ᠵᠣᠭᠤᠰᠤᠨ ᠤᠭᠤᠲᠠ ᠪᠠᠨ ᠰᠠᠬᠢᠵᠦ ᠵᠣᠯ ᠵᠢᠷᠭᠠᠯᠲᠦ ᠭᠡᠷ ᠪᠦᠯᠢ ᠪᠡᠨ ᠰᠠᠶᠢᠲᠦᠷ ᠬᠠᠮᠠᠭᠠᠯᠠᠰᠤᠭᠠᠢ︱ ᠡᠵᠡᠨ ᠬᠣᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠵᠢᠯ ᠦᠨ ᠡᠴᠦᠰ ᠵᠢᠯ ᠦᠨ ᠡᠬᠢᠨ ᠳᠦ ᠬᠠᠤᠯᠢ ᠪᠣᠰᠤ ᠮᠦᠩᠭᠦᠨ ᠭᠦᠢᠯᠭᠡᠭᠡᠨ ᠦ ᠤᠬᠠᠭᠤᠯᠭ᠎ᠠ ᠬᠦᠮᠦᠵᠢᠯ ᠦᠨ ᠠᠵᠢᠯᠯᠠᠭ᠎ᠠ ᠦᠷᠨᠢᠭᠦᠯᠪᠡ
ᠵᠢᠯ ᠤᠨ ᠡᠴᠦᠰ ᠵᠢᠯ ᠤᠨ ᠡᠬᠢᠨ ᠪᠣᠯ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠣᠯᠠᠨ ᠡᠭᠦᠰᠬᠦ ᠬᠤᠭᠤᠴᠠᠭ᠎ᠠ ᠮᠥᠨ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠪᠠ ᠬᠡᠷ ᠪᠦᠯᠢ ᠶᠢᠨ ᠵᠣᠯ ᠵᠢᠷᠭᠠᠯ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ︽ᠵᠤᠭᠤᠰᠤᠨ ᠤᠭᠤᠲᠠ ᠪᠠᠨ ᠰᠠᠬᠢᠵᠤ ᠵᠣᠯ ᠵᠢᠷᠭᠠᠯᠲᠤ ᠬᠡᠷ ᠪᠦᠯᠢ ᠪᠠᠨ ᠰᠠᠶᠢᠲᠤᠷ ᠬᠠᠮᠠᠭᠠᠯᠠᠬᠤ︾ ᠪᠠᠷ ᠭᠤᠤᠯ ᠰᠡᠳᠦᠪ ᠪᠣᠯᠭᠠᠵᠤ᠂ ᠪᠠᠶᠢᠴᠠᠭᠠᠬᠤ ᠠᠵᠢᠯᠲᠠᠨ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ᠂ ᠬᠤᠳᠠᠯᠳᠤᠭᠠᠨ ᠤ ᠲᠣᠭᠤᠷᠢᠭ᠂ ᠨᠠᠰᠤᠲᠠᠶᠢᠴᠤᠳ ᠤᠨ ᠠᠵᠢᠯᠯᠠᠭᠠᠨ ᠤ ᠲᠥᠪ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠲᠤ ᠭᠦᠨᠵᠡᠭᠡᠶᠢᠷᠡᠭᠦᠯᠦᠨ᠂ ᠣᠯᠠᠨ ᠬᠡᠯᠪᠡᠷᠢ ᠶᠢᠨ᠂ ᠪᠦᠬᠦᠨ ᠢ ᠬᠠᠮᠤᠷᠤᠭᠰᠠᠨ ᠬᠠᠤᠯᠢ ᠪᠤᠰᠤ ᠮᠥᠩᠭᠦᠨ ᠭᠦᠢᠯᠭᠡᠭᠡᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠬᠠᠤᠯᠢ ᠪᠠᠷ ᠵᠠᠰᠠᠬᠤ ᠠᠮᠤᠷ ᠲᠦᠪᠰᠢᠨ ᠢ ᠣᠯᠠᠨ ᠲᠦᠮᠡᠨ ᠤ ᠳᠡᠷᠭᠡᠳᠡ ᠬᠦᠷᠭᠡᠭᠰᠡᠨ ᠪᠠᠶᠢᠨ᠎ᠠ᠃
ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠪᠠᠶᠢᠴᠠᠭᠠᠬᠤ ᠠᠵᠢᠯᠲᠠᠨ ᠬᠥᠨᠳᠡᠯᠡᠨ ᠪᠢᠴᠢᠭᠡᠰᠦ ᠡᠯᠭᠦᠬᠦ᠂ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠣᠯᠠᠨ ᠲᠦᠮᠡᠨ ᠲᠠᠢ ᠰᠠᠨᠠᠯ ᠢᠶᠠᠨ ᠰᠣᠯᠢᠯᠴᠠᠪᠠ᠃ ᠨᠠᠰᠤᠲᠠᠶᠢᠴᠤᠳ ᠤᠨ ᠬᠠᠮᠲᠤᠯᠢᠭ ᠲᠤ ᠴᠢᠭᠯᠡᠭᠦᠯᠦᠨ᠂ ︽ᠨᠠᠰᠤᠵᠢᠯ ᠤᠨ ᠠᠰᠠᠷᠠᠮᠵᠢ ᠶᠢᠨ ᠵᠦᠢᠯᠡᠰ ᠤᠨ ᠪᠠᠯᠠ ᠣᠷᠣᠭᠤᠯᠤᠯᠲᠠ︾ ︽ᠰᠦᠢᠳᠭᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠵᠦ ᠪᠡᠯᠡᠭ ᠬᠦᠷᠭᠡᠬᠦ︾ ᠵᠡᠷᠭᠡ ᠦᠷᠭᠦᠯᠵᠢ ᠲᠣᠬᠢᠶᠠᠯᠳᠤᠳᠠᠭ ᠮᠡᠬᠡᠯᠡᠯ ᠤᠨ ᠠᠷᠭ᠎ᠠ ᠵᠠᠮ ᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠲᠥᠬᠦᠮ ᠣᠶᠢᠯᠠᠭᠠᠮᠵᠢᠲᠠᠶ ︽ᠡᠩ ᠤᠨ ᠦᠭᠡ︾ ᠪᠠᠷ ᠮᠡᠬᠡᠯᠡᠯ ᠤᠨ ᠯᠣᠭᠢᠭ ᠢ ᠵᠠᠳᠠᠯᠵᠤ᠂ ᠨᠠᠰᠤᠲᠠᠶᠢᠴᠤᠳ ᠲᠤ ︽ᠥᠨᠳᠥᠷ ᠬᠠᠷᠢᠭᠤ ᠥᠭᠬᠦ ᠠᠮᠠᠯᠠᠯᠲᠠ ᠶᠢ ᠠᠮᠠᠷᠬᠠᠨ ᠢᠲᠡᠭᠡᠵᠦ ᠪᠣᠯᠬᠤ ᠥᠬᠡᠶ᠂ ᠬᠤᠪᠢ ᠬᠥᠮᠦᠨ ᠤ ᠮᠡᠳᠡᠭᠡ ᠵᠠᠩᠭᠢ ᠶᠢ ᠬᠢᠯᠪᠠᠷᠬᠠᠨ ᠢᠶᠠᠷ ᠵᠠᠳᠠᠷᠠᠭᠤᠯᠵᠤ ᠪᠣᠯᠬᠤ ᠥᠬᠡᠶ᠂ ᠰᠣᠬᠤᠷ ᠪᠠᠯᠠᠶ ᠪᠠᠷ ᠲᠠᠩᠰᠠ ᠰᠢᠯᠵᠢᠭᠦᠯᠵᠦ ᠵᠣᠭᠤᠰ ᠭᠤᠪᠢᠭᠤᠯᠬᠤ ᠥᠬᠡᠶ︾ ᠪᠠᠶᠢᠬᠤ ᠶᠢ ᠰᠠᠨᠠᠭᠤᠯᠤᠨ᠎ᠠ︔ ᠬᠥᠯᠥᠰᠥᠨ ᠠᠵᠢᠯ ᠬᠢᠭᠰᠡᠳ ᠪᠠ ᠵᠠᠯᠠᠭᠤᠴᠤᠳ ᠲᠤ ᠬᠠᠨᠳᠤᠭᠤᠯᠤᠨ᠂ ︽ᠴᠥᠷᠬᠡᠯᠡᠭᠡ ᠵᠢᠭᠡᠯᠡᠯᠭᠡ︾᠂ ︽ᠲᠤᠰᠢᠶᠠᠯ ᠬᠠᠪᠰᠤᠷᠭᠠᠵᠤ ᠲᠠᠩᠰᠠ ᠪᠠᠨ ᠵᠠᠷᠤᠵᠤ ᠠᠰᠢᠭ ᠣᠯᠭᠤᠬᠤ︾ ᠵᠡᠷᠭᠡ ᠰᠢᠨ᠎ᠡ ᠬᠡᠯᠪᠡᠷᠢ ᠶᠢᠨ ᠮᠡᠬᠡᠯᠡᠯ ᠤᠨ ᠬᠡᠷᠡᠭ ᠲᠠᠢ ᠤᠶᠠᠯᠳᠤᠭᠤᠯᠤᠨ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠳᠠᠯᠳᠠ ᠴᠢᠨᠠᠷ ᠪᠠ ᠬᠤᠤᠷ ᠬᠥᠨᠥᠭᠡᠯᠲᠦ ᠴᠢᠨᠠᠷ ᠢ ᠰᠠᠨᠠᠭᠤᠯᠵᠤ᠂ ᠣᠶᠤᠨᠴᠢ ᠬᠡᠷᠡᠭᠯᠡᠭᠡ ᠪᠠ ᠪᠠᠯᠠ ᠣᠷᠣᠭᠤᠯᠤᠯᠲᠠ ᠶᠢᠨ ᠣᠶᠢᠯᠠᠭᠠᠭᠳᠠᠬᠤᠨ ᠢ ᠪᠣᠶ ᠪᠣᠯᠭᠠᠬᠤ ᠶᠢ ᠬᠥᠲᠥᠯᠦᠨ ᠵᠢᠯᠣᠭᠤᠳᠪᠠ᠃ ᠠᠵᠢᠯᠯᠠᠭ᠎ᠠ ᠶᠢᠨ ᠳᠤᠮᠳᠠ᠂ ᠪᠠᠶᠢᠴᠠᠭᠠᠬᠤ ᠠᠵᠢᠯᠲᠠᠨ ᠪᠠᠰᠠ ᠣᠯᠠᠨ ᠲᠦᠮᠡᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠬᠠᠯᠳᠠᠯᠭ᠎ᠠ ᠳᠤ ᠤᠴᠠᠷᠠᠭᠰᠠᠨ ᠤ ᠳᠠᠷᠠᠭ᠎ᠠ ᠡᠷᠬᠡ ᠪᠠᠨ ᠬᠡᠷᠬᠢᠨ ᠬᠠᠮᠠᠭᠠᠯᠠᠬᠤ ᠵᠡᠷᠭᠡ ᠠᠰᠠᠭᠤᠯᠲᠠ ᠳᠤ ᠬᠦᠯᠢᠴᠡᠩᠭᠦᠶ ᠪᠠᠷ ᠬᠠᠷᠢᠭᠤᠯᠲᠠ ᠥᠭᠴᠦ᠂ ᠣᠯᠠᠨ ᠲᠦᠮᠡᠨ ᠳᠤ ᠬᠤᠳᠠᠯ ᠬᠠᠭᠤᠷᠮᠠᠭ ᠮᠥᠩᠭᠦᠨ ᠭᠦᠢᠯᠭᠡᠭᠡᠨ ᠤ ᠵᠠᠷ ᠮᠡᠳᠡᠭᠡ ᠶᠢ ᠢᠯᠭᠠᠨ ᠲᠠᠨᠢᠭᠤᠯᠬᠤ ᠶᠢ ᠵᠢᠭᠠᠨ ᠦᠭᠴᠦ᠂12309 ᠪᠠᠶᠢᠴᠠᠭᠠᠬᠤ ᠦᠢᠯᠡᠴᠢᠯᠡᠭᠡᠨ ᠤ ᠬᠠᠯᠠᠭᠤᠨ ᠤᠲᠠᠰᠤ ᠵᠡᠷᠭᠡ ᠢᠯᠡᠴᠢᠯᠡᠨ ᠮᠡᠳᠡᠭᠦᠯᠬᠦ ᠠᠷᠭ᠎ᠠ ᠵᠠᠮ ᠢ ᠲᠦᠭᠡᠮᠡᠯᠵᠢᠭᠦᠯᠵᠦ᠂ ᠨᠡᠶᠢᠳᠡ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ 20 ᠭᠠᠷᠤᠶ ᠬᠥᠮᠦᠨ ᠤᠳᠠᠭ᠎ᠠ ᠳᠤ ᠬᠠᠷᠢᠭᠤᠯᠲᠠ ᠥᠭᠭᠦᠭᠰᠡᠨ ᠪᠠᠶᠢᠨ᠎ᠠ᠃
ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠢᠯᠭᠠᠨ ᠲᠠᠨᠢᠬᠤ ᠴᠢᠳᠠᠪᠤᠷᠢ ᠪᠠ ᠰᠡᠷᠭᠡᠶᠢᠯᠡᠬᠦ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠬᠠᠭᠤᠯᠬᠤ ᠬᠡᠯᠪᠡᠷᠢ ᠶᠢᠨ ᠰᠢᠨ᠎ᠡ ᠶᠢ ᠲᠠᠰᠤᠷᠠᠯᠲᠠ ᠥᠬᠡᠶ ᠡᠭᠦᠳᠴᠦ᠂ ᠤᠬᠠᠭᠤᠯᠬᠤ ᠠᠭᠤᠯᠭ᠎ᠠ ᠪᠠᠨ ᠪᠠᠶᠠᠯᠢᠭᠵᠢᠭᠤᠯᠤᠨ᠎ᠠ᠃ ᠡᠭᠦᠨ ᠤ ᠬᠠᠮᠲᠤ ᠬᠠᠤᠯᠢ ᠪᠤᠰᠤ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠣᠷ︾ ᠢ ᠦᠨᠡᠨ ᠬᠦ ᠨᠢᠭᠲᠠ ᠰᠦᠯᠵᠢᠵᠦ᠂ ᠤᠯᠠᠨ ᠲᠦᠮᠡᠨ ᠤ ︽ᠵᠣᠭᠤᠰᠣᠨ ᠤᠭᠤᠲᠠ︾ ᠶᠢ ᠰᠠᠶᠢᠲᠤᠷ ᠰᠠᠬᠢᠵᠤ᠂ ᠬᠠᠷᠢᠶᠠᠲᠤ ᠣᠷᠣᠨ ᠤ ᠮᠥᠩᠭᠦᠨ ᠭᠦᠢᠯᠭᠡᠭᠡᠨ ᠤ ᠡᠮᠬᠢ ᠵᠢᠷᠤᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠷᠠᠳ ᠤᠯᠠᠨ ᠤ ᠵᠣᠯ ᠵᠢᠷᠭᠠᠯᠲᠤ ᠠᠮᠢᠳᠤᠷᠠᠯ ᠢ ᠪᠠᠲᠤᠯᠠᠬᠤ ᠳᠤ ᠪᠠᠶᠢᠴᠠᠭᠠᠬᠤ ᠬᠦᠴᠦᠨ ᠢᠶᠠᠨ ᠡᠷᠭᠦᠨ᠎ᠡ᠃
