ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠰᠢᠨ᠎ᠡ ᠬᠤᠲᠠ ᠲᠤᠭᠤᠷᠢᠭ ᠤᠨ ᠪᠠᠶᠢᠴᠠᠭᠠᠬᠤ ᠬᠤᠷᠢᠶ᠎ᠠ ᠶᠢᠨ ᠴᠡᠷᠢᠭ ᠲᠦ ᠬᠤᠯᠪᠤᠭᠳᠠᠭᠰᠠᠨ ᠵᠠᠭᠠᠯᠳᠤᠯᠭ᠎ᠠ ᠶᠢ ᠳᠡᠮᠵᠢᠭᠰᠡᠨ ᠬᠡᠷᠡᠭ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ  ᠤ ᠨᠡᠶᠢᠲᠡᠯᠢᠭ ᠬᠡᠷᠡᠭ ᠦᠨ ᠵᠢᠱᠢᠶ᠎ᠡ ᠪᠡᠷ ᠦᠨᠡᠯᠡᠭᠳᠡᠪᠡ

2025-12-31 09:53:02
ᠵᠣᠬᠢᠶᠠᠭᠴᠢ
ᠭᠡᠭᠡᠨᠲᠤᠶᠠᠭ᠎ᠠ

   ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠴᠡᠷᠢᠭ ᠲᠤ ᠬᠤᠯᠪᠣᠭᠳᠠᠭᠰᠠᠨ ᠵᠠᠭᠠᠯᠳᠤᠯᠭ᠎ᠠ ᠶᠢ ᠳᠡᠮᠵᠢᠭᠰᠡᠨ ᠬᠡᠷᠡᠭ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ
    ᠣᠶᠢᠷ᠎ᠠ ᠳᠤ᠂ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠴᠡᠷᠢᠭ ᠲᠤ ᠬᠤᠯᠪᠣᠭᠳᠠᠭᠰᠠᠨ ᠵᠠᠭᠠᠯᠳᠤᠯᠭ᠎ᠠ ᠶᠢ ᠳᠡᠮᠵᠢᠭᠰᠡᠨ ᠬᠡᠷᠡᠭ ᠨᠢ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠡᠶᠢᠲᠡᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠡᠮᠬᠢᠳᠬᠡᠯ ᠳᠤ ᠠᠮᠵᠢᠯᠲᠠ ᠲᠠᠢ ᠪᠠᠷ ᠰᠣᠩᠭᠤᠭᠳᠠᠪᠠ᠃ ᠲᠤᠰ ᠬᠡᠷᠡᠭ ᠤᠨ ᠵᠢᠱᠢᠶ᠎ᠡ ᠨᠢ ᠴᠡᠷᠢᠭ ᠲᠤ ᠬᠤᠯᠪᠣᠭᠳᠠᠭᠰᠠᠨ ᠢᠷᠭᠡᠨ ᠤ ᠬᠡᠷᠡᠭ ᠤᠨ ᠡᠷᠬᠡ ᠠᠰᠢᠭ ᠢ ᠪᠠᠲᠤᠯᠠᠬᠤ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠷᠢᠶᠠᠨ ᠤ ᠢᠷᠭᠡᠨ ᠤ ᠬᠡᠷᠡᠭ ᠢ ᠪᠠᠶᠢᠴᠠᠭᠠᠬᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠦᠢᠴᠡᠳ ᠢᠯᠡᠷᠡᠭᠦᠯᠵᠦ᠂ ︽ᠶᠡᠭᠡ ᠲᠠᠯ᠎ᠠ ᠳᠤ ᠦᠢᠯᠡᠴᠢᠯᠡᠬᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠬᠤ︾ ᠣᠶᠢᠯᠠᠭᠠᠭᠳᠠᠬᠤᠨ ᠢ ᠪᠠᠷᠢᠮᠲᠠᠯᠠᠨ᠂ ᠴᠡᠷᠢᠭ ᠲᠤ ᠬᠤᠯᠪᠣᠭᠳᠠᠭᠰᠠᠨ ᠵᠠᠭᠠᠯᠳᠤᠯᠭ᠎ᠠ ᠶᠢ ᠳᠡᠮᠵᠢᠭᠰᠡᠨ ᠬᠡᠷᠡᠭ ᠢ ᠰᠢᠢᠳᠪᠦᠷᠢᠯᠡᠬᠦ ᠶᠠᠪᠤᠴᠠ ᠳᠠᠬᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠭᠦᠢᠴᠡᠳ ᠢᠯᠡᠷᠡᠭᠦᠯᠪᠡ᠃ ᠬᠡᠷᠡᠭ ᠤᠨ ᠵᠢᠱᠢᠶ᠎ᠡ ᠳᠤ ᠬᠠᠤᠯᠢ ᠴᠠᠭᠠᠵᠠ ᠶᠢ ᠣᠨᠣᠪᠴᠢᠲᠠᠶ ᠬᠡᠷᠡᠭᠯᠡᠵᠦ᠂ ᠬᠡᠷᠡᠭ ᠤᠨ ᠲᠥᠪᠯᠡᠷᠡᠯ ᠤᠨ ᠴᠡᠭ ᠢ ᠨᠠᠷᠢᠨ ᠨᠢᠮᠪᠠᠢ ᠡᠮᠬᠢᠯᠡᠨ ᠲᠢᠭᠯᠡᠵᠦ᠂ ᠴᠡᠷᠢᠭ ᠤᠨ ᠬᠥᠮᠥᠨ ᠪᠠ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠷ ᠬᠠᠮᠠᠭᠠᠯᠠᠵᠤ᠂ ᠬᠠᠤᠯᠢ ᠪᠠᠷᠢᠯᠲᠠ ᠪᠠᠷ ᠴᠡᠷᠢᠭ ᠢᠶᠠᠨ ᠬᠦᠷᠢᠶᠡᠯᠡᠬᠦ ᠬᠠᠯᠠᠭᠤᠨ ᠳᠤᠯᠠᠭᠠᠨ ᠪᠠ ᠡᠷᠴᠢᠮ ᠢ ᠢᠯᠡᠷᠡᠭᠦᠯᠵᠦ᠂ ᠤᠯᠤᠰ ᠲᠦᠷᠦ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠪᠠ ᠬᠠᠤᠯᠢ ᠴᠠᠭᠠᠵᠠ ᠶᠢᠨ ᠦᠷ᠎ᠡ ᠪᠦᠲᠦᠮᠵᠢ ᠶᠢᠨ ᠣᠷᠭᠠᠨᠢᠭ ᠨᠢᠭᠡᠳᠦᠯ ᠢ ᠪᠡᠶᠡᠯᠡᠭᠦᠯᠵᠦ᠂ ᠠᠳᠠᠯᠢ ᠲᠦᠷᠦᠯ ᠤᠨ ᠬᠡᠷᠡᠭ ᠢ ᠰᠢᠢᠳᠪᠦᠷᠢᠯᠡᠬᠦ ᠳᠤ ᠯᠠᠪᠯᠠᠯᠲᠠ ᠪᠣᠯᠭᠠᠵᠤ ᠪᠣᠯᠬᠤ ᠦᠢᠯᠡᠳᠦᠯᠭᠡ ᠶᠢᠨ ᠦᠯᠢᠭᠡᠷ ᠬᠡᠪ ᠢ ᠬᠠᠩᠭᠠᠪᠠ᠃
    

ᠢᠷᠡᠯᠲᠡ
ᠬᠦᠬᠡᠬᠣᠲᠡ ᠶᠢᠨ ᠰᠢᠨ᠎ᠡ ᠬᠤᠲᠠ ᠲᠤᠭᠤᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro