ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠶᠢᠰᠦᠨ ᠰᠠᠷ᠎ᠠ ᠶᠢᠨ ᠶᠢᠰᠦᠨ ᠦ ᠡᠳᠦᠷ ᠦᠲᠦᠯᠦᠭᠡ ᠨᠠᠰᠤᠨ ᠳᠤ ᠬᠠᠤᠯᠢ ᠬᠦᠷᠭᠡᠵᠦ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠡᠷ︽ ᠵᠢᠷᠭᠠᠬᠤ ᠨᠠᠷᠠ︾ ᠢ ᠲᠤᠯᠠᠭᠠᠴᠠᠭᠤᠯᠪᠠ︱ ᠬᠢᠶ᠎ᠡ ᠪᠠᠭᠰᠢ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠶᠢᠰᠦᠨ ᠰᠠᠷ᠎ᠠ ᠶᠢᠨ ᠶᠢᠰᠦᠨ ᠦ ᠪᠠᠶᠠᠷ ᠲᠤ ᠨᠠᠰᠤᠲᠠᠨ ᠢ ᠠᠰᠠᠷᠠᠬᠤ ᠬᠦᠷᠢᠶᠡᠯᠡᠩ ᠳᠦ ᠣᠴᠢᠵᠦ ᠤᠬᠠᠭᠤᠯᠬᠤ ᠠᠵᠢᠯᠯᠠᠭ᠎ᠠ ᠦᠷᠨᠢᠭᠦᠯᠪᠡ

2025-10-30 16:22:30
ᠵᠣᠬᠢᠶᠠᠭᠴᠢ
ᠰᠢᠶᠣᠣ ᠷᠦᠩ

    10 ᠰᠠᠷ᠎ᠠ ᠶᠢᠨ 29 ᠦ ᠡᠳᠦᠷ ᠦᠨ ᠶᠢᠰᠦᠨ ᠰᠠᠷ᠎ᠠ ᠶᠢᠨ ᠶᠢᠰᠦᠨ ᠦ ᠪᠠᠶᠠᠷ ᠤᠨ ᠲᠤᠬᠠᠶ ᠶᠢᠨ ᠡᠳᠦᠷ ᠂ ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠨᠠᠰᠤᠲᠠᠶᠢᠴᠤᠳ ᠤᠨ ᠬᠠᠸᠯᠢ ᠪᠠᠷ ᠵᠠᠰᠠᠬᠤ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠪᠠᠶᠢᠴᠠᠭᠠᠬᠤ ᠠᠵᠢᠯᠲᠠᠳ ᠢ ᠵᠣᠬᠢᠶᠠᠨ ᠪᠠᠶᠢᠭᠤᠯᠤᠨ ᠬᠠᠷᠢᠶᠠᠲᠤ ᠣᠷᠣᠨ ᠤ ᠳᠣᠲᠣᠷᠠᠬᠢ ᠢ ᠺᠠᠩ ᠡᠷᠡᠭᠦᠯ ᠮᠡᠨᠳᠦ ᠶᠢᠨ ᠰᠤᠪᠢᠯᠠᠯᠲᠠ ᠶᠢᠨ ᠲᠥᠪ ᠂ ᠢ ᠺᠠᠩ ᠱᠠᠩ ‍ᠳ᠋ᠸ  ᠶᠣᠸᠠᠨ ᠬᠣᠶᠠᠷ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠣᠴᠢᠭᠤᠯᠵᠤ ᠂ ︽ ᠶᠢᠰᠦᠨ ᠰᠠᠷ᠎ᠠ ᠶᠢᠨ ᠶᠢᠰᠦᠨ ᠳᠦ ᠬᠠᠸᠯᠢ ᠬᠦᠷᠭᠡᠵᠦ ᠦᠲᠦᠯᠤᠭᠡ ᠨᠠᠰᠦᠨ  ᠢ ᠬᠠᠮᠠᠭᠠᠯᠠᠬᠤ ︾ ᠭᠣᠸᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠸᠯᠢ ᠴᠠᠭᠠᠵᠠ ᠶᠢᠨ ᠪᠠᠲᠤᠯᠠᠭ᠎ᠠ ᠪᠠ ᠪᠠᠶᠠᠷ ᠤᠨ ᠡᠳᠦᠷ ᠦᠨ ᠬᠠᠯᠠᠮᠵᠢᠯᠠᠯ ᠢ ᠨᠠᠰᠤᠲᠠᠶᠢᠴᠤᠳ ᠤᠨ ᠳᠡᠷᠭᠡᠳᠡ ᠬᠦᠷᠭᠡᠪᠡ ᠃        

    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠂ ᠪᠠᠶᠢᠴᠠᠭᠠᠬᠤ ᠠᠵᠢᠯᠲᠠᠨ ᠨᠠᠰᠤᠲᠠᠶᠢᠴᠤᠳ ᠤᠨ ᠠᠮᠢᠳᠤᠷᠠᠯ ᠤᠨ ᠣᠨᠴᠠᠯᠢᠭ ᠲᠠᠶ ᠤᠶᠠᠯᠳᠤᠭᠤᠯᠤᠨ ᠂ ᠨᠠᠷᠢᠨ ᠨᠢᠮᠪᠠᠶ ᠪᠡᠯᠡᠳᠬᠡᠭᠰᠡᠨ ᠬᠠᠸᠯᠢ ᠴᠠᠭᠠᠵᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠨᠢᠭᠡ ᠨᠢᠭᠡ ᠪᠡᠷ ᠨᠠᠰᠤᠲᠠᠶᠢᠴᠤᠳ ᠲᠤ ᠭᠠᠷᠳᠠᠭᠤᠯᠪᠠ ᠂ ᠠᠭᠤᠯᠭ᠎ᠠ ᠨᠢ ︽ ᠢᠷᠭᠡᠨ ᠦ ᠬᠠᠸᠯᠢ ᠶᠢᠨ ᠪᠢᠴᠢᠭ ︾ ︽ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠸᠯᠢ ︾ ᠂ ᠰᠦᠯᠵᠢᠶ᠎ᠡ ᠴᠠᠬᠢᠯᠭᠠᠨ ᠬᠣᠯᠪᠣᠭᠠᠨ ᠤ ᠮᠡᠬᠡᠯᠡᠯ ᠢ ᠰᠡᠷᠭᠡᠶᠢᠯᠡᠬᠦ ᠵᠦᠭᠯᠡᠭᠦᠷ ᠦᠨ ᠤᠬᠠᠭᠤᠯᠭ᠎ᠠ ᠶᠢᠨ ᠬᠠᠭᠤᠳᠠᠰᠤ ᠶᠢ ᠬᠠᠮᠤᠷᠴᠠᠶ ᠃ ᠨᠢᠭᠡ ᠬᠤᠪᠢ ᠮᠠᠲ᠋ᠧᠷᠢᠶᠠᠯ ᠳᠡᠪᠰᠢᠭᠦᠯᠬᠦ ᠪᠦᠷᠢ ᠂ ᠪᠠᠶᠢᠴᠠᠭᠠᠬᠤ ᠠᠵᠢᠯᠲᠠᠨ ᠴᠥᠮ ᠭᠣᠣᠯ ᠠᠭᠤᠯᠭ᠎ᠠ  ᠶᠢ ᠲᠣᠪᠴᠢ ᠲᠣᠳᠣᠷᠬᠠᠶᠢᠯᠠᠵᠤ ᠂ ᠨᠠᠰᠤᠲᠠᠶᠢᠴᠤᠳ  ᠢ ᠬᠠᠪᠰᠤᠷᠤᠨ ᠬᠠᠤᠯᠢ ᠴᠠᠭᠠᠵᠠ  ᠶᠢᠨ ᠭᠣᠣᠯᠳᠠᠯᠭ᠎ᠠ  ᠶᠢ ᠲᠦᠷᠭᠡᠨ ᠡᠵᠡᠮᠰᠢᠭᠦᠯᠳᠡᠭ ᠃        

    ᠬᠠᠸᠯᠢ ᠴᠠᠭᠠᠵᠠ ᠶᠢᠨ ᠮᠠᠲ᠋ᠧᠷᠢᠶᠠᠯ  ᠠᠴᠠ ᠭᠠᠳᠠᠨ᠎ᠠ ᠂ ᠪᠠᠶᠢᠴᠠᠭᠠᠬᠤ ᠠᠵᠢᠯᠲᠠᠨ ᠪᠠᠰᠠ ᠨᠠᠰᠤᠲᠠᠶᠢᠴᠤᠳ ᠲᠤ ᠪᠠᠶᠢᠴᠠᠭᠠᠬᠤ ᠲᠡᠮᠳᠡᠭ ᠳᠠᠷᠤᠮᠠᠯᠯᠠᠭᠰᠠᠨ ᠪᠣᠳᠠᠲᠤ ᠬᠡᠷᠡᠭᠯᠡᠭᠡᠨ ᠦ ᠤᠬᠠᠭᠤᠯᠭ᠎ᠠ ᠶᠢᠨ ᠮᠠᠲ᠋ᠧᠷᠢᠶᠠᠯ ᠬᠦᠷᠭᠡᠵᠦ ᠂ ᠪᠠᠶᠢᠴᠠᠭᠠᠬᠤ ᠠᠵᠢᠯ ᠤᠨ ᠬᠠᠯᠠᠭᠤᠨ ᠳᠤᠯᠠᠭᠠᠨ ᠤ ᠬᠡᠮᠵᠢᠶ᠎ᠡ ᠶᠢ ᠳᠠᠮᠵᠢᠭᠤᠯᠤᠭᠰᠠᠨ ᠢᠶᠠᠷ ᠪᠠᠷᠠᠬᠤ ᠥᠬᠡᠶ ᠪᠠᠰᠠ ︽ ᠤᠴᠢᠷ ᠶᠠᠪᠤᠳᠠᠯ ᠲᠣᠬᠢᠶᠠᠯᠳᠤᠪᠠᠯ ᠬᠠᠸᠯᠢ ᠡᠷᠢᠬᠦ ︾ ᠣᠶᠢᠯᠠᠭᠠᠭᠳᠠᠬᠤᠨ ᠢ ᠨᠠᠰᠤᠲᠠᠶᠢᠴᠤᠳ ᠤᠨ ᠠᠮᠢᠳᠤᠷᠠᠯ ᠳᠤ ᠨᠠᠩ ᠣᠶᠢᠷᠠᠲᠤᠭᠤᠯᠵᠠᠶ ᠃ ᠡᠨᠡ ᠬᠤᠭᠤᠴᠠᠭᠠᠨ ᠳᠤ᠂ ᠨᠠᠰᠤᠲᠠᠨ ᠤ ᠳᠤᠷᠠᠳᠤᠭᠰᠠᠨ 《ᠦᠷ᠎ᠡ ᠬᠡᠦᠬᠡᠳ ᠢᠶᠡᠨ ᠠᠴᠢᠯᠠᠨ ᠲᠡᠵᠢᠭᠡᠬᠦ ᠵᠢᠭᠤᠷᠠᠯᠳᠤᠭᠠᠨ ᠢ ᠬᠡᠷᠬᠢᠨ ᠰᠢᠶᠳᠪᠦᠷᠢᠯᠡᠬᠦ ᠲᠤᠬᠠᠶ》᠂ 《ᠭᠡᠷᠢᠶᠡᠰ ᠲᠣᠭᠲᠠᠭᠠᠬᠤ ᠳᠤ ᠶᠠᠭᠤ ᠶᠢ ᠠᠩᠬᠠᠷᠬᠤ ᠴᠢᠬᠤᠯᠠᠲᠠᠶ ᠪᠤᠢ》᠂ 《ᠮᠡᠬᠡᠯᠡᠯ ᠳᠦ ᠤᠴᠠᠷᠠᠭᠰᠠᠨ ᠤ ᠲᠠᠷᠠᠭ᠎ᠠ ᠡᠷᠬᠡ ᠪᠡᠨ ᠬᠡᠷᠬᠢᠨ ᠬᠠᠮᠠᠭᠠᠯᠠᠬᠤ ᠲᠤᠬᠠᠶ》 ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠳᠠᠨ ᠬᠦᠯᠢᠴᠡᠩᠭᠦᠶ ᠪᠡᠷ ᠨᠠᠷᠢᠨ ᠨᠢᠮᠪᠠᠶ ᠬᠠᠷᠢᠭᠤᠯᠲᠠ ᠥᠭᠴᠦ᠂ ᠣᠶᠢᠯᠠᠭᠠᠮᠵᠢᠲᠠᠶ ᠦᠭᠡ ᠬᠡᠯᠡ ᠪᠡᠷ ᠬᠠᠤᠯᠢ ᠴᠠᠭᠠᠵᠠ ᠶᠢᠨ ᠵᠦᠢᠯ ᠵᠤᠷᠪᠤᠰ ᠢ ᠲᠠᠶᠢᠯᠪᠤᠷᠢᠯᠠᠬᠤ ᠶᠢᠨ ᠬᠠᠮᠲᠤ ᠪᠠᠶᠢᠴᠠᠭᠠᠬᠤ ᠦᠢᠯᠡᠴᠢᠯᠡᠭᠡᠨ ᠦ ᠬᠠᠷᠢᠯᠴᠠᠬᠤ ᠤᠲᠠᠰᠤ ᠶᠢ ᠦᠯᠡᠳᠡᠭᠡᠵᠦ᠂ ᠨᠠᠰᠤᠲᠠᠶᠢᠴᠤᠳ ᠤᠨ ᠬᠠᠤᠯᠢ ᠴᠠᠭᠠᠵᠠ ᠶᠢᠨ ᠬᠡᠷᠡᠭᠴᠡᠭᠡ ᠲᠡᠶ ᠪᠣᠯᠬᠤ ᠦᠶ᠎ᠡ ᠳᠦ ᠴᠠᠭ ᠲᠤᠬᠠᠶ ᠳᠤᠨᠢ ᠵᠣᠯᠭᠠᠭᠤᠯᠬᠤ ᠶᠢ ᠦᠨᠡᠨ ᠬᠦ ᠪᠠᠲᠤᠯᠠᠵᠤ᠂ ᠨᠠᠰᠤᠲᠠᠶᠢᠴᠤᠳ ᠤᠨ ᠬᠠᠤᠯᠢ ᠴᠠᠭᠠᠵᠠ ᠶᠢᠨ ᠲᠥᠭᠡᠷᠢᠭᠳᠡᠯ ᠢ ᠦᠨᠡᠨ ᠬᠦ ᠠᠷᠢᠯᠭᠠᠪᠠ᠃       

    ᠲᠠᠷᠠᠭᠠᠴᠢ ᠶᠢᠨ ᠠᠯᠬᠤᠮ ᠳᠤ ᠂ ᠮᠠᠨ ᠤ ᠬᠣᠷᠢᠶ᠎ᠠ ᠨᠠᠰᠤᠲᠠᠶᠢᠴᠤᠳ ᠤᠨ ᠬᠠᠮᠲᠤᠯᠢᠭ ᠤᠨ ᠡᠷᠬᠡ ᠠᠰᠢᠭ ᠢ ᠪᠠᠲᠤᠯᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ ᠂ ᠨᠠᠰᠤᠵᠢᠯ ᠤᠨ ᠠᠰᠠᠷᠠᠮᠵᠢ ᠶᠢᠨ ᠬᠦᠷᠢᠶᠡᠨ ᠳᠡᠬᠢ ᠬᠠᠸᠯᠢ ᠲᠦᠭᠡᠮᠡᠯᠵᠢᠭᠦᠯᠬᠦ ᠤᠬᠠᠭᠤᠯᠭ᠎ᠠ ᠶᠢ ᠪᠠᠶᠢᠩᠭᠤᠵᠢᠭᠤᠯᠬᠤ ᠂ ᠨᠠᠷᠢᠯᠢᠭ ᠣᠨᠣᠴᠠᠲᠠᠶ ᠪᠣᠯᠭᠠᠬᠤ ᠶᠢ ᠳᠥᠯᠭᠢᠨ ᠠᠬᠢᠭᠤᠯᠤᠨ᠎ᠠ ᠄ ᠨᠢᠭᠡ ᠳᠦ ᠬᠠᠷᠢᠶ᠎ᠠ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠯᠤᠭ᠎ᠠ ᠲᠣᠭᠲᠠᠮᠠᠯ ᠬᠤᠭᠤᠴᠠᠭ᠎ᠠ ᠲᠠᠶ ᠪᠠᠷ ᠬᠠᠮᠵᠢᠯᠴᠠᠬᠤ ᠲᠣᠭᠲᠠᠴᠠ ᠶᠢ ᠪᠠᠶᠢᠭᠤᠯᠵᠤ ᠂ ︽ ᠬᠡᠷ ᠲᠦᠨᠢ ᠬᠦᠷᠭᠡᠵᠦ ᠬᠠᠸᠯᠢ ᠬᠦᠷᠭᠡᠬᠦ ︾ ᠶᠢ ᠡᠳᠦᠷ ᠲᠤᠲᠤᠮ ᠤᠨ ᠠᠵᠢᠯ ᠳᠤ ᠣᠷᠣᠭᠤᠯᠤᠨ ᠂ ᠬᠠᠸᠯᠢ ᠪᠠᠷ ᠵᠠᠰᠠᠬᠤ ᠦᠶᠯᠡᠴᠢᠯᠡᠭᠡ ᠶᠢ ᠰᠠᠯᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ ︔ ᠬᠣᠶᠠᠷ ᠲᠤ᠂ ᠨᠠᠰᠤᠲᠠᠶᠢᠴᠤᠳ ᠤᠨ ᠥᠨᠳᠥᠷ ᠲᠠᠪᠳᠠᠮᠵᠢᠳᠤ ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ᠂ ᠨᠡᠩ ᠬᠠᠨᠳᠤᠯᠭᠠᠲᠤ ᠴᠢᠨᠠᠷᠲᠠᠢ ᠤᠬᠠᠭᠤᠯᠭ᠎ᠠ ᠶᠢᠨ ᠠᠭᠤᠯᠭ᠎ᠠ ᠶᠢ ᠲᠣᠭᠲᠠᠭᠠᠵᠤ᠂ ᠬᠡᠷᠡᠭ ᠦᠨ ᠵᠢᠱᠢᠢ᠎ᠡ ᠶᠢ ᠲᠠᠶᠢᠯᠪᠤᠷᠢᠯᠠᠬᠤ᠂ ᠣᠬᠣᠷ ᠸᠢᠳᠢᠣ᠋ ᠵᠡᠷᠭᠡ ᠬᠡᠯᠪᠡᠷᠢ ᠪᠡᠷ ᠬᠠᠤᠯᠢ ᠴᠠᠭᠠᠵᠠ ᠶᠢ ᠲᠦᠭᠡᠮᠡᠯᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠬᠦ ᠪᠡᠷ ᠨᠠᠰᠤᠲᠠᠶᠢᠴᠤᠳ ᠲᠤ ᠬᠠᠤᠯᠢᠵᠢᠯ ᠤᠨ ᠬᠠᠯᠬᠠᠪᠴᠢ ᠶᠢ ᠪᠠᠶᠢᠭᠤᠯᠵᠤ᠂ ︽ᠪᠠᠶᠢᠴᠠᠭᠠᠬᠤ ᠠᠵᠢᠯ ᠤᠨ ᠬᠥᠬᠡᠮᠳᠦᠭ︾᠋ ᠢ ︽ᠵᠢᠷᠭᠠᠬᠤ ᠨᠡᠷᠡᠨ ᠦ ᠲᠤᠶᠠᠭ᠎ᠠ︾ ᠵᠢ ᠬᠠᠮᠠᠭᠠᠯᠠᠬᠤ ᠪᠠᠲᠤ ᠴᠢᠩᠭ᠎ᠠ ᠬᠦᠴᠦᠨ ᠪᠣᠯᠭᠠᠨ᠎ᠠ᠃ 

 

ᠢᠷᠡᠯᠲᠡ
ᠣᠷᠳᠣᠰ ᠬᠣᠲᠠ ᠶᠢᠨ ᠬᠢᠶ᠎ᠡ ᠪᠠᠭᠰᠢ ᠲᠤᠭᠤᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro