ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠡᠵᠡᠨ ᠬᠤᠷᠤᠭ᠎ᠠ ᠬᠤᠰᠢᠭᠤᠨ ᠤ ᠪᠠᠶᠢᠴᠠᠭᠠᠬᠤ ᠬᠤᠷᠢᠶ᠎ᠠ ᠬᠠᠤᠯᠢ ᠴᠠᠭᠠᠵᠠ ᠶᠢᠨ ᠣᠨᠢᠨ ᠳᠡᠭᠡᠷ᠎ᠡ ᠨᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠨᠠᠰᠤᠨ ᠳᠤ ᠬᠦᠷᠦᠭᠰᠡᠳ ᠦᠨ ᠠᠪᠤᠷᠠᠨ ᠲᠤᠰᠠᠯᠠᠬᠤ ᠰᠢᠨ᠎ᠡ ᠵᠠᠭᠪᠣᠷ ᠢ ᠪᠣᠢ ᠪᠣᠯᠭᠠᠪᠠ

2025-10-30 16:29:22
ᠵᠣᠬᠢᠶᠠᠭᠴᠢ
ᠰᠣᠯᠣᠩᠭ᠎ᠠ

    ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠰᠤᠨ ᠳᠤ ᠥᠯᠥ ᠭᠦᠷᠦᠭᠰᠡᠳ ᠲᠤ ᠬᠤᠯᠪᠣᠭᠳᠠᠭᠰᠠᠨ ᠬᠡᠷᠡᠭ ᠢ ᠰᠢᠢᠳᠪᠤᠷᠢᠯᠡᠬᠦ ᠦᠶ᠎ᠡ ᠳᠤ᠂ ᠬᠤᠤᠷᠯᠠᠭᠳᠠᠭᠴᠢ ᠰᠢᠶᠤᠤ ᠹᠠᠩ ︵ᠪᠤᠷᠤᠭᠤᠯᠠᠭᠰᠠᠨ ᠨᠡᠷ᠎ᠡ︶ ᠲᠥᠷᠥᠭᠰᠡᠨ ᠡᠬᠡ ᠨᠢ ᠭᠢᠨᠳᠠᠨ ᠳᠤ ᠤᠷᠤᠭᠰᠠᠨ ᠠᠴᠠ ᠪᠣᠯᠵᠣ᠂ ᠴᠣᠷ ᠤᠨ ᠭᠠᠭᠴᠠ ᠠᠮᠢᠳᠤᠷᠠᠯ ᠤᠨ ᠢᠷᠡᠯᠲᠡ ᠪᠠᠨ ᠠᠯᠳᠠᠵᠤ᠂ ᠨᠢᠯᠬ᠎ᠠ ᠪᠠᠭ᠎ᠠ ᠳᠡᠭᠦᠤ ᠲᠠᠢ ᠪᠠᠨ ᠠᠷᠭ᠎ᠠ ᠪᠤᠰᠤ ᠨᠠᠰᠤ ᠠᠬᠢᠭᠰᠠᠨ ᠡᠪᠦᠭᠡ ᠠᠪᠤ ᠪᠠᠨ ᠳᠠᠭᠠᠵᠤ ᠠᠮᠢᠳᠤᠷᠠᠵᠤ᠂ ᠲᠦᠢᠯ ᠤᠨ ᠬᠦᠴᠢᠷᠳᠡᠯ ᠳᠤ ᠲᠤᠯᠭᠠᠷᠠᠭᠰᠠᠨ ᠢ ᠣᠯᠵᠤ ᠮᠡᠳᠡᠵᠡᠶ᠂ ᠲᠣᠰ ᠬᠤᠷᠢᠶ᠎ᠠ ᠳᠠᠷᠤᠶ ᠲᠦᠷᠭᠡᠨ ᠣᠷᠣᠯᠴᠠᠵᠤ᠂ ᠠᠪᠤᠷᠠᠨ ᠲᠤᠰᠠᠯᠠᠬᠤ ᠮᠥᠩᠭᠦ ᠲᠠᠷᠬᠠᠭᠠᠵᠤ᠂ ᠲᠡᠳᠡᠨ ᠤ ᠦᠨᠳᠦᠰᠦᠨ ᠠᠮᠢᠳᠤᠷᠠᠯ ᠪᠠ ᠰᠤᠷᠭᠠᠨ ᠬᠥᠮᠦᠵᠢᠯ ᠤᠨ ᠬᠡᠷᠡᠭᠴᠡᠭᠡ ᠶᠢ ᠪᠠᠲᠤᠯᠠᠪᠠ᠃ ᠠᠪᠤᠷᠠᠨ ᠲᠤᠰᠠᠯᠠᠬᠤ ᠮᠥᠩᠭᠦ ᠶᠢᠨ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠳᠠᠭᠠᠭᠠᠨ ᠠᠪᠴᠤ ᠰᠢᠢᠳᠪᠤᠷᠢᠯᠡᠬᠦ ᠪᠠᠶᠢᠴᠠᠭᠠᠬᠤ ᠲᠤᠰᠢᠶᠠᠯᠲᠠᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢ ᠵᠣᠬᠢᠴᠠᠭᠤᠯᠵᠤ᠂ ᠰᠢᠶᠤᠤ ᠹᠠᠩ ᠤᠨ ᠠᠩᠬᠢ ᠶᠢᠨ ᠡᠷᠬᠢᠯᠡᠭᠴᠢ ᠶᠢ ᠵᠢᠭᠠᠨ ᠲᠣᠭᠲᠠᠭᠠᠵᠤ ᠠᠪᠤᠷᠠᠨ ᠲᠤᠰᠠᠯᠠᠬᠤ ᠮᠥᠩᠭᠦ ᠶᠢᠨ ᠬᠡᠷᠡᠭᠯᠡᠯᠲᠡ ᠶᠢᠨ ᠬᠢᠨᠠᠨ ᠬᠠᠮᠢᠶᠠᠷᠤᠭᠴᠢ ᠪᠠᠷ ᠲᠣᠮᠢᠯᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠬᠤ ᠲᠣᠭᠲᠠᠴᠠ ᠶᠢ ᠪᠠᠶᠢᠭᠤᠯᠪᠠ᠃ ᠭᠡᠲᠡᠯ᠎ᠡ᠂ ᠨᠢᠭᠡ ᠤᠳᠠᠭ᠎ᠠ ᠶᠢᠨ ᠬᠠᠷᠢᠭᠤ ᠰᠤᠷᠪᠤᠯᠵᠢᠯᠠᠭ᠎ᠠ ᠶᠢᠨ ᠳᠤᠮᠳᠠ᠂ ᠳᠠᠭᠠᠭᠠᠨ ᠰᠢᠢᠳᠪᠤᠷᠢᠯᠡᠬᠦ ᠪᠠᠶᠢᠴᠠᠭᠠᠬᠤ ᠲᠤᠰᠢᠶᠠᠯᠲᠠᠨ ᠰᠢᠶᠤᠤ ᠹᠠᠩ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠤᠨ᠎ᠠ ᠭᠡᠵᠦ ᠬᠤᠳᠠᠯ ᠬᠡᠯᠡᠭᠡᠳ ᠠᠩᠭᠢ ᠶᠢᠨ ᠡᠷᠬᠢᠯᠡᠭᠴᠢ ᠠᠴᠠ 5000 ᠲᠥᠭᠦᠷᠢᠭ ᠭᠠᠷᠭᠠᠨ ᠠᠪᠴᠤ᠂ ᠰᠦᠯᠵᠢᠶᠡᠨ ᠤ ᠲᠣᠭᠯᠠᠭᠠᠮ ᠳᠤ ᠪᠦᠬᠦᠨ ᠢ ᠦᠷᠡᠵᠦ ᠪᠠᠶᠢᠬᠤ ᠶᠢ ᠣᠯᠵᠤ ᠮᠡᠳᠡᠵᠡᠶ᠂ ᠡᠨᠡ ᠬᠦ ᠦᠵᠡᠭᠳᠡᠯ ᠳᠤ ᠴᠢᠭᠯᠡᠭᠦᠯᠦᠨ᠂ ᠲᠣᠰ ᠬᠤᠷᠢᠶ᠎ᠠ ᠳᠠᠷᠤᠶ ᠲᠦᠷᠭᠡᠨ ᠰᠢᠷᠢᠰ ᠠᠷᠭ᠎ᠠ ᠬᠡᠮᠵᠢᠶ᠎ᠡ ᠠᠪᠴᠤ᠂ ︽ᠬᠤᠬᠢᠷᠠᠯ ᠢ ᠪᠠᠭᠠᠰᠬᠠᠬᠤ + ᠬᠢᠨᠠᠨ ᠬᠠᠮᠢᠶᠠᠷᠬᠤ + ᠴᠢᠳᠠᠪᠤᠷᠢ ᠣᠯᠭᠤᠬᠤ︾ ᠪᠥᠬᠦ ᠬᠡᠯᠬᠢᠶ᠎ᠡ ᠶᠢ ᠪᠣᠶ ᠪᠣᠯᠭᠠᠵᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠰᠢᠨ᠎ᠡ ᠵᠠᠭᠪᠤᠷ ᠢ ᠪᠣᠶ ᠪᠣᠯᠭᠠᠵᠤ᠂ ᠠᠪᠤᠷᠠᠨ ᠲᠤᠰᠠᠯᠠᠬᠤ ᠮᠥᠩᠭᠦ ᠶᠢ ᠦᠨᠡᠨ ᠬᠦ ᠵᠠᠩᠭᠢᠯᠠᠭ᠎ᠠ ᠶᠢᠨ ᠭᠠᠵᠠᠷ ᠲᠤ ᠬᠡᠷᠡᠭᠯᠡᠬᠦ ᠶᠢ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠪᠠ᠃
    ᠨᠢᠭᠡ᠂ ᠬᠤᠬᠢᠷᠠᠯ ᠢ ᠲᠦᠷᠭᠡᠨ ᠵᠣᠭᠰᠣᠭᠠᠬᠤ ᠡᠷᠬᠡ ᠠᠰᠢᠭ᠄ ᠣᠷᠣᠨ ᠪᠦᠰᠡ ᠠᠯᠤᠰᠯᠠᠨ ᠬᠠᠮᠵᠢᠯᠴᠠᠵᠤ ᠪᠠᠶᠢᠭᠠᠳ ᠠᠯᠳᠠᠭᠳᠠᠯ ᠢ ᠠᠪᠤᠷᠠᠨ ᠲᠤᠰᠠᠯᠠᠬᠤ ᠪᠠᠯᠠ ᠮᠥᠩᠭᠦ ᠶᠢ ᠨᠡᠬᠡᠮᠵᠢᠯᠡᠨ ᠠᠪᠴᠢᠷᠠᠨ᠎ᠠ᠃
    ᠰᠢᠶᠤᠤ ᠹᠠᠩ ᠠᠪᠤᠷᠠᠨ ᠲᠤᠰᠠᠯᠠᠬᠤ ᠮᠥᠩᠭᠦ ᠶᠢ ᠰᠦᠯᠵᠢᠶᠡᠨ ᠤ ᠲᠣᠭᠯᠠᠭᠠᠮ ᠳᠤ ᠵᠣᠭᠤᠰ ᠨᠡᠮᠡᠬᠦ ᠳᠤ ᠬᠡᠷᠡᠭᠯᠡᠭᠰᠡᠨ ᠢ ᠣᠯᠵᠤ ᠮᠡᠳᠡᠭᠰᠡᠨ ᠤ ᠳᠠᠷᠠᠭ᠎ᠠ᠂ ᠳᠠᠭᠠᠭᠠᠨ ᠰᠢᠢᠳᠪᠤᠷᠢᠯᠡᠬᠦ ᠪᠠᠶᠢᠴᠠᠭᠠᠬᠤ ᠲᠤᠰᠢᠶᠠᠯᠲᠠᠨ ᠲᠡᠭᠦᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠲᠡᠭᠦᠨ ᠤ ᠡᠷᠬᠡ ᠪᠠᠨ ᠬᠠᠮᠠᠭᠠᠯᠠᠬᠤ ᠬᠦᠴᠢᠷᠳᠡᠯ ᠳᠤ ᠤᠴᠠᠷᠠᠬᠤ ᠠᠴᠠ ᠵᠠᠶᠢᠯᠠᠰᠬᠢᠬᠦ ᠶᠢᠨ ᠲᠥᠯᠥᠭᠡ᠂ ᠬᠠᠤᠯᠢ ᠪᠠᠷᠢᠬᠤ ᠡᠬᠢ ᠪᠠᠶᠠᠯᠢᠭ ᠤᠨ ᠳᠠᠪᠠᠭᠤᠯᠢᠭ ᠢᠶᠠᠨ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ᠰᠦᠯᠵᠢᠶᠡᠨ ᠤ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠰᠦᠯᠵᠢᠶᠡᠨ ᠤ ᠨᠡᠶᠢᠲᠡ ᠶᠢᠨ ᠠᠰᠠᠷᠠᠮᠵᠢ ᠶᠢᠨ ᠬᠠᠤᠯᠢᠴᠢ ᠲᠠᠢ ᠦᠳᠲᠡᠷ ᠲᠦᠷᠭᠡᠨ ᠬᠠᠷᠢᠯᠴᠠᠭᠰᠠᠨ ᠪᠥᠭᠡᠳ ᠬᠠᠤᠯᠢᠴᠢ ᠶᠢ ᠬᠠᠮᠵᠢᠨ ᠨᠠᠰᠤᠨ ᠳᠤ ᠥᠯᠥ ᠭᠦᠷᠦᠭᠰᠡᠳ ᠤᠨ ᠪᠡᠶ᠎ᠡ ᠶᠢᠨ ᠦᠨᠡᠮᠯᠡᠯ᠂ ᠬᠢᠨᠠᠨ ᠬᠠᠮᠠᠭᠠᠯᠠᠭᠴᠢ ᠶᠢᠨ ᠬᠠᠷᠢᠴᠠᠭᠠᠨ ᠤ ᠦᠨᠡᠮᠯᠡᠯ᠂ ᠵᠣᠭᠤᠰ ᠨᠡᠮᠡᠭᠰᠡᠨ ᠲᠡᠮᠳᠡᠭᠯᠡᠯ ᠤᠨ ᠵᠢᠷᠤᠭ ᠵᠢᠴᠢ ᠲᠣᠰ ᠬᠤᠷᠢᠶᠠᠨ ᠤ ᠭᠠᠷᠭᠠᠭᠰᠠᠨ ᠬᠠᠤᠯᠢ ᠪᠠᠷᠢᠬᠤ ᠠᠪᠤᠷᠠᠨ ᠲᠤᠰᠠᠯᠠᠯᠲᠠ ᠶᠢᠨ ᠪᠠᠶᠢᠳᠠᠯ ᠤᠨ ᠲᠣᠳᠣᠷᠬᠠᠶᠢᠯᠠᠯᠲᠠ ᠵᠡᠷᠭᠡ ᠵᠠᠩᠭᠢᠯᠠᠭ᠎ᠠ ᠶᠢᠨ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠡᠮᠬᠢᠯᠡᠵᠦ ᠲᠤᠰᠢᠶᠠᠭᠰᠠᠨ ᠪᠠᠶᠢᠨ᠎ᠠ᠃ ᠬᠡᠷᠡᠭ ᠲᠤ ᠬᠤᠯᠪᠣᠭᠳᠠᠭᠰᠠᠨ ᠲᠣᠭᠯᠠᠭᠠᠮ ᠤᠨ ᠺᠣᠮᠫᠠᠨᠢ ᠶᠢ ᠪᠡᠭᠡᠵᠢᠩ ᠬᠤᠲᠠ ᠶᠢᠨ ᠨᠢᠭᠡᠨ ᠲᠣᠭᠤᠷᠢᠭ ᠤᠨ ᠰᠢᠭᠦᠬᠦ ᠬᠤᠷᠢᠶᠠᠨ ᠳᠤ ᠵᠠᠭᠠᠯᠳᠤᠵᠤ᠂ ᠰᠢᠭᠦᠬᠦ ᠬᠤᠷᠢᠶᠠᠨ ᠤ ᠡᠶᠡᠳᠡᠭᠦᠯᠭᠡ ᠳᠣᠣᠷ᠎ᠠ᠂ ᠪᠠᠶᠢᠴᠠᠭᠠᠬᠤ ᠲᠤᠰᠢᠶᠠᠯᠲᠠᠨ᠂ ᠬᠠᠤᠯᠢᠴᠢ ᠪᠣᠯᠤᠨ ᠬᠡᠷᠡᠭ ᠲᠤ ᠬᠤᠯᠪᠣᠭᠳᠠᠭᠰᠠᠨ ᠲᠣᠭᠯᠠᠭᠠᠮ ᠤᠨ ᠺᠣᠮᠫᠠᠨᠢ ᠶᠢᠨ ᠬᠠᠤᠯᠢ ᠶᠢᠨ ᠶᠠᠪᠤᠳᠠᠯ ᠤᠨ ᠰᠠᠯᠠᠭ᠎ᠠ ᠮᠥᠴᠢᠷ ᠣᠯᠠᠨ ᠤᠳᠠᠭ᠎ᠠ ᠨᠡᠪᠲᠡᠷᠡᠯᠴᠡᠨ ᠵᠥᠪᠳᠡᠯᠴᠡᠵᠦ᠂ ᠪᠠᠶᠢᠴᠠᠭᠠᠬᠤ ᠲᠤᠰᠢᠶᠠᠯᠲᠠᠨ ᠵᠣᠭᠤᠰ ᠨᠡᠮᠡᠬᠦ ᠪᠡᠶᠡᠴᠢ ᠴᠣᠭᠴᠠ ᠪᠣᠯ ᠬᠠᠯᠳᠠᠯᠭ᠎ᠠ ᠳᠤ ᠤᠴᠠᠷᠠᠭᠰᠠᠨ ᠨᠠᠰᠤᠨ ᠳᠤ ᠥᠯᠥ ᠬᠦᠷᠦᠭᠰᠡᠳ ᠢ ᠬᠠᠤᠯᠢ ᠴᠠᠭᠠᠵᠠ ᠪᠠᠷ ᠠᠪᠤᠷᠠᠨ ᠲᠤᠰᠠᠯᠠᠬᠤ ᠶᠠᠪᠤᠳᠠᠯ ᠮᠥᠨ᠂ ᠪᠡᠯᠡ ᠮᠥᠩᠭᠦᠨ ᠤ ᠢᠷᠡᠯᠲᠡ ᠪᠣᠯ ᠣᠨᠴᠠ ᠲᠣᠭᠲᠠᠭᠠᠭᠰᠠᠨ ᠠᠪᠤᠷᠠᠨ ᠲᠤᠰᠠᠯᠠᠬᠤ ᠮᠥᠩᠭᠦ ᠮᠥᠨ ᠭᠡᠵᠦ ᠭᠤᠣᠯᠳᠠᠯᠭ᠎ᠠ ᠲᠠᠢ ᠪᠠᠷ ᠲᠣᠳᠣᠷᠬᠠᠶᠢᠯᠠᠨ ᠥᠭᠦᠯᠡᠵᠦ᠂ ᠨᠠᠰᠤᠨ ᠳᠤ ᠥᠯᠥ ᠬᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠪᠠ ᠠᠪᠤᠷᠠᠨ ᠲᠤᠰᠠᠯᠠᠬᠤ ᠮᠥᠩᠭᠦ ᠶᠢᠨ ᠲᠤᠰᠬᠠᠶ ᠵᠣᠭᠤᠰ ᠢ ᠲᠤᠰᠬᠠᠶ ᠬᠡᠷᠡᠭᠯᠡᠬᠦ ᠣᠨᠴᠠᠭᠠᠶ ᠴᠢᠨᠠᠷ ᠢ ᠴᠢᠬᠤᠯᠠᠴᠢᠯᠠᠵᠤ᠂ ᠴᠥᠬᠦᠷᠡᠰᠢ ᠦᠭᠡᠶ ᠴᠢᠷᠮᠠᠶᠢᠯᠭ᠎ᠠ ᠪᠠᠷ ᠳᠡᠮᠵᠢᠨ ᠠᠪᠤᠷᠠᠨ ᠲᠤᠰᠠᠯᠠᠬᠤ ᠮᠥᠩᠭᠦ ᠶᠢ ᠠᠮᠵᠢᠯᠲᠠ ᠲᠠᠢ ᠪᠠᠷ ᠨᠡᠬᠡᠵᠦ ᠠᠪᠴᠢᠷᠠᠭᠰᠠᠨ ᠪᠠᠶᠢᠨ᠎ᠠ᠃
    ᠬᠤᠶᠠᠷ᠂ ᠴᠢᠩᠭ᠎ᠠ ᠱᠠᠯᠠᠪᠳᠠᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠤᠨ᠎ᠠ᠄ ᠱᠠᠯᠠᠪᠳᠠᠭᠤᠯᠬᠤ ᠵᠠᠷᠯᠢᠭ ᠪᠠᠭᠤᠯᠭᠠᠵᠤ ᠬᠢᠨᠠᠨ ᠬᠠᠮᠠᠭᠠᠯᠠᠬᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃
    ᠠᠪᠤᠷᠠᠨ ᠲᠤᠰᠠᠯᠠᠬᠤ ᠮᠥᠩᠭᠦ ᠶᠢᠨ ᠦᠷᠭᠦᠯᠵᠢᠯᠡᠨ ᠠᠮᠤᠷ ᠲᠦᠪᠰᠢᠨ᠂ ᠵᠢᠷᠤᠮᠵᠢᠭᠤᠯᠤᠨ ᠬᠡᠷᠡᠭᠯᠡᠬᠦ ᠶᠢ ᠪᠠᠲᠤᠯᠠᠬᠤ ᠶᠢᠨ ᠬᠠᠮᠲᠤ ᠰᠢᠶᠤᠤ ᠹᠠᠩ ᠤᠨ ᠡᠳᠦᠷ ᠲᠤᠲᠤᠮ ᠤᠨ ᠬᠢᠨᠠᠨ ᠬᠠᠮᠠᠭᠠᠯᠠᠯᠲᠠ ᠪᠠ ᠤᠶᠢᠯᠡ ᠠᠵᠢᠯᠯᠠᠭ᠎ᠠ ᠶᠢ ᠬᠥᠲᠥᠯᠦᠨ ᠵᠢᠯᠣᠭᠤᠳᠬᠤ ᠶᠢ ᠦᠨᠳᠦᠰᠦᠨ ᠠᠴᠠ ᠨᠢ ᠴᠢᠩᠭᠠᠳᠬᠠᠬᠤ ᠶᠢᠨ ᠲᠥᠯᠥᠭᠡ᠂ ᠲᠣᠰ ᠬᠤᠷᠢᠶ᠎ᠠ ᠪᠠᠶᠢᠴᠠᠭᠠᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠡᠷᠡᠰ ᠰᠢᠭᠤᠷᠬᠠᠶ ᠪᠠᠷ ᠬᠡᠷᠡᠭᠯᠡᠨ᠂ ᠰᠢᠶᠤᠤ ᠹᠠᠩ ᠤᠨ ᠡᠪᠦᠭᠡ ᠳᠤ ︽ᠬᠢᠨᠠᠨ ᠬᠠᠮᠠᠭᠠᠯᠠᠯᠲᠠ ᠶᠢ ᠰᠢᠪᠠᠳᠠᠬᠤ ᠵᠠᠷᠯᠢᠭ︾ ᠲᠣᠭᠲᠠᠭᠠᠨ ᠥᠭᠴᠦ᠂ ᠠᠯᠪᠠᠨ ᠶᠣᠰᠣᠭᠠᠷ ᠨᠡᠶᠢᠲᠡᠯᠡᠨ ᠬᠦᠷᠭᠡᠵᠦ᠂ ᠪᠠᠶᠢᠴᠠᠭᠠᠬᠤ ᠲᠤᠰᠢᠶᠠᠯᠲᠠᠨ ᠨᠢᠭᠤᠷᠲᠠᠨ ᠤᠩᠰᠢᠵᠤ᠂ ᠬᠠᠤᠯᠢ ᠴᠠᠭᠠᠵᠠ ᠶᠢᠨ ᠦᠨᠳᠦᠰᠦᠯᠡᠯ ᠢᠶᠠᠨ ᠲᠣᠳᠣᠷᠬᠠᠶᠢᠯᠠᠨ᠂ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤᠮᠳᠠ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠵᠢᠭᠠᠨ ᠭᠠᠷᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠬᠠᠲᠠᠭᠤ ᠱᠠᠭᠠᠷᠳᠠᠯᠭ᠎ᠠ ᠶᠢ ᠲᠣᠳᠣᠷᠬᠠᠶ ᠳᠤᠷᠠᠳᠤᠨ ᠭᠠᠷᠭᠠᠵᠤ᠂ ᠲᠡᠳᠡᠨ ᠢ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠱᠠᠭᠠᠷᠳᠠᠪᠠ᠃ ᠰᠢᠶᠤᠤ ᠹᠠᠩ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠵᠤ᠂ ᠲᠡᠳᠡᠨ ᠤ ᠤᠷᠮ᠎ᠠ ᠰᠡᠳᠬᠢᠯᠭᠡ ᠶᠢᠨ ᠬᠤᠪᠢᠷᠠᠯᠲᠠ ᠪᠠ ᠰᠡᠳᠬᠢᠴᠡ ᠶᠢᠨ ᠬᠡᠷᠡᠭᠴᠡᠭᠡ ᠶᠢ ᠠᠩᠬᠠᠷᠴᠤ᠂ ᠰᠢᠶᠤᠤ ᠹᠠᠩ ᠤᠨ ᠡᠯᠧᠺᠲᠷᠣᠨ ᠲᠣᠨᠤᠭ ᠲᠥᠬᠦᠭᠡᠷᠦᠮᠵᠢ ᠬᠡᠷᠡᠭᠯᠡᠬᠦ ᠴᠠᠭ ᠪᠠ ᠠᠭᠤᠯᠭ᠎ᠠ ᠶᠢ ᠴᠢᠩᠭ᠎ᠠ ᠬᠠᠮᠢᠶᠠᠷᠴᠤ᠂ ᠡᠷᠡᠭᠦᠯ ᠴᠢᠭᠢᠷᠠᠭ ᠳᠤᠷ᠎ᠠ ᠰᠣᠨᠢᠷᠬᠠᠯ ᠢ ᠬᠥᠲᠥᠯᠦᠨ ᠵᠢᠯᠣᠭᠤᠳᠴᠤ ᠬᠥᠮᠦᠵᠢᠭᠦᠯᠦᠨ᠂ ᠠᠩᠭᠢ ᠶᠢᠨ ᠡᠷᠬᠢᠯᠡᠭᠴᠢ ᠠᠴᠠ ᠰᠢᠶᠤᠤ ᠹᠠᠩ ᠤᠨ ᠠᠮᠢᠳᠤᠷᠠᠯ ᠰᠤᠷᠤᠯᠴᠠᠯᠭ᠎ᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠣᠶᠢᠯᠠᠭᠠᠵᠤ᠂ ︽ᠬᠢᠨᠠᠨ ᠬᠠᠮᠠᠭᠠᠯᠠᠬᠤ ᠶᠢ ᠰᠢᠪᠠᠳᠠᠬᠤ ᠵᠠᠷᠯᠢᠭ︾ ᠢ ᠲᠣᠭᠲᠠᠭᠠᠭᠰᠠᠨ ᠤ ᠳᠠᠷᠠᠭ᠎ᠠ᠂ ᠪᠠᠶᠢᠴᠠᠭᠠᠬᠤ ᠲᠤᠰᠢᠶᠠᠯᠲᠠᠨ ᠰᠢᠶᠤᠤ ᠹᠠᠩ ᠤᠨ ᠬᠡᠷ ᠪᠦᠯᠢ ᠶᠢᠨ ᠲᠤᠬᠠᠶ ᠬᠠᠷᠢᠭᠤ ᠰᠤᠷᠪᠤᠯᠵᠢᠯᠠᠬᠤ ᠤᠳᠠᠭ᠎ᠠ ᠶᠢ ᠨᠡᠮᠡᠵᠦ᠂ ᠬᠠᠲᠠᠭᠤ ᠱᠠᠭᠠᠷᠳᠠᠯᠭ᠎ᠠ ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠪᠠᠲᠤᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃
    ᠭᠤᠷᠪᠠ᠂ ᠬᠠᠯᠠᠭᠤᠨ ᠰᠡᠳᠬᠢᠯᠭᠡ ᠪᠠᠷ ᠰᠢᠨ᠎ᠡ ᠰᠤᠷᠤᠭᠴᠢᠳ ᠢ ᠲᠤᠰᠠᠯᠠᠨ᠎ᠠ᠄ ᠨᠡᠶᠢᠭᠡᠮ ᠤᠨ ᠡᠬᠢ ᠪᠠᠶᠠᠯᠢᠭ ᠲᠠᠢ ᠬᠤᠯᠪᠣᠵᠤ ᠦᠰᠦᠨ ᠪᠤᠶᠢᠵᠢᠯᠲᠠ ᠶᠢ ᠳᠡᠮᠵᠢᠬᠦ ᠲᠣᠣᠷ ᠢ ᠪᠠᠶᠢᠭᠤᠯᠤᠨ᠎ᠠ᠃
    ᠰᠢᠶᠤᠤ ᠹᠠᠩ ᠢ ᠬᠠᠪᠰᠤᠷᠤᠨ ᠭᠦᠨ ᠳᠠᠪᠬᠤᠷᠭ᠎ᠠ ᠶᠢᠨ ᠰᠡᠳᠬᠢᠴᠡ ᠶᠢᠨ ᠰᠢᠷᠬ᠎ᠠ᠂ ᠰᠡᠳᠬᠢᠯᠭᠡ ᠶᠢᠨ ᠳᠤᠲᠠᠭᠳᠠᠯ ᠪᠠ ᠵᠥᠪ ᠴᠢᠭᠯᠡᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠨᠢ ᠰᠢᠢᠳᠪᠦᠷᠢᠯᠡᠵᠦ᠂ ᠲᠣᠭᠲᠠᠭᠤᠨ᠂ ᠳᠤᠯᠠᠭᠠᠨ᠂ ᠠᠰᠢᠭᠲᠠᠢ ᠦᠰᠦᠨ ᠪᠤᠶᠢᠵᠢᠯᠲᠠ ᠶᠢ ᠳᠡᠮᠵᠢᠬᠦ ᠣᠷᠴᠢᠨ ᠲᠣᠭᠤᠷᠢᠨ ᠢ ᠪᠠᠶᠢᠭᠤᠯᠬᠤ ᠶᠢᠨ ᠲᠥᠯᠥᠭᠡ᠂ ᠨᠢᠭᠡ ᠲᠠᠯ᠎ᠠ ᠪᠠᠷ᠂ ᠲᠤᠰ ᠬᠦᠷᠢᠶᠡᠯᠡᠩ ᠡᠬᠢ ᠪᠠᠶᠠᠯᠢᠭ ᠢᠶᠠᠨ ᠬᠤᠯᠪᠣᠯᠳᠤᠭᠤᠯᠵᠤ᠂ ᠪᠣᠰᠤᠭ᠎ᠠ ᠴᠣᠭᠴᠠ ᠪᠠᠷ ᠬᠠᠪᠰᠤᠷᠤᠨ ᠲᠡᠳᠬᠦᠵᠦ᠂ ᠰᠠᠨᠠᠭᠠᠴᠢᠯᠠᠭ᠎ᠠ ᠠᠴᠠ ᠪᠠᠨ ᠲᠤᠬᠠᠢ ᠶᠢᠨ ᠭᠠᠵᠠᠷ ᠤᠨ ᠡᠮᠡᠭᠲᠡᠶᠢᠴᠦᠳ ᠤᠨ ᠬᠤᠯᠪᠣᠭ᠎ᠠ᠂ ᠪᠣᠭᠤᠮᠲᠠ ᠶᠢᠨ ᠠᠵᠢᠯ ᠤᠨ ᠵᠥᠪᠯᠡᠯ ᠵᠢᠴᠢ ᠰᠢᠶᠤᠤ ᠹᠠᠩ ᠤᠨ ᠪᠠᠶᠢᠭ᠎ᠠ ᠨᠡᠶᠢᠭᠡᠮ ᠲᠣᠭᠤᠷᠢᠭ ᠲᠠᠢ ᠵᠣᠯᠭᠠᠭᠤᠯᠵᠤ᠂ ᠬᠠᠮᠲᠤᠪᠠᠷ ᠵᠥᠪᠳᠡᠯᠴᠡᠵᠦ ᠪᠠᠶᠢᠭᠠᠳ ᠰᠢᠶᠤᠤ ᠹᠠᠩ ᠳᠤ ᠴᠢᠭᠯᠡᠭᠦᠯᠦᠭᠰᠡᠨ ᠬᠠᠪᠰᠤᠷᠤᠨ ᠲᠡᠳᠬᠦᠬᠦ ᠲᠥᠯᠥᠪᠯᠡᠭᠡ ᠶᠢ ᠲᠣᠭᠲᠠᠭᠠᠵᠠᠢ᠃ ᠡᠮᠡᠭᠲᠡᠶᠢᠴᠦᠳ ᠤᠨ ᠬᠤᠯᠪᠣᠭ᠎ᠠ ᠪᠠᠷ ᠲᠦᠷᠦᠭᠦᠯᠡᠭᠦᠯᠦᠨ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠬᠠᠪᠰᠤᠷᠤᠨ ᠵᠢᠯᠣᠭᠤᠳᠬᠤ ᠬᠢᠷᠢ ᠬᠡᠮ ᠲᠠᠢ ᠨᠡᠶᠢᠭᠡᠮ ᠤᠨ ᠠᠵᠢᠯᠲᠠᠨ ᠪᠤᠶᠤ ᠰᠡᠳᠬᠢᠴᠡ ᠶᠢᠨ ᠵᠥᠪᠯᠡᠯᠭᠡ ᠥᠭᠭᠦᠭᠴᠢ ᠶᠢ ᠲᠣᠬᠢᠷᠠᠭᠤᠯᠵᠤ᠂ ᠰᠢᠶᠤᠤ ᠹᠠᠩ ᠳᠤ ᠲᠣᠭᠲᠠᠮᠠᠯ ᠬᠤᠭᠤᠴᠠᠭ᠎ᠠ ᠲᠠᠢ᠂ ᠰᠦᠢᠳᠬᠡᠯ ᠬᠤᠷᠢᠶᠠᠬᠤ ᠦᠭᠡᠢ ᠮᠥᠷᠲᠡᠭᠡᠨ ᠨᠢᠭᠤᠴᠠ ᠶᠢ ᠬᠠᠮᠠᠭᠠᠯᠠᠬᠤ ᠰᠡᠳᠬᠢᠴᠡ ᠶᠢᠨ ᠵᠢᠯᠤᠭᠤᠳᠤᠯᠭ᠎ᠠ ᠶᠢᠨ ᠦᠢᠯᠡᠴᠢᠯᠡᠭᠡ ᠬᠠᠩᠭᠠᠵᠤ᠂ ᠲᠡᠳᠡᠨ ᠢ ᠬᠠᠪᠰᠤᠷᠤᠨ ᠠᠮᠤᠷ ᠲᠦᠪᠰᠢᠨ ᠤ ᠰᠡᠳᠬᠢᠭᠳᠡᠯ ᠪᠠ ᠥᠪᠡᠷ ᠤᠨ ᠦᠷᠲᠡᠭ ᠤᠨ ᠰᠡᠳᠬᠢᠭᠳᠡᠯ ᠢ ᠨᠢ ᠳᠠᠬᠢᠨ ᠪᠠᠶᠢᠭᠤᠯᠤᠨ᠎ᠠ︔ ᠨᠡᠶᠢᠭᠡᠮ ᠲᠣᠭᠤᠷᠢᠭ ᠠᠴᠠ ᠠᠮᠠᠷᠠᠯᠲᠠ ᠶᠢᠨ ᠬᠤᠭᠤᠴᠠᠭ᠎ᠠ ᠵᠢᠴᠢ ᠭᠠᠷᠠᠭ ᠤᠨ ᠰᠡᠭᠦᠯᠴᠢ ᠶᠢᠨ ᠴᠠᠭ ᠢ ᠠᠰᠢᠭᠯᠠᠨ᠂ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ ᠪᠤᠶᠤ ᠠᠵᠢᠯ ᠠᠴᠠ ᠪᠠᠨ ᠠᠮᠠᠷᠠᠭᠰᠠᠨ ᠪᠠᠭᠰᠢ ᠶᠢ ᠵᠣᠬᠢᠶᠠᠨ ᠪᠠᠶᠢᠭᠤᠯᠵᠤ ᠰᠢᠶᠤᠤ ᠹᠠᠩ ᠵᠢᠴᠢ ᠲᠡᠭᠦᠨ ᠤ ᠳᠡᠭᠦᠤ ᠳᠤ ᠬᠢᠴᠢᠶᠡᠯ ᠰᠤᠷᠤᠯᠭ᠎ᠠ ᠶᠢᠨ ᠬᠠᠪᠰᠤᠷᠤᠨ ᠵᠢᠯᠣᠭᠤᠳᠣᠯᠭ᠎ᠠ ᠬᠠᠩᠭᠠᠵᠤ᠂ ᠬᠡᠷ ᠪᠦᠯᠢ ᠶᠢᠨ ᠬᠠᠪᠰᠤᠷᠤᠨ ᠵᠢᠯᠣᠭᠤᠳᠬᠤ ᠴᠢᠳᠠᠪᠤᠷᠢ ᠶᠢᠨ ᠬᠦᠷᠦᠯᠴᠡᠬᠦ ᠥᠬᠡᠶ ᠲᠠᠯ᠎ᠠ ᠶᠢ ᠨᠥᠬᠦᠪᠥᠷᠢᠯᠡᠨ᠎ᠡ︔ ᠡᠭᠦᠨ ᠤ ᠬᠠᠮᠲᠤ᠂ ᠵᠠᠯᠠᠭᠤᠴᠤᠳ ᠪᠠᠭᠠᠴᠤᠳ ᠤᠨ ᠣᠷᠳᠣᠨ᠂ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠥᠪ ᠤᠨ ᠡᠬᠢ ᠪᠠᠶᠠᠯᠢᠭ ᠢ ᠬᠤᠯᠪᠣᠵᠤ᠂ ᠰᠢᠶᠤᠤ ᠹᠠᠩ ᠳᠤ ᠵᠢᠷᠤᠭ᠂ ᠳᠠᠭᠤᠤ ᠬᠥᠭᠵᠢᠮ᠂ ᠭᠠᠷ ᠤᠷᠠᠯᠠᠯ ᠪᠤᠶᠤ ᠪᠡᠶ᠎ᠡ ᠶᠢᠨ ᠲᠠᠮᠢᠷ ᠵᠡᠷᠭᠡ ᠰᠤᠶᠢᠳᠭᠡᠯ ᠥᠯᠥ ᠬᠤᠷᠢᠶᠠᠬᠤ ᠳᠤᠷ᠎ᠠ ᠰᠣᠨᠢᠷᠬᠠᠯ ᠤᠨ ᠬᠢᠴᠢᠶᠡᠯ ᠤᠨ ᠣᠷᠣᠨ ᠶᠢ ᠬᠠᠩᠭᠠᠨ ᠥᠭᠴᠦ᠂ ᠲᠡᠭᠦᠨ ᠢ ᠭᠦᠲᠦᠯᠤᠨ ᠵᠢᠯᠤᠭᠤᠳᠴᠤ ᠡᠷᠡᠭᠦᠯ ᠮᠡᠨᠳᠦ ᠳᠤ ᠠᠰᠢᠭᠲᠠᠶ ᠬᠥᠳᠡᠯᠭᠡᠭᠡᠨ ᠳᠤ ᠤᠷᠤᠯᠴᠠᠵᠤ᠂ ᠥᠪᠡᠷ ᠤᠨ ᠳᠠᠯᠳᠠ ᠴᠢᠳᠠᠪᠤᠷᠢ ᠪᠠᠨ ᠢᠯᠡᠷᠡᠭᠦᠯᠦᠨ᠂ ᠢᠳᠡᠪᠬᠢᠲᠡᠶ ᠳᠤᠷ᠎ᠠ ᠰᠣᠨᠢᠷᠬᠠᠯ ᠢ ᠨᠢ ᠬᠥᠮᠦᠵᠢᠭᠦᠯᠵᠦ᠂ ᠰᠦᠯᠵᠢᠶᠡᠨ ᠤ ᠲᠦᠰᠢᠭᠯᠡᠯ ᠢ ᠨᠢ ᠣᠷᠣᠯᠠᠭᠤᠯᠤᠨ᠎ᠠ᠃ ᠨᠥᠭᠦᠭᠡ ᠲᠠᠯ᠎ᠠ ᠪᠠᠷ᠂ ᠲᠣᠰ ᠡᠮᠨᠡᠯᠭᠡ ᠶᠢᠨ ᠬᠤᠷᠢᠶ᠎ᠠ ᠦᠷᠭᠦᠯᠵᠢᠯᠡᠨ ᠠᠩᠬᠠᠷᠴᠤ᠂ ᠣᠷᠳᠣ ᠬᠤᠭᠤᠴᠠᠭ᠎ᠠ ᠪᠠᠷ ᠬᠠᠨᠢ ᠪᠣᠯᠵᠣ᠂ ᠲᠣᠰ ᠬᠠᠪᠰᠤᠷᠤᠨ ᠲᠡᠳᠬᠦᠬᠦ ᠲᠥᠯᠥᠪᠯᠡᠭᠡ ᠶᠢ ᠣᠷᠳᠣ ᠬᠤᠭᠤᠴᠠᠭ᠎ᠠ ᠪᠠᠷ ᠮᠥᠷᠳᠡᠨ ᠰᠤᠷᠪᠤᠯᠵᠢᠯᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠨᠡᠶᠢᠭᠡᠮ ᠲᠣᠭᠤᠷᠢᠭ ᠯᠤᠭ᠎ᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ᠂ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷᠴᠤᠳ ᠲᠣᠭᠲᠠᠮᠠᠯ ᠬᠤᠭᠤᠴᠠᠭ᠎ᠠ ᠲᠠᠢ ᠪᠠᠷ ᠬᠡᠷ ᠲᠤᠨᠢ ᠬᠦᠷᠴᠦ ᠰᠤᠷᠪᠤᠯᠵᠢᠯᠠᠨ᠂ ᠡᠪᠦᠭᠡ ᠣᠮᠪᠣᠯᠣ ᠭᠤᠷᠪᠠ ᠶᠢᠨ ᠠᠮᠢᠳᠤᠷᠠᠯ ᠢ ᠬᠠᠯᠠᠮᠵᠢᠯᠠᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠪᠣᠳᠠᠲᠠᠶ ᠬᠦᠴᠢᠷᠳᠡᠯ ᠢ ᠨᠢ ᠬᠠᠪᠰᠤᠷᠤᠨ ᠰᠢᠢᠳᠪᠤᠷᠢᠯᠡᠵᠤ᠂ ᠰᠢᠶᠤᠤ ᠹᠠᠩ ᠤᠨ ᠰᠡᠳᠬᠢᠴᠡ ᠶᠢᠨ ᠪᠠᠶᠢᠳᠠᠯ᠂ ᠰᠤᠷᠤᠯᠭ᠎ᠠ ᠶᠢᠨ ᠢᠯᠡᠷᠡᠯ᠂ ᠳᠤᠷ᠎ᠠ ᠰᠣᠨᠢᠷᠬᠠᠯ ᠤᠨ ᠬᠥᠭᠵᠢᠯᠲᠡ᠂ ᠤᠶᠢᠯᠡ ᠠᠵᠢᠯᠯᠠᠭᠠᠨ ᠤ ᠳᠠᠳᠬᠠᠯ ᠵᠡᠷᠭᠡ ᠲᠠᠯ᠎ᠠ ᠶᠢᠨ ᠰᠠᠶᠢᠵᠢᠷᠠᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠬᠡᠷᠡᠭᠴᠡᠭᠡ ᠪᠠᠨ ᠦᠨᠳᠦᠰᠦᠯᠡᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠥᠳᠡᠯᠦᠩᠭᠦᠶ ᠪᠠᠷ ᠳᠣᠭᠢᠷᠠᠭᠤᠯᠤᠨ᠂ ᠪᠤᠶᠢᠵᠢᠯᠲᠠ ᠶᠢ ᠳᠡᠮᠵᠢᠬᠦ ᠰᠦᠯᠵᠢᠶ᠎ᠡ ᠶᠢᠨ ᠦᠷᠭᠦᠯᠵᠢᠯᠡᠨ ᠪᠦᠲᠦᠮᠵᠢᠲᠡᠶ ᠠᠵᠢᠯᠯᠠᠬᠤ ᠶᠢ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠣᠷᠳᠣ ᠬᠤᠭᠤᠴᠠᠭᠠᠨ ᠤ ᠬᠦᠴᠦᠨ ᠨᠡᠮᠡᠷᠢᠯᠡᠨ᠎ᠡ᠃
    

ᠢᠷᠡᠯᠲᠡ
ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤ ᠶᠢᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro