ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠪᠠᠶᠢᠴᠠᠭᠠᠬᠤ ᠨᠡᠶᠢᠲᠡ ᠶᠢᠨ ᠠᠰᠢᠭᠲᠤ ᠵᠠᠷᠭᠤ ᠡᠬᠡ ᠨᠢᠯᠬᠠᠰ ᠤᠨ ᠠᠮᠤᠷ ᠲᠦᠪᠰᠢᠨ ᠦ ᠲᠣᠣᠷ ᠢ ᠰᠦᠯᠵᠢᠨ᠎ᠡ

2025-10-30 16:30:06
ᠵᠣᠬᠢᠶᠠᠭᠴᠢ
ᠰᠢᠶᠣᠣ ᠷᠦᠩ

    ᠣᠶᠢᠷ᠎ᠠ ᠶᠢᠨ ᠵᠢᠯ ᠦᠳ ᠲᠦ ᠂ ᠨᠡᠶᠢᠭᠡᠮ ᠦᠨ ᠠᠮᠢᠳᠤᠷᠠᠯ ᠤᠨ ᠬᠢᠷᠢ ᠲᠦᠪᠰᠢᠨ ᠦ ᠳᠡᠭᠡᠭᠰᠢᠯᠡᠯᠲᠡ ᠪᠠ ᠡᠷᠡᠭᠦᠯ ᠮᠡᠨᠳᠦ ᠶᠢᠨ ᠦᠵᠡᠯ ᠤᠬᠠᠮᠰᠠᠷ ᠤᠨ ᠳᠡᠭᠡᠭᠰᠢᠯᠡᠯᠲᠡ ᠶᠢ ᠳᠠᠭᠠᠯᠳᠤᠨ ᠂ ᠬᠥᠩᠭᠡᠵᠢᠭᠰᠡᠨ ᠦ ᠳᠠᠷᠠᠭᠠᠬᠢ ᠰᠤᠪᠢᠯᠠᠯᠲᠠ ᠶᠢᠨ ᠵᠠᠬ᠎ᠠ ᠳᠡᠯᠭᠡᠭᠦᠷ ᠦᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠥᠷᠨᠢᠩᠭᠦᠶ ᠬᠥᠭᠵᠢᠵᠦ ᠂ ᠰᠠᠷ᠎ᠠ ᠰᠠᠭᠤᠬᠤ  ᠲᠥᠪ ᠲᠦ ᠣᠴᠢᠵᠤ ︽ ᠰᠠᠷ᠎ᠠ ᠰᠠᠭᠤᠬᠤ ︾ ᠨᠢ ᠨᠢᠭᠡᠨᠲᠡ ᠰᠢᠨ᠎ᠡ ᠨᠢᠭᠡ ᠦᠶ᠎ᠡ ᠶᠢᠨ ᠡᠴᠢᠭᠡ ᠡᠬᠡ ᠶᠢᠨ ᠴᠣ᠋ ᠰᠢᠨ᠎ᠡ ᠰᠣᠩᠭᠣᠯᠲᠠ ᠪᠣᠯᠤᠭᠰᠠᠨ ᠪᠠᠶᠢᠨ᠎ᠠ ᠃ ᠡᠬᠡ ᠨᠢᠯᠬᠠᠰ ᠤᠨ ᠡᠷᠡᠭᠦᠯ ᠮᠡᠨᠳᠦ ᠂ ᠬᠡᠷ ᠪᠦᠯᠢ ᠶᠢᠨ ᠵᠣᠯ ᠵᠢᠷᠭᠠᠯ ᠳᠤ ᠬᠣᠯᠪᠣᠭᠳᠠᠬᠤ ᠠᠷᠠᠳ ᠤᠨ ᠠᠮᠢᠳᠤᠷᠠᠯ ᠤᠨ ᠶᠡᠬᠡ ᠶᠠᠪᠤᠳᠠᠯ ᠪᠣᠯᠤᠭᠰᠠᠨ ᠤ ᠬᠤᠪᠢ ᠳᠤ ᠂ ᠰᠠᠷ᠎ᠠ ᠰᠠᠭᠤᠬᠤ  ᠲᠥᠪ ᠦᠨ ᠦᠶᠯᠡᠴᠢᠯᠡᠭᠡᠨ ᠦ ᠶᠠᠰᠤ ᠴᠢᠨᠠᠷ ᠪᠣᠯᠤᠨ ᠠᠮᠤᠷ ᠲᠦᠪᠰᠢᠨ ᠦ ᠬᠠᠮᠢᠶᠠᠷᠤᠯᠲᠠ ᠨᠢ ᠥᠷᠭᠡᠨ ᠣᠯᠠᠨ ᠡᠮᠡᠭᠲᠡᠶᠢᠴᠦᠳ ᠂ ᠨᠢᠯᠬ᠎ᠠ ᠬᠡᠸᠬᠡᠳ ᠦᠨ ᠲᠣᠰ ᠪᠡᠶ᠎ᠡ ᠶᠢᠨ ᠠᠰᠢᠭ ᠲᠤᠰᠠ ᠲᠠᠶ ᠰᠢᠭᠤᠳ ᠬᠣᠯᠪᠣᠭᠳᠠᠵᠤ ᠂ ᠨᠡᠶᠢᠭᠡᠮ ᠨᠡᠶᠢᠲᠡ ᠶᠢᠨ ᠠᠰᠢᠭ ᠲᠤᠰᠠ ᠲᠠᠶ ᠬᠣᠯᠪᠣᠭᠳᠠᠵᠤ ᠪᠠᠶᠢᠳᠠᠭ ᠃   

    《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠦᠨ ᠡᠷᠬᠡ ᠠᠰᠢᠭ ᠢ ᠪᠠᠲᠤᠯᠠᠬᠤ ᠬᠠᠤᠯᠢ 》 ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠡᠮᠡᠭᠲᠡᠶᠢᠴᠦᠳ ᠦᠨ ᠡᠷᠬᠡ ᠠᠰᠢᠭ ᠢ ᠪᠠᠲᠤᠯᠠᠬᠤ ᠨᠡᠶᠢᠲᠡ ᠶᠢᠨ ᠠᠰᠢᠭᠲᠤ ᠵᠠᠷᠭᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠬᠦ ᠲᠤᠬᠠᠶ ᠪᠠᠶᠢᠴᠠᠭᠠᠬᠤ ᠠᠵᠢᠯ ᠤᠨ  ᠪᠠᠶᠢᠷᠢᠯᠠᠭᠤᠯᠤᠯᠲᠠ ᠵᠢᠴᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ  ᠰᠠᠷ᠎ᠠ ᠰᠠᠭᠤᠬᠤ ᠲᠥᠪ  ᠡᠨᠡ ᠬᠦ ᠡᠬᠡ ᠨᠢᠯᠬᠠᠰ ᠤᠨ ᠬᠡᠷᠡᠭᠯᠡᠭᠡᠨ ᠦ ᠰᠢᠨ᠎ᠡ ᠡᠵᠡᠩᠨᠡᠯᠲᠡ ᠶᠢᠨ ᠬᠡᠯᠪᠡᠷᠢ ᠳᠦ ᠠᠩᠬᠠᠷᠤᠯ ᠢᠶᠠᠨ ᠲᠥᠪᠯᠡᠷᠡᠭᠦᠯᠦᠨ ᠨᠡᠶᠢᠲᠡ ᠶᠢᠨ ᠠᠰᠢᠭᠲᠤ ᠵᠠᠷᠭᠤ ᠳᠤ ᠲᠤᠰᠬᠠᠶ ᠬᠢᠨᠠᠯᠲᠠ ᠲᠠᠯᠪᠢᠵᠤ᠂ ᠨᠡᠶᠢᠲᠡ ᠶᠢᠨ ᠠᠰᠢᠭᠲᠤ ᠶᠢᠨ ᠨᠡᠷ᠎ᠡ ᠪᠡᠷ ᠡᠬᠡ ᠨᠢᠯᠬᠠᠰ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠪᠠᠶᠢᠴᠠᠭᠠᠬᠤ ᠡᠷᠴᠢᠮ ᠢᠶᠡᠷ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠪᠡ᠃

    ᠬᠠᠷᠢᠶᠠᠲᠤ ᠣᠷᠣᠨ ᠤ ᠳᠣᠲᠣᠷᠠᠬᠢ  ᠰᠠᠷ᠎ᠠ ᠰᠠᠭᠤᠬᠤ  ᠲᠥᠪ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠪᠠᠷ ᠳᠠᠮᠵᠢᠭᠤᠯᠤᠨ ᠂ ᠬᠠᠮᠢᠶ᠎ᠠ ᠪᠥᠬᠥᠶ ᠬᠠᠸᠯᠢ ᠴᠠᠭᠠᠵᠠ ᠬᠠᠸᠯᠢ ᠲᠣᠭᠲᠠᠭᠠᠯ ᠢ ᠦᠨᠳᠦᠰᠦᠯᠡᠨ ᠂  ᠰᠠᠷ᠎ᠠ ᠰᠠᠭᠤᠬᠤ  ᠲᠥᠪ ᠦᠨ ᠡᠵᠡᠩᠨᠡᠯᠲᠡ ᠶᠢᠨ ᠦᠨᠡᠮᠯᠡᠯ ᠢ ᠭᠦᠶᠴᠡᠳᠬᠡᠭᠰᠡᠨ ᠪᠠᠶᠢᠳᠠᠯ ᠂ ᠠᠵᠢᠯᠯᠠᠵᠤ ᠪᠠᠶᠢᠭ᠎ᠠ ᠬᠥᠮᠦᠰ ᠦᠨ ᠬᠢᠷᠢ ᠬᠡᠮ ᠦᠨ ᠬᠢᠷᠢ ᠬᠡᠮᠵᠢᠶ᠎ᠡ ᠂ ᠡᠷᠡᠭᠦᠯ ᠬᠠᠮᠠᠭᠠᠯᠠᠯ ᠤᠨ ᠣᠷᠴᠢᠨ ᠲᠣᠭᠣᠷᠢᠨ ᠤ ᠪᠠᠷᠢᠮᠵᠢᠶ᠎ᠠ ᠳᠤ ᠬᠦᠷᠦᠭᠰᠡᠨ ᠪᠠᠶᠢᠳᠠᠯ ᠂ ᠢᠳᠡᠭᠡᠨ ᠦ ᠠᠮᠤᠷ ᠲᠦᠪᠰᠢᠨ ᠦ ᠬᠠᠮᠢᠶᠠᠷᠤᠯᠲᠠ ᠵᠢᠴᠢ ᠡᠬᠡ ᠨᠢᠯᠬᠠᠰ ᠤᠨ ᠰᠤᠪᠢᠯᠠᠯᠲᠠ ᠶᠢᠨ ᠦᠶᠯᠡᠴᠢᠯᠡᠭᠡᠨ ᠦ ᠵᠢᠷᠤᠮᠵᠢᠯ ᠤᠨ ᠨᠠᠷᠢᠨ ᠲᠦᠷᠢᠮ ᠵᠡᠷᠭᠡ ᠭᠣᠸᠯ ᠵᠠᠩᠭᠢᠯᠠᠭ᠎ᠠ ᠳᠤ ᠴᠢᠭᠯᠡᠭᠦᠯᠦᠨ ᠪᠠᠶᠢᠴᠠᠭᠠᠵᠤ ᠬᠢᠨᠠᠯᠲᠠ ᠲᠠᠯᠪᠢᠪᠠ  ᠃ 

    ᠲᠠᠷᠠᠭᠠᠴᠢ ᠶᠢᠨ ᠠᠯᠬᠤᠮ ᠳᠤ ᠂ ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠬᠡᠰᠡᠭ ᠰᠠᠷ᠎ᠠ ᠰᠠᠭᠤᠬᠤ  ᠲᠥᠪ ᠲᠦ ᠣᠷᠣᠰᠢᠵᠤ ᠪᠠᠶᠢᠭ᠎ᠠ ᠢᠳᠡᠭᠡᠨ ᠦ ᠠᠮᠤᠷ ᠲᠦᠪᠰᠢᠨ ᠦ ᠳᠠᠯᠳᠠ ᠬᠡᠮ ᠵᠡᠷᠭᠡ ᠪᠠᠶᠢᠳᠠᠯ ᠳᠤ ᠴᠢᠭᠯᠡᠭᠦᠯᠦᠨ ᠂ ᠬᠠᠸᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠶᠴᠡᠳ ᠪᠠᠳᠠᠷᠠᠭᠤᠯᠵᠤ ᠂ ᠬᠣᠯᠪᠣᠭᠳᠠᠯ ᠪᠥᠬᠥᠶ ᠰᠠᠯᠠᠭ᠎ᠠ ᠮᠥᠴᠢᠷ ᠦᠨ ᠬᠢᠨ ᠢ ᠰᠢᠪᠠᠳᠠᠨ ᠳᠠᠭᠠᠵᠤ ᠨᠠᠶᠢᠳᠠᠪᠤᠷᠢᠵᠢᠭᠤᠯᠤᠨ᠎ᠠ ᠃ 

    ᠰᠠᠷ᠎ᠠ ᠰᠠᠭᠤᠬᠤ ᠲᠥᠪ ᠨᠢ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ ᠠᠮᠤᠷ ᠠᠮᠤᠭᠤᠯᠠᠩ ᠲᠠᠶ ᠬᠣᠯᠪᠣᠭᠳᠠᠨ᠎ᠠ ᠃ ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠢ᠎ᠠ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠠᠤᠯᠢ ᠴᠠᠭᠠᠵᠠ ᠶᠢᠨ ᠬᠢᠨᠠᠯᠲᠠ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠷᠡᠭᠦᠯ ᠢᠶᠡᠷ ᠬᠥᠭᠵᠢᠬᠦ ᠶᠢ ᠠᠬᠢᠭᠤᠯᠵᠤ᠂ ᠬᠥᠩᠭᠡᠵᠢᠭᠰᠡᠨ ᠡᠮᠡᠭᠲᠡᠢ ᠪᠠ ᠨᠢᠯᠬ᠎ᠠ ᠬᠡᠦᠬᠡᠳ ᠨᠢᠭᠡᠪᠦᠷᠢ ᠳᠦ ᠣᠨᠴᠠᠭᠠᠢ ᠬᠠᠮᠲᠤᠯᠢᠭ ᠤᠨ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ ᠬᠢ ᠪᠠᠶᠢᠴᠠᠭᠠᠬᠤ ᠨᠡᠶᠢᠲᠡ ᠶᠢᠨ ᠠᠰᠢᠭᠲᠤ  ᠵᠠᠷᠭᠤ ᠶᠢᠨ ᠡᠷᠡᠰ ᠪᠠᠲᠤ ᠵᠣᠷᠢᠭ ᠪᠠ ᠥᠨᠳᠥᠷ ᠪᠦᠲᠦᠮᠵᠢᠲᠡᠢ ᠠᠵᠢᠯᠯᠠᠭᠠᠨ ᠤ ᠬᠦᠴᠦᠨ ᠢ ᠮᠡᠳᠡᠷᠡᠭᠦᠯᠦᠨ᠎ᠡ ︕

 

ᠢᠷᠡᠯᠲᠡ
ᠣᠷᠳᠣᠰ ᠬᠣᠲᠠ ᠶᠢᠨ ᠬᠤᠰᠢᠭᠤ ᠬᠢᠶ᠎ᠡ ᠪᠠᠭᠰᠢ ᠲᠤᠭᠤᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro