᠂ ᠪᠠᠶᠢᠴᠠᠭᠠᠬᠤ ᠠᠵᠢᠯᠲᠠᠨ ᠬᠠᠤᠯᠢ ᠪᠠᠷ ᠵᠠᠰᠠᠬᠤ ᠤᠬᠠᠭᠤᠯᠭ᠎ᠠ ᠶᠢ ᠨᠠᠮ ᠤᠨ ᠲᠡᠦᠬᠡ ᠶᠢᠨ ᠬᠥᠮᠦᠵᠢᠯ ᠲᠠᠢ ᠤᠶᠠᠯᠳᠤᠭᠤᠯᠵᠤ᠂ ᠨᠠᠮ ᠤᠨ ᠤᠳᠤᠷᠢᠳᠤᠯᠭ᠎ᠠ ᠳᠣᠣᠷᠠᠬᠢ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠡᠦᠬᠡᠨ ᠶᠠᠪᠤᠴᠠ ᠪᠠ ᠭᠡᠷᠡᠯ ᠰᠠᠴᠤᠷᠠᠩᠭᠤᠢ ᠠᠮᠵᠢᠯᠲᠠ ᠶᠢ ᠲᠣᠭᠠᠴᠢᠬᠤ ᠪᠠᠷ ᠳᠠᠮᠵᠢᠭᠤᠯᠤᠨ᠂ ᠤᠯᠠᠨ ᠲᠦᠮᠡᠨ ᠤ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠲᠤᠬᠠᠢ ᠣᠶᠢᠯᠠᠭᠠᠯᠲᠠ ᠪᠠ ᠮᠡᠳᠡᠷᠡᠮᠵᠢ ᠶᠢ ᠭᠦᠨᠵᠡᠭᠡᠶᠢᠷᠡᠭᠦᠯᠵᠦ᠂ ᠤᠯᠠᠨ ᠤ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠪᠡ᠃

    

   


    ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ ᠨᠠᠮ ᠳᠤ ᠬᠠᠨᠳᠤᠭᠤᠯᠤᠭᠰᠠᠨ ᠲᠥᠪᠯᠡᠷᠡᠯ ᠤᠨ ᠬᠦᠴᠦᠨ ᠢ ᠪᠦᠲᠦᠮᠵᠢᠲᠡᠶ ᠳᠡᠭᠡᠭᠰᠢᠯᠡᠭᠦᠯᠪᠡ᠃ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠲᠠᠰᠤᠷᠠᠯᠳᠡ ᠦᠭᠡᠢ ᠰᠦᠪᠡᠭᠴᠢᠯᠡᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠭᠦᠨᠴᠡ ᠪᠠ ᠥᠷᠭᠡᠴᠡ ᠶᠢ ᠥᠷᠭᠡᠳᠬᠡᠵᠦ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠳᠤ ᠪᠠᠶᠢᠴᠠᠭᠠᠬᠤ ᠠᠵᠢᠯ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃

 


    

ᠢᠷᠡᠯᠲᠡ
ᠬᠦᠬᠡᠬᠤᠲᠠ ᠵᠢᠨ ᠲᠦᠮᠡᠳ ᠵᠡᠭᠦᠨ ᠬᠤᠰᠢᠭᠤ ᠶᠢᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro