ᠬᠢᠨᠠᠯᠲᠠ ᠠᠴᠠ ᠡᠬᠢᠯᠡᠭᠰᠡᠨ ᠪᠣᠯᠪᠠᠴᠦ ᠬᠢᠨᠠᠯᠲᠠ ᠲᠠᠯᠪᠢᠬᠤ ᠪᠠᠷ ᠵᠤᠭᠰᠤᠬᠤ ᠦᠭᠡᠢ︱ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠵᠢᠷᠭᠤᠭᠠᠨ ᠵᠦᠢᠯ ᠦᠨ ᠪᠣᠳᠠᠳᠦ ᠠᠷᠭ᠎ᠠ ᠪᠠᠷ ᠬᠡᠷᠡᠭ ᠪᠣᠯᠭᠠᠨ ᠳᠠᠩᠰᠠᠯᠠᠵᠦ ᠬᠢᠨᠠᠯᠲᠠ ᠲᠠᠯᠪᠢᠵᠦ ᠬᠡᠷᠡᠭ ᠰᠢᠢᠳᠪᠦᠷᠢᠯᠡᠬᠦ ᠪᠡᠷᠬᠡ ᠰᠡᠳᠦᠪ ᠢ ᠰᠢᠢᠳᠪᠦᠷᠢᠯᠡᠪᠡ
ᠪᠠᠶᠢᠴᠠᠭᠠᠬᠤ ᠪᠠᠶᠢᠭᠤᠯᠤᠯᠭ᠎ᠠ ᠶᠢᠨ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠴᠢᠨᠠᠷ ᠰᠠᠶᠢᠲᠠᠶ ᠪᠥᠭᠡᠳ ᠦᠷ᠎ᠡ ᠪᠦᠲᠦᠮᠵᠢᠲᠡᠶ ᠪᠠᠷ ᠭᠦᠢᠴᠡᠳᠭᠡᠵᠤ᠂ ᠬᠢᠨᠠᠯᠲᠠ ᠲᠠᠯᠪᠢᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠤᠯᠢ ᠪᠠᠷᠢᠬᠤ ᠪᠠ ᠵᠥᠷᠢᠴᠡᠯ ᠢ ᠨᠠᠮᠳᠠᠭᠤᠯᠬᠤ ᠶᠢ ᠠᠬᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠠᠵᠢᠯ ᠤᠨ ᠰᠢᠨ᠎ᠡ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ᠂ ᠬᠡᠷᠡᠭ ᠤᠨ ᠳᠤᠮᠳᠠ ᠬᠢᠨᠠᠨ ᠪᠠᠶᠢᠴᠠᠭᠠᠬᠤ᠂ ᠬᠡᠷᠡᠭ ᠤᠨ ᠳᠠᠷᠠᠭ᠎ᠠ ᠤᠷᠲᠤᠳᠬᠠᠬᠤ︾ ᠪᠥᠬᠦ ᠬᠡᠯᠬᠢᠶ᠎ᠡ ᠶᠢᠨ ᠣᠯᠠᠨ ᠬᠡᠮᠵᠢᠯᠳᠦ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠳᠥᠯᠭᠢᠨ ᠠᠬᠢᠭᠤᠯᠪᠠ᠃
ᠨᠢᠭᠡ᠂ ᠬᠡᠷᠡᠭ ᠤᠨ ᠡᠮᠦᠨ᠎ᠡ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠵᠥᠷᠢᠴᠡᠯ ᠢ ᠨᠠᠮᠳᠠᠭᠤᠯᠬᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠭᠤᠶᠤᠴᠢᠯᠠᠯ ᠢ ᠣᠯᠤᠭᠰᠠᠨ ᠡᠬᠢᠨ ᠤ ᠬᠤᠭᠤᠴᠠᠭᠠᠨ ᠳᠤ᠂ ᠡᠮᠦᠨᠡᠬᠢ ᠬᠡᠰᠡᠭ ᠢ ᠬᠢᠨᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠴᠢᠬᠤᠯᠠᠴᠢᠯᠠᠪᠠ᠃ ︽ᠲᠥᠬᠦᠮ ᠭᠡᠷᠡᠴᠢᠯᠡᠭᠡ ᠰᠣᠨᠣᠰᠬᠤ︾ ᠵᠠᠭᠪᠤᠷ ᠢ ᠣᠷᠣᠭᠤᠯᠤᠨ ᠠᠪᠴᠢᠷᠠᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠪᠣᠳᠠᠲᠤ ᠶᠠᠪᠤᠳᠠᠯ ᠨᠢ ᠲᠣᠳᠣᠷᠬᠠᠶ᠂ ᠮᠠᠷᠭᠤᠯᠳᠤᠭᠠᠨ ᠤ ᠲᠥᠪᠯᠡᠷᠡᠯ ᠤᠨ ᠴᠡᠭ ᠨᠢ ᠲᠣᠳᠣᠷᠬᠠᠶ ᠬᠡᠷᠡᠭ ᠲᠤ ᠴᠢᠭᠯᠡᠭᠦᠯᠦᠨ᠂ ᠬᠢᠨᠠᠨ ᠪᠠᠶᠢᠴᠠᠭᠠᠬᠤ ᠡᠬᠢᠨ ᠤ ᠬᠤᠭᠤᠴᠠᠭᠠᠨ ᠳᠤ ᠳᠠᠷᠤᠶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠠᠤᠯᠢᠴᠢ᠂ ᠨᠡᠶᠢᠭᠡᠮ ᠲᠣᠭᠤᠷᠢᠭ ᠤᠨ ᠲᠥᠯᠥᠭᠡᠯᠡᠭᠴᠢ ᠵᠡᠷᠭᠡ ᠶᠢ ᠤᠷᠢᠵᠤ ᠭᠡᠷᠡᠴᠢᠯᠡᠭᠡ ᠰᠣᠨᠣᠰᠬᠤ ᠳᠤ ᠣᠷᠣᠯᠴᠠᠭᠤᠯᠵᠤ᠂ ᠢᠯᠡ ᠲᠣᠳᠣ ᠨᠡᠪᠲᠡᠷᠡᠯᠴᠡᠬᠦ ᠲᠠᠪᠴᠠᠩ ᠢ ᠪᠠᠶᠢᠭᠤᠯᠤᠪᠡ᠃ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠣᠰᠬᠤ᠂ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠶᠠᠷᠢᠬᠤ ᠪᠠᠷ ᠳᠠᠮᠵᠢᠭᠤᠯᠤᠨ᠂ ᠲᠤᠬᠠᠶ ᠶᠢᠨ ᠲᠠᠯᠠᠪᠠᠢ ᠪᠤᠶᠤ ᠬᠦᠯᠢᠶᠡᠨ ᠠᠪᠴᠤ ᠰᠢᠢᠳᠪᠤᠷᠢᠯᠠᠬᠦ ᠠᠩᠬᠠᠨ ᠤ ᠱᠠᠲᠤᠨ ᠳᠤ ᠵᠥᠷᠢᠴᠡᠯ ᠢ ᠪᠦᠲᠦᠮᠵᠢᠲᠡᠶ ᠪᠠᠷ ᠨᠠᠮᠳᠠᠭᠤᠯᠬᠤ ᠪᠠᠷ ᠴᠢᠷᠮᠠᠶᠢᠵᠤ᠂ ᠲᠤᠬᠠᠶ ᠶᠢᠨ ᠬᠥᠮᠦᠨ ᠤ ᠵᠠᠭᠠᠯᠳᠤᠯᠭ᠎ᠠ ᠶᠢᠨ ᠶᠠᠳᠠᠷᠠᠭ᠎ᠠ ᠶᠢ ᠪᠠᠭᠠᠰᠬᠠᠨ᠂ ᠪᠠᠶᠢᠴᠠᠭᠠᠬᠤ ᠠᠵᠢᠯ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠡᠬᠢ ᠰᠤᠷᠪᠤᠯᠵᠢ ᠠᠴᠠ ᠨᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠳᠠᠭᠤᠰᠬᠠᠭᠠᠳ ᠬᠥᠮᠦᠨ ᠤ ᠡᠶᠡᠳᠡᠭᠦᠯᠬᠦ ᠪᠠᠷ ᠴᠢᠷᠮᠠᠶᠢᠨ᠎ᠠ᠃
ᠬᠤᠶᠠᠷ᠂ ︽ᠲᠦᠷᠦᠭᠦᠴᠢ ᠭᠠᠯᠠᠭᠤ︾ ᠶᠢᠨ ᠦᠢᠯᠡᠳᠦᠯ ᠢ ᠪᠠᠳᠠᠷᠠᠭᠤᠯᠵᠤ᠂ ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ︾ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠬᠡᠷᠡᠭ ᠲᠤ ︽ᠳᠠᠭᠠᠭᠠᠴᠢᠯᠠᠬᠤ ᠶᠣᠰᠣᠲᠠᠶ ᠶᠢ ᠨᠢ ᠪᠦᠬᠦᠨ ᠢ ᠳᠠᠭᠠᠭᠠᠴᠢᠯᠠᠭᠤᠯᠬᠤ︾ ᠵᠠᠷᠴᠢᠮ ᠢ ᠪᠠᠷᠢᠮᠲᠠᠯᠠᠵᠤ᠂ ᠰᠢᠢᠳᠪᠤᠷᠢᠯᠠᠬᠦ ᠪᠠᠷ ᠬᠦᠯᠢᠶᠡᠨ ᠠᠪᠤᠭᠰᠠᠨ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠪᠦᠬᠦ ᠬᠡᠷᠡᠭ ᠢ ᠴᠥᠮ ᠰᠢᠭᠦᠬᠦ ᠬᠤᠷᠢᠶᠠᠨ ᠤ ᠤᠳᠤᠷᠢᠳᠤᠯᠭ᠎ᠠ ᠬᠡᠷᠡᠭ ᠢ ᠳᠠᠭᠠᠭᠠᠨ ᠰᠢᠢᠳᠪᠤᠷᠢᠯᠠᠵᠤ᠂ ᠬᠡᠷᠡᠭ ᠢ ᠳᠠᠭᠠᠭᠠᠴᠢᠯᠠᠭᠰᠠᠨ ᠨᠤᠷᠮ᠎ᠠ ᠶᠢ 100% ᠪᠠᠷ ᠳᠡᠭᠡᠭᠰᠢᠯᠡᠭᠦᠯᠪᠡ᠃ ᠬᠡᠷᠡᠭ ᠳᠠᠭᠠᠭᠠᠴᠢᠯᠠᠭᠰᠠᠨ ᠤᠳᠤᠷᠢᠳᠤᠯᠭ᠎ᠠ ︽ᠦᠨᠡᠨᠬᠦ ᠳᠠᠭᠠᠭᠠᠴᠢᠯᠠᠵᠤ ᠦᠨᠡᠨᠬᠦ ᠰᠢᠢᠳᠪᠤᠷᠢᠯᠠᠬᠦ︾ ᠶᠢ ᠪᠡᠶᠡᠯᠡᠭᠦᠯᠵᠦ᠂ ᠪᠦᠬᠦ ᠶᠠᠪᠤᠴᠠ ᠳᠤ ᠮᠥᠷᠳᠡᠨ ᠵᠢᠯᠣᠭᠤᠳᠴᠤ᠂ ᠬᠡᠷᠡᠭ ᠤᠨ ᠪᠠᠶᠢᠳᠠᠯ ᠢ ᠰᠤᠳᠤᠯᠬᠤ ᠳᠤ ᠪᠡᠶ᠎ᠡ ᠪᠠᠷ ᠢᠶᠠᠨ ᠣᠷᠣᠯᠴᠠᠵᠤ᠂ ᠬᠢᠨᠠᠯᠲᠠ ᠲᠠᠯᠪᠢᠬᠤ ᠲᠥᠰᠦᠯ ᠲᠣᠭᠲᠠᠭᠠᠨ᠂ ᠳᠣᠲᠣᠭᠠᠳᠤ ᠭᠠᠳᠠᠭᠠᠳᠤ ᠶᠢᠨ ᠬᠠᠷᠢᠴᠠᠭ᠎ᠠ ᠶᠢ ᠵᠣᠬᠢᠴᠠᠭᠤᠯᠵᠤ᠂ ᠰᠢᠢᠳᠪᠤᠷᠢᠯᠠᠬᠦ ᠠᠬᠢᠴᠠ ᠶᠢ ᠬᠢᠨᠠᠨ ᠵᠢᠯᠤᠭᠤᠳᠴᠤ᠂ ᠬᠢᠨᠠᠯᠲᠠ ᠲᠠᠯᠪᠢᠬᠤ ᠰᠠᠨᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠪᠠ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠂ ᠬᠢᠨᠠᠯᠲᠠ ᠲᠠᠯᠪᠢᠬᠤ ᠶᠢᠨ ᠨᠠᠷᠢᠯᠢᠭ ᠣᠨᠣᠪᠴᠢᠲᠤ ᠴᠢᠨᠠᠷ ᠪᠠ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠦᠨ᠎ᠡ᠃
ᠭᠤᠷᠪᠠ᠂ ᠬᠡᠷᠡᠭ ᠶᠠᠪᠤᠳᠠᠯ ᠤᠨ ᠳᠤᠮᠳᠠᠬᠢ ᠬᠢᠨᠠᠨ ᠪᠠᠶᠢᠴᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷᠡᠴᠢ ᠪᠠᠷᠢᠮᠲᠠ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠪᠠ᠃ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠬᠡᠷᠡᠭ ᠢ ᠰᠢᠢᠳᠪᠤᠷᠢᠯᠠᠬᠦ ᠭᠤᠣᠯ ᠱᠠᠲᠤᠨ ᠳᠤ᠂ ᠪᠠᠶᠢᠴᠠᠭᠠᠵᠤ ᠬᠢᠨᠠᠨ ᠬᠠᠷᠭᠤᠭᠤᠯᠬᠤ ᠠᠷᠭ᠎ᠠ ᠪᠠᠷᠢᠯ ᠢ ᠴᠢᠳᠠᠮᠠᠭᠠᠶ ᠬᠡᠷᠡᠭᠯᠡᠵᠦ᠂ ᠬᠡᠷᠡᠴᠢ ᠪᠠᠷᠢᠮᠲᠠ ᠶᠢ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠪᠠ᠃ ᠲᠤᠷᠰᠢᠨ ᠪᠠᠶᠢᠴᠠᠭᠠᠬᠤ ᠪᠠᠶᠢᠭᠤᠯᠤᠯᠭ᠎ᠠ ᠶᠢᠨ ᠰᠢᠯᠵᠢᠭᠦᠯᠦᠨ ᠠᠪᠤᠭᠰᠠᠨ ᠲᠠᠩᠰᠠ ᠡᠪᠬᠡᠮᠡᠯ ᠤᠨ ᠪᠢᠴᠢᠭ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠬᠦ ᠪᠠᠷ ᠪᠠᠷᠠᠬᠤ ᠥᠬᠡᠶ᠂ ᠨᠠᠩ ᠴᠤ ︽ᠪᠠᠶᠢᠴᠠᠭᠠᠨ ᠬᠠᠷᠭᠤᠭᠤᠯᠬᠤ︾ ᠠᠵᠢᠯ ᠢ ᠪᠣᠳᠠᠲᠠᠶᠢᠵᠢᠭᠤᠯᠬᠤ ᠶᠢ ᠴᠢᠬᠤᠯᠠᠴᠢᠯᠠᠨ᠎ᠠ᠃ ᠬᠠᠮᠢᠶ᠎ᠠ ᠪᠦᠬᠦᠢ ᠬᠥᠮᠦᠰ ᠠᠴᠠ ᠯᠠᠪᠯᠠᠨ ᠠᠰᠠᠭᠤᠬᠤ᠂ ᠵᠠᠩᠭᠢᠯᠠᠭ᠎ᠠ ᠶᠢᠨ ᠭᠡᠷᠡᠴᠢ ᠪᠠᠷᠢᠮᠲᠠ ᠶᠢ ᠰᠢᠯᠵᠢᠭᠦᠯᠦᠨ ᠠᠪᠬᠤ᠂ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ᠂ ᠲᠤᠰᠬᠠᠶ ᠮᠡᠷᠭᠡᠵᠢᠯᠲᠡᠨ ᠤ ᠰᠠᠨᠠᠯ ᠢ ᠠᠰᠠᠭᠤᠨ ᠯᠠᠪᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠬᠠᠷᠭᠤᠭᠤᠯᠬᠤ ᠠᠵᠢᠯ ᠢ ᠥᠷᠨᠢᠭᠦᠯᠵᠦ᠂ ᠬᠡᠷᠡᠴᠢ ᠪᠠᠷᠢᠮᠲᠠ ᠶᠢ ᠪᠦᠬᠦ ᠲᠠᠯ᠎ᠠ ᠪᠠᠷ ᠪᠤᠰᠤᠳᠴᠢ ᠪᠠᠷ ᠴᠤᠭᠯᠠᠭᠤᠯᠵᠤ᠂ ᠬᠢᠨᠠᠨ ᠪᠠᠶᠢᠴᠠᠭᠠᠵᠤ᠂ ᠬᠢᠨᠠᠯᠲᠠ ᠲᠠᠯᠪᠢᠭᠰᠠᠨ ᠳ᠋ᠦᠩᠨᠡᠯᠲᠡ ᠶᠢ ᠪᠣᠳᠠᠲᠤ ᠬᠡᠷᠡᠭ ᠪᠠ ᠬᠡᠷᠡᠴᠢ ᠪᠠᠷᠢᠮᠲᠠ ᠶᠢᠨ ᠰᠠᠭᠤᠷᠢᠨ ᠳᠡᠭᠡᠷ᠎ᠡ ᠪᠠᠶᠢᠭᠤᠯᠬᠤ ᠶᠢ ᠦᠨᠡᠨ ᠬᠦ ᠪᠠᠲᠤᠯᠠᠨ᠎ᠠ᠃
ᠳᠥᠷᠪᠡ᠂ ᠬᠠᠮᠵᠢᠯᠴᠠᠬᠤ ᠬᠡᠮᠵᠢᠶ᠎ᠡ ᠪᠠᠨ ᠥᠷᠭᠡᠳᠬᠡᠵᠦ᠂ ᠶᠡᠷᠦᠩᠬᠡᠶᠢᠯᠡᠨ ᠵᠠᠰᠠᠬᠤ ᠬᠦᠴᠦᠨ ᠢ ᠣᠷᠣᠯᠴᠠᠭᠤᠯᠤᠨ᠎ᠠ᠃ ᠬᠡᠷᠡᠭ ᠲᠤ ᠬᠤᠯᠪᠣᠭᠳᠠᠭᠰᠠᠨ ᠨᠡᠶᠢᠭᠡᠮ ᠤᠨ ᠵᠥᠷᠢᠴᠡᠯ᠂ ᠠᠷᠠᠳ ᠤᠨ ᠬᠤᠭᠤᠷᠣᠨᠳᠣᠬᠢ ᠵᠢᠭᠤᠷᠠᠯᠳᠤᠭᠠᠨ ᠪᠤᠶᠤ ᠲᠣᠭᠲᠠᠭᠤᠨ ᠪᠠᠶᠢᠳᠠᠯ ᠢ ᠨᠥᠯᠥᠭᠡᠯᠡᠵᠦ ᠮᠡᠳᠡᠬᠦ ᠬᠦᠴᠦᠨ ᠵᠦᠢᠯ ᠨᠢ ᠰᠢᠢᠳᠪᠤᠷᠢᠯᠠᠬᠦ ᠳᠤ ᠯᠡ ᠬᠢᠵᠠᠭᠠᠷᠯᠠᠭᠳᠠᠬᠤ ᠪᠢᠰᠢ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠯᠦᠭᠡ ᠵᠣᠯᠭᠠᠭᠤᠯᠬᠤ ᠪᠠ ᠬᠠᠮᠵᠢᠯᠴᠠᠬᠤ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠨᠡᠶᠢᠴᠡᠯ ᠨᠥᠬᠦᠴᠡᠯ ᠤᠨ ᠬᠡᠷᠡᠭ ᠪᠤᠶᠤ ᠵᠥᠷᠢᠴᠡᠯ ᠶᠢ ᠶᠡᠷᠦᠩᠬᠡᠶᠢᠯᠡᠨ ᠵᠠᠰᠠᠬᠤ ᠲᠠᠪᠴᠠᠩ ᠲᠤ ᠣᠷᠣᠭᠤᠯᠤᠨ᠎ᠠ᠃ ᠶᠡᠷᠦᠩᠬᠡᠶᠢᠯᠡᠨ ᠵᠠᠰᠠᠬᠤ ᠲᠥᠪ ᠢ ᠠᠰᠢᠭᠯᠠᠨ ᠣᠯᠠᠨ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠶᠡᠳᠡᠭᠦᠯᠬᠦ ᠵᠣᠬᠢᠶᠠᠨ ᠪᠠᠶᠢᠭᠤᠯᠤᠯᠲᠠ ᠵᠡᠷᠭᠡ ᠲᠠᠢ ᠬᠠᠮᠵᠢᠯᠴᠠᠵᠤ᠂ ᠬᠠᠤᠯᠢ ᠶᠢ ᠲᠠᠶᠢᠯᠪᠤᠷᠢᠯᠠᠨ ᠶᠣᠰᠣ ᠶᠠᠷᠢᠬᠤ᠂ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ᠂ ᠡᠶᠡᠳᠡᠬᠦ ᠵᠡᠷᠭᠡ ᠠᠵᠢᠯ ᠢ ᠬᠠᠮᠲᠤ ᠪᠠᠷ ᠥᠷᠨᠢᠭᠦᠯᠵᠦ᠂ ᠵᠥᠷᠢᠴᠡᠯ ᠢ ᠰᠢᠰᠲ᠋ᠧᠮᠲᠦ ᠴᠢᠨᠠᠷᠲᠠᠶ ᠪᠠᠷ᠂ ᠶᠡᠷᠦᠩᠬᠡᠶᠢᠯᠡᠨ ᠰᠢᠢᠳᠪᠤᠷᠢᠯᠠᠬᠦ ᠶᠢ ᠠᠬᠢᠭᠤᠯᠤᠨ᠎ᠠ᠃ ᠴᠠᠩ ᠣᠪᠣᠭᠲᠤ ᠶᠢᠨ ᠬᠡᠷᠡᠭ ᠪᠣᠯᠭᠠᠨ ᠳᠡᠩᠰᠡᠯᠡᠵᠦ ᠬᠢᠨᠠᠯᠲᠠ ᠲᠠᠯᠪᠢᠭᠤᠯᠬᠤ ᠪᠠᠷ ᠭᠤᠶᠤᠴᠢᠯᠠᠭᠰᠠᠨ ᠬᠡᠷᠡᠭ ᠢ ᠰᠢᠢᠳᠪᠤᠷᠢᠯᠠᠬᠦ ᠶᠠᠪᠤᠴᠠ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠰᠠᠨᠠᠭᠠᠴᠢᠯᠠᠭ᠎ᠠ ᠠᠴᠠ ᠪᠠᠨ ᠶᠡᠷᠦᠩᠬᠡᠶᠢᠯᠡᠨ ᠵᠠᠰᠠᠬᠤ ᠬᠦᠴᠦᠨ ᠢ ᠣᠷᠣᠭᠤᠯᠤᠨ ᠬᠠᠤᠯᠢ ᠲᠠᠶᠢᠯᠪᠤᠷᠢᠯᠠᠨ ᠶᠣᠰᠣ ᠶᠠᠷᠢᠬᠤ᠂ ᠵᠥᠷᠢᠴᠡᠯ ᠢ ᠠᠷᠢᠯᠭᠠᠬᠤ ᠠᠵᠢᠯ ᠢ ᠥᠷᠨᠢᠭᠦᠯᠵᠦ᠂ ᠴᠠᠩ ᠣᠪᠣᠭᠲᠤ ᠶᠢ ᠠᠮᠵᠢᠯᠲᠠ ᠲᠠᠢ ᠪᠠᠷ ᠬᠠᠪᠰᠤᠷᠤᠨ ᠣᠯᠠᠨ ᠵᠢᠯ ᠤᠨ ᠰᠡᠳᠬᠢᠯ ᠤᠨ ᠵᠠᠩᠭᠢᠷᠠᠭ᠎ᠠ ᠶᠢ ᠨᠢ ᠳᠡᠶᠢᠯᠵᠦ᠂ ᠬᠢᠨᠠᠯᠲᠠ ᠲᠠᠯᠪᠢᠬᠤ ᠭᠤᠶᠤᠴᠢᠯᠠᠯ ᠢ ᠨᠢ ᠰᠠᠨᠠᠭᠠᠴᠢᠯᠠᠭ᠎ᠠ ᠠᠴᠠ ᠪᠠᠨ ᠪᠤᠴᠠᠭᠠᠭᠰᠠᠨ ᠪᠠᠶᠢᠨ᠎ᠠ᠃
ᠲᠠᠪᠤ᠂ ᠬᠠᠤᠯᠢ ᠴᠠᠭᠠᠵᠠ ᠶᠢᠨ ᠬᠠᠯᠠᠮᠵᠢᠯᠠᠯ ᠢ ᠢᠯᠡᠷᠡᠭᠦᠯᠵᠦ᠂ ᠠᠪᠤᠷᠠᠨ ᠲᠤᠰᠠᠯᠠᠬᠤ ᠠᠵᠢᠯ ᠢ ᠬᠠᠤᠯᠢ ᠶᠣᠰᠣᠭᠠᠷ ᠥᠷᠨᠢᠭᠦᠯᠪᠡ᠃ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠬᠡᠷᠡᠭ ᠢ ᠰᠢᠢᠳᠪᠤᠷᠢᠯᠠᠬᠦ ᠶᠠᠪᠤᠴᠠ ᠳᠤ᠂ ᠲᠤᠬᠠᠶ ᠶᠢᠨ ᠬᠥᠮᠦᠨ ᠤ ᠬᠡᠷᠡᠭ ᠠᠴᠠ ᠪᠤᠯᠵᠤ ᠲᠤᠯᠭᠠᠷᠠᠵᠤ ᠮᠡᠳᠡᠬᠦ ᠠᠮᠢᠳᠤᠷᠠᠯ ᠤᠨ ᠬᠦᠴᠢᠷᠳᠡᠯ ᠢ ᠵᠡᠷᠭᠡ ᠪᠠᠷ ᠠᠩᠬᠠᠷᠪᠠ᠃ ᠤᠯᠤᠰ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠬᠤᠣᠷᠯᠠᠭᠳᠠᠭᠴᠢ ᠪᠤᠶᠤ ᠪᠤᠰᠤᠳ ᠬᠤᠯᠪᠣᠭᠳᠠᠯ ᠪᠦᠬᠦᠢ ᠬᠥᠮᠦᠰ ᠲᠤ ᠠᠪᠤᠷᠠᠨ ᠲᠤᠰᠠᠯᠠᠬᠤ ᠡᠷᠬᠡ ᠶᠢ ᠨᠢ ᠰᠠᠨᠠᠭᠠᠴᠢᠯᠠᠭ᠎ᠠ ᠠᠴᠠ ᠪᠠᠨ ᠮᠡᠳᠡᠭᠳᠡᠵᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠵᠢᠷᠤᠮ ᠢ ᠴᠠᠭ ᠲᠤᠬᠠᠢ ᠳᠤᠨᠢ ᠡᠬᠢᠯᠡᠭᠦᠯᠵᠦ᠂ ᠬᠠᠤᠯᠢ ᠶᠣᠰᠣᠭᠠᠷ᠂ ᠲᠣᠭᠲᠠᠭᠠᠯ ᠶᠣᠰᠣᠭᠠᠷ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂ ᠬᠠᠤᠯᠢ ᠴᠠᠭᠠᠵᠠ ᠶᠢᠨ ᠬᠠᠯᠠᠭᠤᠨ ᠳᠤᠯᠠᠭᠠᠨ ᠢ ᠳᠠᠮᠵᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠠᠬᠢᠭᠤᠯᠪᠠ᠃2025 ᠣᠨ ᠠᠴᠠ ᠨᠠᠰᠢ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠡᠷᠡᠭ ᠪᠣᠯᠭᠠᠨ ᠳᠡᠩᠰᠡᠯᠡᠵᠦ ᠬᠢᠨᠠᠯᠲᠠ ᠲᠠᠯᠪᠢᠬᠤ ᠪᠠᠷ ᠭᠤᠶᠤᠴᠢᠯᠠᠭᠴᠢ ᠳᠤ ᠬᠠᠤᠯᠢ ᠶᠣᠰᠣᠭᠠᠷ ᠠᠪᠤᠷᠠᠨ ᠲᠤᠰᠠᠯᠠᠬᠤ ᠠᠵᠢᠯ ᠥᠷᠨᠢᠭᠦᠯᠵᠦ᠂ ᠲᠡᠳᠡᠨ ᠢ ᠬᠠᠪᠰᠤᠷᠤᠨ ᠬᠡᠷᠡᠭ ᠠᠴᠠ ᠪᠣᠯᠤᠭᠰᠠᠨ ᠪᠠᠴᠢᠮ ᠬᠦᠴᠢᠷᠳᠡᠯ ᠢ ᠨᠢ ᠨᠠᠮᠳᠠᠭᠤᠯᠵᠤ᠂ ᠬᠠᠤᠯᠢ ᠴᠠᠭᠠᠵᠠ ᠶᠢᠨ ᠦᠷ᠎ᠡ ᠳ᠋ᠦᠩ ᠪᠣᠯᠤᠨ ᠨᠡᠶᠢᠭᠡᠮ ᠤᠨ ᠦᠷ᠎ᠡ ᠳ᠋ᠦᠩ ᠤᠨ ᠣᠷᠭᠠᠨᠢᠭ ᠨᠢᠭᠡᠳᠦᠯ ᠢ ᠪᠡᠶᠡᠯᠡᠭᠦᠯᠵᠡᠶ᠃
ᠵᠢᠷᠭᠤᠭ᠎ᠠ᠂ ᠬᠡᠷᠡᠭ ᠤᠨ ᠳᠠᠷᠠᠭ᠎ᠠ ᠤᠷᠲᠤᠳᠬᠠᠬᠤ ᠶᠢ ᠴᠢᠬᠤᠯᠠᠴᠢᠯᠠᠵᠤ᠂ ᠬᠢᠨᠠᠯᠲᠠ ᠲᠠᠯᠪᠢᠵᠤ ᠵᠠᠯᠠᠷᠠᠭᠤᠯᠬᠤ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠤᠨ᠎ᠠ᠃ ᠬᠡᠷᠡᠭ ᠪᠣᠯᠭᠠᠨ ᠳᠠᠩᠰᠠᠯᠠᠵᠤ ᠬᠢᠨᠠᠯᠲᠠ ᠲᠠᠯᠪᠢᠬᠤ ᠬᠡᠷᠡᠭ ᠢ ᠰᠢᠢᠳᠪᠤᠷᠢᠯᠠᠵᠤ ᠳᠠᠭᠤᠰᠬᠠᠭᠰᠠᠨ ᠤ ᠲᠠᠷᠠᠭ᠎ᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠬᠢᠪᠡ᠃ ᠰᠢᠢᠳᠪᠤᠷᠢᠯᠠᠬᠦ ᠶᠠᠪᠤᠴᠠ ᠳᠤ ᠣᠯᠵᠤ ᠮᠡᠳᠡᠭᠰᠡᠨ ᠲᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠠᠵᠢᠯᠯᠠᠭ᠎ᠠ ᠶᠢᠨ ᠳᠤᠮᠳᠠ ᠣᠷᠣᠰᠢᠵᠤ ᠪᠠᠶᠢᠭ᠎ᠠ ᠨᠡᠶᠢᠳᠡᠮ ᠤᠨ ᠴᠢᠨᠠᠷᠲᠠᠶ᠂ ᠬᠡᠯᠪᠡᠷᠢᠯ ᠤᠨ ᠴᠢᠨᠠᠷᠲᠠᠶ ᠬᠠᠤᠯᠢ ᠠᠴᠠ ᠵᠥᠷᠢᠴᠡᠭᠰᠡᠨ ᠠᠰᠠᠭᠤᠳᠠᠯ ᠪᠤᠶᠤ ᠬᠡᠷᠡᠭ ᠰᠢᠢᠳᠪᠤᠷᠢᠯᠠᠬᠦ ᠲᠣᠭᠲᠠᠴᠠ᠂ ᠬᠠᠮᠢᠶᠠᠷᠤᠯᠲᠠ ᠶᠢᠨ ᠲᠠᠯ᠎ᠠ ᠪᠠᠷ ᠬᠢ ᠳᠤᠲᠠᠭᠳᠠᠯ ᠢ ᠬᠠᠤᠯᠢ ᠶᠣᠰᠣᠭᠠᠷ ︽ᠬᠠᠤᠯᠢ ᠠᠴᠠ ᠵᠥᠷᠢᠴᠡᠭᠰᠡᠨ ᠢ ᠵᠠᠯᠠᠷᠠᠭᠤᠯᠬᠤ ᠮᠡᠳᠡᠭᠳᠡᠯ ᠤᠨ ᠪᠢᠴᠢᠭ︾ ᠪᠤᠶᠤ ᠬᠠᠨᠳᠤᠯᠭᠠᠲᠤ ᠴᠢᠨᠠᠷᠲᠠᠶ ︽ᠪᠠᠶᠢᠴᠠᠭᠠᠬᠤ ᠰᠠᠨᠠᠭᠤᠯᠭ᠎ᠠ︾ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠯᠲᠠ ᠲᠠᠯᠪᠢᠵᠤ ᠵᠠᠯᠠᠷᠠᠭᠤᠯᠪᠠ᠃ ᠲᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠠᠷᠢᠭᠤ ᠲᠤᠰᠬᠠᠬᠤ ᠶᠢ ᠮᠥᠷᠳᠡᠨ ᠰᠢᠪᠠᠳᠠᠵᠤ᠂ ᠪᠠᠶᠢᠩᠭᠤᠵᠢᠭᠤᠯᠤᠭᠰᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠷᠰᠢᠨ ᠪᠠᠶᠢᠴᠠᠭᠠᠬᠤ ᠪᠠᠶᠢᠭᠤᠯᠭ᠎ᠠ ᠲᠠᠢ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠪᠠ ᠴᠡᠭᠴᠡᠯᠡᠨ ᠰᠠᠶᠢᠵᠢᠷᠠᠭᠤᠯᠤᠭᠰᠠᠨ ᠰᠠᠨᠠᠯ ᠢ ᠬᠠᠷᠢᠭᠤ ᠲᠤᠰᠬᠠᠨ᠎ᠠ︔ ᠡᠭᠦᠨ ᠤ ᠬᠠᠮᠲᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠣᠨᠴᠠᠭᠠᠶ ᠬᠡᠷᠡᠭ ᠤᠨ ᠬᠤᠷᠠᠯ ᠬᠤᠷᠠᠯᠳᠤᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠬᠢᠨᠠᠨ ᠵᠠᠯᠠᠷᠠᠭᠤᠯᠵᠤ᠂ ᠰᠢᠢᠳᠪᠤᠷᠢᠯᠠᠬᠦ ᠲᠥᠰᠦᠯ ᠢ ᠵᠥᠪᠳᠡᠯᠴᠡᠨ᠂ ᠲᠤᠷᠰᠢᠨ ᠪᠠᠶᠢᠴᠠᠭᠠᠬᠤ ᠠᠵᠢᠯᠯᠠᠭ᠎ᠠ ᠶᠢᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ ︽ᠨᠢᠭᠡ ᠬᠡᠷᠡᠭ ᠢ ᠰᠢᠢᠳᠪᠤᠷᠢᠯᠠᠵᠤ᠂ ᠨᠢᠭᠡ ᠬᠡᠰᠡᠭ ᠢ ᠵᠠᠰᠠᠬᠤ︾ ᠬᠢᠨᠠᠯᠲᠠ ᠶᠢᠨ ᠦᠷ᠎ᠡ ᠪᠦᠲᠦᠮᠵᠢ ᠶᠢ ᠪᠡᠶᠡᠯᠡᠭᠦᠯᠪᠡ᠃
ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ︽ᠬᠡᠷᠡᠭ ᠤᠨ ᠡᠮᠦᠨ᠎ᠡ — ᠬᠡᠷᠡᠭ ᠤᠨ ᠳᠤᠮᠳᠠ — ᠬᠡᠷᠡᠭ ᠤᠨ ᠳᠠᠷᠠᠭ᠎ᠠ︾ ᠭᠡᠬᠦ ᠪᠥᠬᠦ ᠬᠡᠯᠬᠢᠶ᠎ᠡ ᠶᠢᠨ ᠬᠢᠨᠠᠯᠲᠠ ᠲᠠᠯᠪᠢᠬᠤ ᠵᠠᠭᠪᠤᠷ ᠢ ᠪᠠᠶᠢᠭᠤᠯᠬᠤ ᠪᠠᠷ ᠳᠡᠮᠵᠢᠨ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ᠂ ᠢᠯᠡ ᠪᠠᠷ ᠭᠡᠷᠡᠴᠢᠯᠡᠭᠡ ᠰᠣᠨᠣᠰᠬᠤ᠂ ᠪᠠᠶᠢᠴᠠᠭᠠᠨ ᠬᠠᠷᠭᠤᠭᠤᠯᠬᠤ᠂ ᠶᠡᠷᠦᠩᠬᠡᠶᠢᠯᠡᠨ ᠵᠠᠰᠠᠬᠤ ᠶᠢ ᠬᠤᠯᠪᠣᠯᠳᠤᠭᠤᠯᠬᠤ᠂ ᠬᠠᠤᠯᠢ ᠴᠠᠭᠠᠵᠠ ᠪᠠᠷ ᠠᠪᠤᠷᠠᠨ ᠲᠤᠰᠠᠯᠠᠬᠤ᠂ ᠬᠠᠤᠯᠢ ᠠᠴᠠ ᠵᠥᠷᠢᠴᠡᠭᠰᠡᠨ ᠢ ᠵᠠᠯᠠᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠠᠭᠤᠰᠤᠯᠴᠠᠭᠤᠯᠤᠨ᠂ ᠬᠡᠷᠡᠭ ᠪᠣᠯᠭᠠᠨ ᠳᠡᠩᠰᠡᠯᠡᠵᠦ ᠬᠢᠨᠠᠯᠲᠠ ᠲᠠᠯᠪᠢᠬᠤ ᠠᠵᠢᠯ ᠢ ᠣᠨᠴᠠᠭᠠᠶ ᠬᠡᠷᠡᠭ ᠤᠨ ᠪᠤᠷᠤᠭᠤ ᠶᠢ ᠵᠠᠯᠠᠷᠠᠭᠤᠯᠬᠤ ᠠᠴᠠ ᠰᠢᠰᠲ᠋ᠧᠮ ᠲᠠᠢ ᠪᠠᠷ ᠵᠠᠰᠠᠬᠤ ᠲᠡᠶᠢᠰᠢ᠂ ᠰᠠᠨᠠᠭᠠᠴᠢᠯᠠᠭ᠎ᠠ ᠥᠬᠡᠶ ᠪᠠᠷ ᠭᠥᠯᠢᠶᠡᠨ ᠠᠪᠴᠤ ᠰᠢᠢᠳᠪᠤᠷᠢᠯᠠᠬᠦ ᠠᠴᠠ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ ᠲᠡᠶᠢᠰᠢ᠂ ᠲᠠᠩ ᠭᠠᠭᠴᠠ ᠬᠡᠷᠡᠭ ᠰᠢᠢᠳᠪᠤᠷᠢᠯᠠᠬᠦ ᠠᠴᠠ ᠵᠥᠷᠢᠴᠡᠯ ᠢ ᠨᠠᠮᠳᠠᠭᠤᠯᠬᠤ ᠲᠡᠶᠢᠰᠢ ᠦᠷᠭᠦᠯᠵᠢᠯᠡᠭᠦᠯᠬᠦ ᠶᠢ ᠠᠬᠢᠭᠤᠯᠵᠤ᠂ ᠬᠠᠤᠯᠢ ᠴᠠᠭᠠᠵᠠ ᠶᠢᠨ ᠬᠢᠨᠠᠯᠲᠠ ᠶᠢᠨ ᠨᠠᠷᠢᠯᠢᠭ ᠣᠨᠣᠪᠴᠢᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠪᠡ᠃2025 ᠣᠨ ᠠᠴᠠ ᠨᠠᠰᠢ ᠰᠢᠢᠳᠪᠦᠷᠢᠯᠡᠭᠰᠡᠨ ᠬᠡᠷᠡᠭ ᠪᠣᠯᠭᠠᠨ ᠳᠠᠩᠰᠠᠯᠠᠵᠤ ᠬᠢᠨᠠᠯᠲᠠ ᠲᠠᠯᠪᠢᠭᠰᠠᠨ ᠪᠦᠬᠦ ᠬᠡᠷᠡᠭ ᠢ ᠴᠥᠮ ᠬᠠᠤᠯᠢ ᠶᠣᠰᠣᠭᠠᠷ ᠪᠦᠲᠦᠮᠵᠢᠲᠡᠢ ᠰᠢᠢᠳᠪᠦᠷᠢᠯᠡᠵᠦ᠂ ᠬᠠᠤᠯᠢ ᠴᠠᠭᠠᠵᠠ ᠶᠢᠨ ᠲᠥᠪ ᠭᠤᠣᠯᠴᠢ ᠶᠢ ᠬᠠᠮᠠᠭᠠᠯᠠᠬᠤ᠂ ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠳᠤ ᠪᠠᠶᠢᠴᠠᠭᠠᠬᠤ ᠬᠦᠴᠦᠨ ᠢᠶᠠᠨ ᠡᠷᠭᠦᠪᠡ᠃ ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠤᠯᠪᠣᠭᠳᠠᠯ ᠪᠥᠬᠦᠶ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ᠬᠡᠷᠡᠭ ᠪᠣᠯᠭᠠᠨ ᠳᠡᠩᠰᠡᠯᠡᠵᠦ ᠬᠢᠨᠠᠯᠲᠠ ᠲᠠᠯᠪᠢᠬᠤ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
