ᠪᠠᠶᠢᠴᠠᠭᠠᠬᠤ ᠬᠤᠷᠢᠶ᠎ᠠ ᠪᠠ ᠭᠠᠶᠢᠯᠢ ᠶᠢᠨ ᠶᠠᠪᠤᠳᠠᠯ ᠤᠨ ᠲᠤᠪᠴᠢᠶ᠎ᠠ ᠬᠤᠯᠪᠤᠭᠠᠯᠠᠨ ᠬᠦᠳᠦᠯᠦᠯᠴᠡᠵᠡᠵᠦ ᠲᠤᠰᠣᠨ ᠤ ᠭᠠᠶᠢᠯᠢ ᠳᠤ ᠬᠣᠯᠪᠤᠭᠳᠠᠭᠰᠠᠨ ᠬᠢᠨᠠᠯᠲᠠ ᠬᠠᠮᠢᠶᠠᠷᠤᠯᠲᠠ ᠶᠢ ᠬᠦᠴᠦᠯᠡᠨ ᠳᠡᠮᠵᠢᠨᠡᠮ
ᠳᠡᠭᠡᠲᠦ ᠱᠠᠲᠣᠨ ᠤ ᠪᠠᠶᠢᠴᠠᠭᠠᠬᠤ ᠪᠠᠶᠢᠭᠤᠯᠭ᠎ᠠ ᠶᠢᠨ《ᠲᠣᠰᠣᠨ ᠤ ᠵᠢᠵᠢᠭᠯᠡᠨ ᠬᠤᠳᠠᠯᠳᠣᠬᠤ ᠠᠵᠦ ᠠᠬᠤᠶᠢᠯᠠᠯ ᠤᠨ ᠭᠠᠶᠢᠯᠢ ᠳᠤ ᠬᠤᠯᠪᠣᠭᠳᠠᠬᠤ ᠬᠢᠨᠠᠨ ᠬᠠᠮᠢᠶᠠᠷᠣᠯᠲᠠ ᠶᠢᠨ ᠲᠣᠰᠬᠠᠢ ᠠᠵᠢᠯᠯᠠᠭ᠎ᠠ ᠶᠢ ᠬᠠᠮᠲᠣᠷᠠᠨ ᠦᠷᠨᠢᠭᠦᠯᠬᠦ ᠲᠣᠬᠠᠢ ᠠᠵᠢᠯ ᠤᠨ ᠲᠦᠰᠦᠯ》 ᠤᠨ ᠪᠠᠶᠢᠷᠢᠯᠠᠭᠤᠯᠣᠯᠲᠠ ᠶᠢ ᠲᠤᠤᠱᠠᠯᠠᠭᠤᠯᠤᠨ ᠨᠡᠶᠢᠲᠡᠪᠦᠷᠢᠵᠢᠭᠤᠯᠵᠦ᠂ ᠣᠯᠣᠰ ᠤᠨ ᠦᠮᠴᠢᠯᠡᠯ ᠤᠨ ᠡᠳ᠋ ᠬᠦᠷᠦᠩᠭᠡ ᠶᠢ ᠬᠠᠮᠠᠭᠠᠯᠠᠬᠤ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠦᠷᠢ ᠶᠢᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠦ᠂ ᠭᠠᠶᠢᠯᠢ ᠲᠠᠳᠠᠪᠦᠷᠢ ᠶᠢᠨ ᠬᠢᠨᠠᠨ ᠬᠠᠮᠢᠶᠠᠷᠣᠯᠲᠠ ᠪᠣᠯᠣᠨ ᠪᠠᠶᠢᠴᠠᠭᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠣᠨ ᠳᠡᠭᠦᠯᠳᠡᠷᠵᠢᠭᠦᠯᠪᠡ᠃ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠠᠯᠠᠭ᠎ᠠ ᠮᠦᠴᠢᠷ ᠲᠣᠰᠣᠨ ᠤ ᠵᠢᠵᠢᠭᠯᠡᠨ ᠬᠤᠳᠠᠯᠳᠣᠬᠤ ᠠᠵᠢᠯ ᠲᠦᠷᠦᠯ ᠤᠨ ᠭᠠᠶᠢᠯᠢ ᠳᠤ ᠬᠤᠯᠪᠣᠭᠳᠠᠭᠰᠠᠨ ᠬᠢᠨᠠᠨ ᠬᠠᠮᠢᠶᠠᠷᠣᠯᠲᠠ ᠶᠢᠨ ᠬᠦᠴᠢᠷ ᠠᠰᠠᠭᠤᠳᠠᠯ ᠳᠤ ᠠᠩᠬᠠᠷᠣᠯ ᠢᠶᠠᠨ ᠲᠦᠪᠯᠡᠷᠡᠭᠦᠯᠵᠦ᠂ ᠰᠠᠨᠠᠭᠠᠴᠢᠯᠠᠭ᠎ᠠ ᠲᠠᠢ ᠪᠠᠷ ᠠᠵᠢᠯᠯᠠᠵᠦ᠂ ᠬᠠᠮᠵᠢᠯᠴᠡᠨ ᠬᠤᠯᠪᠣᠭᠠᠯᠠᠨ ᠬᠦᠳᠡᠯᠦᠯᠴᠡᠵᠦ᠂ ᠲᠣᠰᠣᠨ ᠤ ᠵᠢᠵᠢᠭᠯᠡᠨ ᠬᠤᠳᠠᠯᠳᠣᠬᠤ ᠠᠵᠦ ᠠᠬᠤᠶᠢᠯᠠᠯ ᠤᠨ ᠭᠠᠶᠢᠯᠢ ᠳᠤ ᠬᠤᠯᠪᠣᠭᠳᠠᠭᠰᠠᠨ ᠬᠢᠨᠠᠨ ᠬᠠᠮᠢᠶᠠᠷᠣᠯᠲᠠ ᠶᠢᠨ ᠲᠣᠰᠬᠠᠢ ᠲᠦᠷᠦᠯ ᠤᠨ ᠠᠵᠢᠯᠯᠠᠭ᠎ᠠ ᠶᠢ ᠯᠠᠪᠳᠠᠭᠤᠨ ᠪᠠᠲᠣᠲᠠᠢ ᠠᠬᠢᠭᠤᠯᠵᠦ᠂ ᠬᠠᠦᠯᠢ ᠴᠠᠭᠠᠵᠠ ᠶᠢᠨ ᠬᠦᠴᠦᠨ ᠢᠶᠠᠷ ᠣᠯᠣᠰ ᠤᠨ ᠭᠠᠶᠢᠯᠢ ᠲᠠᠲᠠᠪᠦᠷᠢ ᠶᠢᠨ ᠠᠮᠦᠷ ᠲᠦᠪᠰᠢᠨ ᠢ ᠬᠠᠮᠠᠭᠠᠯᠠᠵᠦ᠂ ᠠᠵᠢᠯ ᠲᠦᠷᠦᠯ ᠤᠨ ᠡᠷᠡᠭᠦᠯ ᠬᠦᠭᠵᠢᠯᠲᠡ ᠶᠢ ᠪᠠᠲᠣᠯᠠᠪᠠ᠃
《ᠲᠣᠰᠣᠨ ᠫᠤᠤ》 ᠬᠡᠳᠦᠶᠢᠪᠡᠷ ᠪᠠᠭ᠎ᠠ ᠪᠣᠯᠪᠠᠴᠦ ᠣᠯᠣᠰ ᠤᠨ ᠪᠣᠳᠣᠯᠭ᠎ᠠ ᠲᠠᠢ ᠬᠤᠯᠪᠣᠭᠳᠠᠨ᠎ᠠ᠃ ᠲᠣᠰᠦ ᠨᠢ ᠣᠯᠣᠰ ᠤᠨ ᠠᠵᠦ ᠠᠬᠤᠢ ᠠᠷᠠᠳ ᠤᠨ ᠠᠮᠢᠳᠣᠷᠠᠯ ᠳᠤ ᠬᠤᠯᠪᠣᠭᠳᠠᠬᠤ ᠴᠢᠬᠤᠯᠠ ᠡᠨᠧᠷᠬᠢ ᠶᠢᠨ ᠰᠣᠷᠪᠣᠯᠵᠢ ᠡᠳ᠋ ᠪᠠᠷᠠᠭ᠎ᠠ ᠪᠣᠯᠣᠭᠰᠠᠨ ᠤ ᠬᠤᠪᠢ ᠳᠤ᠂ ᠭᠦᠢᠯᠭᠡᠭᠡᠨ ᠤ ᠵᠠᠩᠭᠢᠯᠠᠭ᠎ᠠ ᠶᠢᠨ ᠭᠠᠶᠢᠯᠢ ᠲᠠᠲᠠᠪᠦᠷᠢᠯᠠᠬᠤ ᠬᠠᠮᠢᠶᠠᠷᠬᠤ ᠠᠵᠢᠯ ᠨᠢ ᠡᠳ᠋ ᠤᠨ ᠵᠠᠰᠠᠭ ᠤᠨ ᠣᠷᠣᠯᠭ᠎ᠠ ᠶᠢᠨ ᠲᠣᠭᠲᠠᠭᠤᠨ ᠪᠠᠶᠢᠬᠤ ᠪᠠ ᠵᠠᠬ᠎ᠠ ᠳᠡᠯᠭᠡᠭᠦᠷ ᠤᠨ ᠡᠮᠬᠢ ᠲᠢᠭᠯᠢᠮ ᠤᠨ ᠵᠢᠷᠣᠮᠵᠢᠯ ᠳᠤ ᠰᠢᠭᠤᠳ ᠬᠤᠯᠪᠣᠭᠳᠠᠬᠤ ᠶᠣᠮ᠃ ᠣᠶᠢᠷ᠎ᠠ ᠶᠢᠨ ᠵᠢᠯ ᠤᠨ ᠲᠣᠷᠰᠢ᠂ ᠲᠣᠰᠣᠨ ᠤ ᠵᠢᠵᠢᠭᠯᠡᠨ ᠬᠤᠳᠠᠯᠳᠣᠬᠤ ᠬᠡᠰᠡᠭ ᠠᠵᠦ ᠠᠬᠤᠶᠢᠯᠠᠯ ᠤᠳ ᠡᠵᠡᠩᠨᠡᠯᠲᠡ ᠶᠢᠨ ᠶᠠᠪᠣᠴᠠ ᠳᠠᠭᠠᠨ ᠭᠠᠶᠢᠯᠢ ᠶᠢᠨ ᠵᠣᠭᠤᠰ ᠢ ᠳᠠᠷᠣᠭᠰᠠᠨ᠂ ᠪᠠᠷᠢᠮᠳᠠ ᠬᠢᠵᠦ ᠦᠭᠭᠦᠭᠰᠡᠨ᠂ ᠳᠠᠩᠰᠠᠨ ᠠᠴᠠ ᠭᠠᠳᠠᠭᠤᠷ ᠡᠵᠡᠩᠨᠡᠭᠰᠡᠨ ᠵᠡᠷᠭᠡ ᠬᠠᠦᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠣᠷᠣᠰᠢᠵᠦ᠂ ᠭᠠᠶᠢᠯᠢ ᠲᠠᠲᠠᠪᠦᠷᠢᠯᠠᠬᠤ ᠬᠠᠮᠢᠶᠠᠷᠬᠤ ᠬᠡᠪ ᠤᠨ ᠡᠮᠬᠢ ᠲᠢᠭᠯᠢᠮ ᠢ ᠰᠠᠮᠠᠭᠤᠷᠠᠭᠤᠯᠣᠭᠰᠠᠨ ᠢᠶᠠᠷ ᠪᠠᠷᠠᠬᠤ ᠦᠭᠡᠢ ᠪᠠᠰᠠ ᠣᠯᠣᠰ ᠤᠨ ᠭᠠᠶᠢᠯᠢ ᠲᠠᠲᠠᠪᠦᠷᠢ ᠶᠢᠨ ᠠᠰᠢᠭ ᠲᠣᠰᠠ ᠶᠢ ᠬᠤᠬᠢᠷᠠᠭᠤᠯᠣᠭᠰᠠᠨ ᠪᠠᠶᠢᠨ᠎ᠠ᠃ ᠲᠣᠰᠣᠨ ᠤ ᠠᠵᠢᠯ ᠲᠦᠷᠦᠯ ᠤᠨ ᠭᠠᠶᠢᠯᠢ ᠲᠠᠲᠠᠪᠦᠷᠢᠯᠠᠬᠤ ᠬᠠᠮᠢᠶᠠᠷᠬᠤ ᠡᠮᠬᠢ ᠲᠢᠭᠯᠡᠮ ᠢ ᠰᠠᠬᠢᠨ ᠬᠠᠮᠠᠭᠠᠯᠠᠵᠦ᠂ ᠣᠯᠣᠰ ᠤᠨ ᠦᠮᠴᠢᠯᠡᠯᠲᠦ ᠡᠳ᠋ ᠬᠦᠷᠦᠩᠭᠡ ᠶᠢᠨ ᠠᠯᠳᠠᠭᠳᠠᠬᠤ ᠶᠢ ᠰᠡᠷᠭᠡᠶᠢᠯᠡᠬᠦ ᠪᠣᠯ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠤᠨ ᠬᠠᠦᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠣᠯᠬᠤ ᠪᠦᠭᠡᠳ ᠨᠡᠩ ᠴᠦ ᠪᠠᠶᠢᠴᠠᠭᠠᠬᠤ ᠪᠠᠶᠢᠭᠤᠯᠭ᠎ᠠ ᠶᠢᠨ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠠᠮᠢᠳᠣᠷᠠᠯ ᠢ ᠪᠠᠲᠣᠯᠠᠬᠤ ᠬᠠᠷᠢᠭᠤᠴᠠᠯᠭ᠎ᠠ ᠶᠢᠨ ᠡᠭᠦᠷᠭᠡᠯᠡᠯ ᠪᠣᠯᠣᠨ᠎ᠠ᠃
ᠲᠣᠰᠣᠨ ᠤ ᠵᠢᠵᠢᠭᠯᠡᠨ ᠬᠤᠳᠠᠯᠳᠣᠬᠤ ᠠᠵᠦ ᠠᠬᠤᠶᠢᠯᠠᠯ ᠤᠨ ᠭᠠᠶᠢᠯᠢ ᠳᠤ ᠬᠤᠯᠪᠣᠭᠳᠠᠭᠰᠠᠨ ᠬᠢᠨᠠᠯᠲᠠ ᠬᠠᠮᠢᠶᠠᠷᠣᠯᠲᠠ ᠶᠢᠨ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠭᠠᠶᠢᠯᠢ ᠶᠢᠨ ᠶᠠᠪᠣᠳᠠᠯ ᠳᠤ ᠬᠤᠯᠪᠣᠭᠳᠠᠭᠰᠠᠨ ᠬᠠᠦᠯᠢ ᠠᠴᠠ ᠵᠦᠷᠢᠴᠡᠭᠰᠡᠨ ᠰᠦᠪᠡᠭᠴᠢ ᠶᠢ ᠨᠠᠷᠢᠯᠢᠭ ᠣᠨᠣᠪᠴᠢᠲᠠᠢ ᠢᠯᠡᠷᠡᠭᠦᠯᠬᠦ ᠪᠠ ᠰᠣᠳᠣᠯᠣᠨ ᠮᠠᠭᠠᠳᠯᠠᠬᠤ ᠶᠢᠨ ᠲᠦᠯᠦᠭᠡ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠠᠯᠠᠭ᠎ᠠ ᠮᠦᠴᠢᠷ ᠤᠨ ᠪᠦᠬᠦ ᠪᠠᠶᠢᠴᠠᠭᠠᠭᠴᠢ ᠦᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠵᠣᠬᠢᠶᠠᠨ ᠪᠠᠶᠢᠭᠤᠯᠣᠨ ᠬᠤᠷᠠᠯᠳᠣᠭᠤᠯᠣᠭᠰᠠᠨ ᠪᠦᠬᠦ ᠣᠷᠣᠨ ᠤ ᠲᠣᠰᠣᠨ ᠤ ᠭᠠᠶᠢᠯᠢ ᠳᠤ ᠬᠤᠯᠪᠣᠭᠳᠠᠭᠰᠠᠨ ᠬᠢᠨᠠᠯᠲᠠ ᠬᠠᠮᠢᠶᠠᠷᠣᠯᠲᠠ ᠶᠢᠨ ᠲᠠᠪᠴᠠᠩ ᠤᠨ ᠬᠡᠷᠡᠭᠯᠡᠭᠡᠨ ᠤ ᠪᠣᠯᠪᠠᠰᠣᠷᠠᠭᠤᠯᠣᠯ ᠤᠨ ᠬᠤᠷᠠᠯ ᠳᠤ ᠢᠳᠡᠪᠬᠢᠲᠠᠢ ᠣᠷᠣᠯᠴᠠᠵᠦ᠂ ᠲᠣᠰᠣᠨ ᠤ ᠭᠠᠶᠢᠯᠢ ᠳᠤ ᠬᠤᠯᠪᠣᠭᠳᠠᠭᠰᠠᠨ ᠬᠢᠨᠠᠯᠲᠠ ᠬᠠᠮᠢᠶᠠᠷᠣᠯᠲᠠ ᠶᠢᠨ ᠲᠣᠮᠦ ᠳ᠋ᠠᠶᠢᠲ᠋ᠠ ᠶᠢᠨ ᠵᠠᠭᠪᠣᠷ᠂ ᠲᠤᠭ᠎ᠠ ᠪᠠᠷᠢᠮᠳᠠ ᠶᠢᠨ ᠬᠠᠷᠢᠴᠠᠯ ᠤᠨ ᠯᠣᠭᠢᠭ ᠵᠢᠴᠢ ᠰᠡᠵᠢᠭᠲᠦ ᠴᠡᠭ ᠤᠨ ᠰᠦᠪᠡᠭᠴᠢ ᠶᠢ ᠰᠢᠰᠲ᠋ᠧᠮ ᠲᠠᠢ ᠰᠣᠷᠣᠯᠴᠠᠵᠠᠢ᠃ ᠪᠣᠯᠪᠠᠰᠣᠷᠠᠭᠤᠯᠣᠯ ᠤᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂ ᠲᠠᠪᠴᠠᠩ ᠤᠨ ᠬᠡᠷᠡᠭᠯᠡᠭᠡᠨ ᠤ ᠴᠢᠳᠠᠪᠦᠷᠢ ᠶᠢ ᠦᠨᠡᠨᠬᠦ ᠬᠢᠨᠠᠯᠲᠠ ᠲᠠᠯᠪᠢᠬᠤ ᠪᠣᠳᠠᠲᠦ ᠦᠷ᠎ᠡ ᠪᠦᠲᠦᠮᠵᠢ ᠪᠣᠯᠭᠠᠨ ᠬᠤᠪᠢᠷᠠᠭᠤᠯᠵᠦ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠠᠯᠠᠭ᠎ᠠ ᠮᠦᠴᠢᠷ ᠨᠢ ᠬᠠᠮᠤᠭ ᠤᠨ ᠲᠦᠷᠦᠭᠦᠨ ᠳᠤ ᠪᠦᠬᠦ ᠪᠠᠶᠢᠴᠠᠭᠠᠬᠤ ᠠᠵᠢᠯᠲᠡᠨ ᠢ ᠵᠣᠬᠢᠶᠠᠨ ᠪᠠᠶᠢᠭᠤᠯᠣᠨ ᠬᠠᠮᠢᠶ᠎ᠠ ᠪᠦᠬᠦᠢ ᠲᠣᠮᠣ ᠳ᠋ᠠᠶᠢᠲ᠋ᠠ ᠶᠢᠨ ᠵᠠᠭᠪᠣᠷ ᠤᠨ ᠪᠣᠳᠠᠲᠠᠢ ᠠᠵᠢᠯᠯᠠᠭ᠎ᠠ ᠵᠢᠴᠢ ᠰᠦᠪᠡᠭᠴᠢ ᠶᠢ ᠪᠣᠢ ᠪᠣᠯᠭᠠᠬᠤ ᠲᠣᠭᠲᠠᠴᠠ ᠶᠢ ᠳᠠᠬᠢᠨ ᠪᠣᠳᠣᠬᠤ ᠶᠢᠨ ᠬᠠᠮᠲᠦ ᠰᠦᠯᠵᠢᠶᠡᠨ ᠳᠤ ᠭᠠᠷᠴᠦ ᠬᠠᠷᠢᠶ᠎ᠠ ᠣᠷᠣᠨ ᠤ ᠲᠣᠰᠣᠨ ᠤ ᠦᠷᠲᠡᠭᠡ ᠴᠡᠭ ᠤᠨ ᠪᠠᠶᠢᠳᠠᠯ ᠵᠢᠴᠢ ᠰᠡᠵᠢᠭ ᠤᠨ ᠰᠦᠪᠡᠭᠴᠢ ᠶᠢ ᠪᠠᠶᠢᠴᠠᠭᠠᠨ᠎ᠠ᠃ ᠪᠣᠯᠪᠠᠰᠣᠷᠠᠭᠤᠯᠣᠯ ᠢᠶᠠᠷ ᠳᠠᠮᠵᠢᠭᠤᠯᠣᠨ᠂ ᠪᠠᠶᠢᠴᠠᠭᠠᠬᠤ ᠠᠵᠢᠯᠲᠡᠨ ᠤ ᠲᠣᠭᠠᠴᠠᠯᠠᠭᠰᠠᠨ ᠠᠷᠭ᠎ᠠ ᠪᠠᠷᠢᠯ ᠢ ᠬᠡᠷᠡᠭᠯᠡᠨ ᠬᠠᠦᠯᠢ ᠴᠠᠭᠠᠵᠠ ᠶᠢᠨ ᠬᠢᠨᠠᠯᠲᠠ ᠲᠠᠯᠪᠢᠬᠤ ᠴᠢᠳᠠᠪᠦᠷᠢ ᠶᠢ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠯᠭᠠᠮᠵᠢ ᠪᠠ ᠣᠨᠣᠪᠴᠢᠲᠠᠢ ᠬᠢᠨᠠᠯᠲᠠ ᠲᠠᠯᠪᠢᠬᠤ ᠴᠢᠳᠠᠪᠦᠷᠢ ᠶᠢ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠯᠭᠠᠮᠵᠢ ᠪᠠ ᠣᠨᠣᠪᠴᠢᠲᠠᠢ ᠬᠢᠨᠠᠯᠲᠠ ᠲᠠᠯᠪᠢᠬᠤ᠂ ᠴᠢᠭᠯᠡᠯ ᠤᠨ ᠬᠦᠴᠦᠨ ᠳᠤ ᠪᠠᠲᠦ ᠪᠠᠬᠢ ᠰᠠᠭᠤᠷᠢ ᠲᠠᠯᠪᠢᠵᠣ ᠦᠭᠪᠡ᠃
ᠡᠭᠦᠨ ᠠᠴᠠ ᠭᠠᠳᠠᠨ᠎ᠠ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠭᠠᠶᠢᠯᠢ ᠶᠢᠨ ᠶᠠᠪᠣᠳᠠᠯ ᠤᠨ ᠲᠣᠪᠴᠢᠶ᠎ᠠ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂《 ᠪᠠᠶᠢᠴᠠᠭᠠᠬᠤ+ ᠭᠠᠶᠢᠯᠢ ᠶᠢᠨ ᠶᠠᠪᠣᠳᠠᠯ》 ᠤᠨ ᠬᠠᠮᠵᠢᠯᠴᠡᠨ ᠵᠠᠰᠠᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠣ᠂《 ᠬᠤᠶᠠᠷ ᠲᠠᠯ᠎ᠠ ᠪᠠᠷ ᠢᠶᠠᠨ ᠠᠰᠢᠭ ᠬᠦᠷᠲᠡᠵᠦ ᠣᠯᠠᠨ ᠠᠰᠢᠭ ᠬᠦᠷᠲᠡᠵᠦ ᠬᠠᠮᠲᠦᠪᠡᠷ ᠠᠰᠢᠭ ᠬᠦᠷᠲᠡᠬᠦ》 ᠣᠶᠢᠯᠠᠭᠠᠭᠳᠠᠬᠤᠨ ᠢ ᠪᠠᠷᠢᠮᠳᠠᠯᠠᠨ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠭᠠᠶᠢᠯᠢ ᠶᠢᠨ ᠶᠠᠪᠣᠳᠠᠯ ᠤᠨ ᠲᠣᠪᠴᠢᠶ᠎ᠠ ᠲᠠᠢ ᠬᠠᠮᠲᠣᠷᠠᠨ ᠲᠣᠰᠣᠨ ᠤ ᠵᠢᠵᠢᠭᠯᠡᠨ ᠬᠤᠳᠠᠯᠳᠣᠬᠤ ᠠᠵᠦ ᠠᠬᠤᠶᠢᠯᠠᠯ ᠤᠨ ᠭᠠᠶᠢᠯᠢ ᠳᠤ ᠬᠤᠯᠪᠣᠭᠳᠠᠭᠰᠠᠨ ᠲᠣᠰᠬᠠᠢ ᠲᠦᠷᠦᠯ ᠤᠨ ᠠᠵᠢᠯᠯᠠᠭ᠎ᠠ ᠶᠢ ᠡᠬᠢᠯᠡᠨ ᠬᠡᠷᠡᠭᠵᠢᠭᠦᠯᠵᠦ᠂ ᠲᠣᠰ ᠭᠠᠵᠠᠷ ᠣᠷᠣᠨ ᠤ ᠲᠣᠰᠣᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ ᠪᠣᠯᠣᠨ ᠭᠠᠶᠢᠯᠢ ᠳᠠᠲᠠᠪᠦᠷᠢ ᠶᠢᠨ ᠬᠢᠨᠠᠯᠲᠠ ᠬᠠᠮᠢᠶᠠᠷᠣᠯᠲᠠ ᠶᠢᠨ ᠪᠣᠳᠠᠲᠦ ᠪᠠᠶᠢᠳᠠᠯ ᠲᠠᠢ ᠣᠶᠠᠯᠳᠣᠭᠤᠯᠵᠦ᠂ ᠬᠤᠶᠠᠷ ᠲᠠᠯ᠎ᠠ ᠪᠠᠷ ᠢᠶᠠᠨ ᠲᠣᠰᠣᠨ ᠤ ᠵᠢᠵᠢᠭᠯᠡᠨ ᠬᠤᠳᠠᠯᠳᠣᠬᠤ ᠠᠵᠦ ᠠᠬᠤᠶᠢᠯᠠᠯ ᠤᠨ ᠭᠠᠶᠢᠯᠢ ᠳᠤ ᠬᠤᠯᠪᠣᠭᠳᠠᠭᠰᠠᠨ ᠲᠣᠰᠬᠠᠢ ᠲᠦᠷᠦᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠦᠰᠦᠯ ᠢ ᠬᠠᠮᠲᠦᠪᠡᠷ ᠰᠣᠳᠣᠯᠣᠨ ᠲᠣᠭᠲᠠᠭᠠᠬᠤ ᠶᠢᠨ ᠬᠠᠮᠲᠦ᠂ ᠲᠣᠰᠬᠠᠢ ᠲᠦᠷᠦᠯ ᠤᠨ ᠠᠵᠢᠯᠯᠠᠭ᠎ᠠ ᠶᠢᠨ ᠬᠠᠮᠲᠣᠷᠠᠭᠰᠠᠨ ᠬᠤᠷᠠᠯ ᠢ ᠵᠣᠬᠢᠶᠠᠨ ᠪᠠᠶᠢᠭᠤᠯᠣᠨ ᠬᠤᠷᠠᠯᠳᠣᠭᠤᠯᠪᠠ᠃ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠳ᠋ᠠ ᠴᠢᠤᠸᠠᠨ ᠪᠣᠯᠣᠨ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠭᠠᠶᠢᠯᠢ ᠶᠢᠨ ᠶᠠᠪᠣᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠳ᠋ᠧᠩ ᠶᠦᠨ ᠫᠧᠩ ᠬᠤᠷᠠᠯ ᠳᠤ ᠣᠷᠣᠯᠴᠠᠭᠰᠠᠨ ᠪᠦᠭᠡᠳ ᠲᠣᠰᠬᠠᠢ ᠠᠵᠢᠯᠯᠠᠭ᠎ᠠ ᠳᠤ ᠱᠠᠭᠠᠷᠳᠠᠯᠭ᠎ᠠ ᠳᠣᠷᠠᠳᠴᠠᠢ᠃ ᠬᠤᠷᠠᠯ ᠳᠡᠭᠡᠷ᠎ᠡ ᠬᠤᠶᠠᠷ ᠲᠠᠯ᠎ᠠ ᠪᠠᠷ ᠢᠶᠠᠨ ᠰᠡᠵᠢᠭᠲᠦ ᠰᠦᠪᠡᠭᠴᠢ ᠳᠤ ᠵᠠᠳᠠᠯᠣᠯᠲᠠ ᠰᠣᠳᠣᠯᠣᠯᠲᠠ ᠬᠢᠬᠦ ᠶᠢᠨ ᠬᠠᠮᠲᠦ ᠠᠩᠬ᠎ᠠ ᠠᠯᠬᠤᠮ ᠤᠨ ᠪᠠᠶᠢᠴᠠᠭᠠᠯᠲᠠ ᠶᠢᠨ ᠴᠢᠭᠯᠡᠯ ᠢ ᠲᠣᠭᠲᠠᠭᠠᠵᠣ᠂ ᠲᠣᠰᠬᠠᠢ ᠠᠵᠢᠯᠯᠠᠭ᠎ᠠ ᠶᠢᠨ ᠪᠠᠶᠢᠴᠠᠭᠠᠨ ᠲᠣᠳᠣᠯᠠᠬᠤ᠂ ᠦᠷ᠎ᠡ ᠪᠦᠲᠦᠮᠵᠢ ᠣᠯᠬᠤ ᠶᠢ ᠪᠠᠲᠣᠯᠠᠵᠠᠢ᠃
ᠭᠠᠶᠢᠯᠢ ᠲᠠᠲᠠᠪᠦᠷᠢ ᠶᠢᠨ ᠮᠦᠩᠬᠦ ᠨᠢᠭᠡᠪᠦᠷᠢ ᠨᠢ ᠴᠦᠮ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠳᠠᠭᠠᠭᠠᠵᠣ᠂ ᠣᠯᠣᠰ ᠣᠷᠣᠨ ᠤ ᠬᠦᠰᠡᠯ ᠡᠷᠡᠮᠡᠯᠵᠡᠯ ᠢ ᠨᠢᠭᠲᠠᠷᠠᠭᠤᠯᠵᠣ ᠪᠠᠶᠢᠨ᠎ᠠ᠃ ᠣᠯᠣᠰ ᠤᠨ ᠦᠮᠴᠢᠯᠡᠯ ᠤᠨ ᠡᠳ᠋ ᠬᠦᠷᠦᠩᠭᠡ ᠶᠢ ᠬᠠᠮᠠᠭᠠᠯᠠᠬᠤ ᠪᠣᠯ ᠬᠠᠦᠯᠢ ᠴᠠᠭᠠᠵᠠ ᠠᠴᠠ ᠪᠠᠶᠢᠴᠠᠭᠠᠬᠤ ᠪᠠᠶᠢᠭᠤᠯᠭ᠎ᠠ ᠳᠤ ᠣᠯᠭᠤᠭᠰᠠᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠣᠯᠬᠤ ᠪᠠᠷ ᠪᠠᠷᠠᠬᠤ ᠦᠭᠡᠢ᠂ ᠨᠡᠩ ᠴᠦ ᠠᠷᠠᠳ ᠤᠨ ᠲᠦᠯᠦᠭᠡ ᠪᠣᠳᠤᠬᠤ ᠦᠨᠡᠨᠴᠢ ᠨᠦᠰᠡᠷ ᠬᠦᠨᠳᠦ ᠬᠠᠶᠢᠷ᠎ᠠ ᠰᠡᠳᠭᠢᠯᠭᠡ ᠪᠣᠯᠬᠤ ᠶᠣᠮ᠃ ᠳᠠᠷᠠᠭ᠎ᠠ ᠠᠯᠬᠤᠮ ᠳᠤ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠭᠠᠶᠢᠯᠢ ᠶᠢᠨ ᠶᠠᠪᠣᠳᠠᠯ ᠤᠨ ᠰᠠᠯᠠᠭ᠎ᠠ ᠮᠦᠴᠢᠷ ᠯᠦᠭᠡ ᠬᠠᠮᠵᠢᠯᠴᠠᠬᠤ ᠲᠣᠭᠲᠠᠴᠠ ᠪᠠᠨ ᠦᠷᠬᠦᠯᠵᠢᠯᠡᠨ ᠭᠦᠨᠵᠡᠭᠡᠶᠢᠷᠡᠭᠦᠯᠵᠦ᠂《 ᠴᠠᠭ ᠢᠮᠬᠠᠲᠠ ᠲᠠᠯᠪᠢᠵᠦ ᠳᠡᠶᠢᠯᠬᠦ ᠦᠭᠡᠢ》 ᠬᠠᠷᠢᠭᠤᠴᠠᠯᠭᠠᠲᠦ ᠰᠡᠳᠭᠢᠯᠭᠡ ᠪᠠ《 ᠠᠵᠢᠯ ᠶᠠᠪᠣᠳᠠᠯ ᠢ ᠴᠢᠩᠭ᠎ᠠ ᠠᠳᠬᠤᠵᠣ ᠲᠠᠯᠪᠢᠬᠤ ᠦᠭᠡᠢ》 ᠭᠦᠢᠴᠡᠳᠭᠡᠬᠦ ᠬᠦᠴᠦᠨ ᠢᠶᠠᠷ ᠲᠣᠰᠣᠨ ᠤ ᠵᠢᠵᠢᠭᠯᠡᠨ ᠬᠤᠳᠠᠯᠳᠣᠬᠤ ᠠᠵᠦ ᠠᠬᠤᠶᠢᠯᠠᠯ ᠤᠨ ᠭᠠᠶᠢᠯᠢ ᠳᠤ ᠬᠤᠯᠪᠣᠭᠳᠠᠭᠰᠠᠨ ᠬᠢᠨᠠᠨ ᠬᠠᠮᠢᠶᠠᠷᠬᠤ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠦ᠂ ᠣᠯᠣᠰ ᠤᠨ ᠦᠮᠴᠢᠯᠡᠯ ᠤᠨ ᠡᠳ᠋ ᠬᠦᠷᠦᠩᠭᠡ ᠶᠢᠨ ᠠᠮᠦᠷ ᠲᠦᠪᠰᠢᠨ ᠢ ᠡᠷᠡᠰ ᠴᠢᠩᠭ᠎ᠠ ᠬᠢᠨᠠᠯᠲᠠ ᠲᠠᠯᠪᠢᠬᠤ ᠪᠠᠷ ᠪᠠᠷᠠᠬᠤ ᠦᠭᠡᠢ ᠪᠠᠰᠠ ᠣᠶᠠᠨ ᠴᠢᠨᠠᠷᠲᠠᠢ ᠪᠠᠷ ᠬᠠᠦᠯᠢ ᠴᠠᠭᠠᠵᠠ ᠪᠠᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠦ ᠠᠬᠤᠶᠢᠯᠠᠯ ᠢ ᠬᠦᠲᠦᠯᠦᠨ ᠵᠢᠯᠣᠭᠤᠳᠴᠦ ᠬᠠᠦᠯᠢ ᠶᠣᠰᠣᠭᠠᠷ ᠭᠠᠶᠢᠯᠢ ᠲᠣᠰᠢᠶᠠᠬᠤ ᠣᠬᠠᠮᠰᠠᠷ ᠢ ᠪᠣᠢ ᠪᠣᠯᠭᠠᠵᠦ᠂ ᠣᠷᠣᠨ ᠤ ᠠᠵᠦ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠳᠤ ᠪᠠᠶᠢᠴᠠᠠᠭᠠᠬᠤ ᠣᠶᠣᠨ ᠣᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃
