ᠮᠡᠬᠡᠯᠡᠯ
ᠴᠢ᠊ ᠤᠪᠤᠭᠲᠤ ᠦᠪᠡᠷ ᠢᠶᠠᠨ ᠬᠠᠷᠢᠴᠠᠭ᠎ᠠ ᠦᠷᠭᠡᠨ᠂ ᠬᠦᠮᠦᠨ ᠤᠯᠵᠤ ᠬᠠᠪᠰᠤᠷᠤᠯᠭ᠎ᠠ ᠦᠵᠡᠭᠦᠯᠵᠦ ᠳᠡᠶᠢᠯᠤᠨ᠎ᠡ ᠬᠡᠮᠡᠨ ᠬᠤᠤᠷᠯᠠᠭᠳᠠᠭᠴᠢ ᠶᠢᠨ 210 ᠲᠦᠮᠡᠨ ᠲᠦᠭᠦᠷᠢᠭ ᠢ ᠮᠡᠬᠡᠯᠡᠪᠡ᠃ ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠲᠤᠰ ᠬᠡᠷᠡᠭ ᠢ ᠠᠯᠪᠠᠨ ᠵᠠᠭᠠᠯᠳᠤᠯᠭ᠎ᠠ ᠬᠢᠵᠦ᠂ ᠦᠤᠰᠢᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠴᠢ᠊ ᠤᠪᠤᠭᠲᠤ ᠶᠢ ᠮᠡᠬᠡᠯᠡᠭᠰᠡᠨ ᠶᠠᠯ᠎ᠠ ᠪᠠᠷ ᠠᠷᠪᠠᠨ ᠵᠢᠯ ᠵᠢᠷᠭᠤᠭᠠᠨ ᠰᠠᠷ᠎ᠠ ᠬᠤᠭᠤᠴᠠᠭ᠎ᠠ ᠲᠠᠢ ᠬᠤᠷᠢᠵᠦ᠂ 10 ᠲᠦᠮᠡᠨ ᠲᠦᠭᠦᠷᠢᠭ ᠶᠠᠯᠠᠳᠠᠵᠤ ᠨᠡᠶᠢᠯᠡᠭᠦᠯᠦᠨ ᠰᠢᠢᠳᠭᠡᠬᠦ ᠪᠠᠷ ᠰᠢᠭᠦᠨ ᠳᠠᠰᠤᠯᠪᠠ᠃
2022 ᠣᠨ ᠤ 6 ᠳ᠋ᠤᠭᠠᠷ ᠰᠠᠷ᠎ᠠ ᠳᠤ᠂ ᠰᠢᠩ ᠤᠪᠤᠭᠲᠤ ᠶᠢ ᠡᠷᠡᠭᠦᠦ ᠶᠢᠨ ᠬᠡᠷᠡᠭ ᠢᠶᠠᠷ ᠦᠤᠰᠢᠨ ᠬᠤᠰᠢᠭᠤᠨ ᠤ ᠲᠤᠲᠤᠭᠠᠳᠤ ᠶᠢ ᠬᠠᠮᠠᠭᠠᠯᠠᠬᠤ ᠳᠤᠪᠴᠢᠶ᠎ᠠ ᠬᠡᠷᠡᠭ ᠪᠣᠯᠭᠠᠨ ᠳᠣᠷᠰᠢᠨ ᠪᠠᠶᠢᠴᠠᠭᠠᠭᠰᠠᠨ ᠳᠤ ᠰᠢᠩ ᠤᠪᠤᠭᠲᠤ ᠰᠠᠨᠳᠤᠷᠴᠤ᠂ ᠰᠤᠷᠠᠭ ᠠᠴᠠ ᠰᠤᠨᠤᠰᠬᠤ ᠳᠤ ᠴᠢ᠊ ᠤᠪᠤᠭᠲᠤ ︽ᠬᠠᠷᠢᠴᠠᠭ᠎ᠠ ᠦᠷᠭᠡᠨ︾ ᠭᠡᠰᠡᠨ ᠢ ᠮᠡᠳᠡᠭᠡᠳ ᠲᠡᠭᠦᠨ ᠲᠠᠢ ᠬᠠᠷᠢᠯᠴᠠᠨ ᠲᠤᠰ ᠬᠡᠷᠡᠭ ᠠᠴᠠ ᠬᠡᠯᠲᠤᠷᠡᠭᠦᠯᠬᠦ ᠪᠤᠶᠤ ᠡᠰᠡᠬᠦᠯ᠎ᠡ ᠬᠦᠩᠭᠡᠷᠡᠭᠦᠯᠦᠨ ᠰᠢᠢᠳᠭᠡᠭᠦᠯᠬᠦ ᠪᠠᠷ ᠬᠡᠯᠡᠭᠰᠡᠨ ᠳᠤ ᠲᠡᠷᠡ ᠠᠮᠠ ᠪᠠᠷᠳᠠᠮ ᠵᠦᠪᠰᠢᠶᠡᠷᠡᠵᠦ᠄ ︽ᠮᠢᠨᠤ ᠪᠠᠭ᠎ᠠ ᠶᠢᠨ ᠨᠠᠶᠢᠵᠠ ᠲᠦᠪ ᠤᠨ ᠨᠢᠭᠡᠨ ᠪᠠᠶᠢᠭᠤᠯᠭ᠎ᠠ ᠳᠤ ᠠᠵᠢᠯᠯᠠᠵᠤ ᠪᠠᠶᠢᠭ᠎ᠠ ᠪᠦᠭᠡᠳ ᠪᠢ ᠪᠠᠰᠠ ᠤᠯᠠᠨ ᠪᠠᠶᠢᠭᠤᠯᠭ᠎ᠠ ᠶᠢᠨ ᠳᠠᠷᠤᠭ᠎ᠠ ᠨᠠᠷ ᠲᠠᠢ ᠲᠠᠨᠢᠯᠴᠠᠨ᠎ᠠ᠃ ᠪᠢ ᠴᠢᠮ᠎ᠡ ᠶᠢ ᠬᠠᠪᠰᠤᠷᠤᠨ ᠬᠦᠮᠦᠨ ᠣᠯᠵᠤ ᠦᠭᠭᠦᠶ᠎ᠡ︾ ᠭᠡᠪᠡ᠃ 2022 ᠣᠨ ᠤ 7 ᠳ᠋ᠤᠭᠠᠷ ᠰᠠᠷ᠎ᠠ ᠳᠤ᠂ ᠰᠢᠩ ᠤᠪᠤᠭᠲᠤ ᠶᠢ ᠡᠷᠡᠭᠦᠦ ᠶᠢᠨ ᠬᠡᠷᠡᠭ ᠢᠶᠠᠷ ᠲᠦᠷ ᠬᠤᠷᠢᠭᠰᠠᠨ ᠤ ᠳᠠᠷᠠᠭ᠎ᠠ᠂ ᠡᠬᠡᠨᠡᠷ ᠨᠢ ᠬᠤᠸᠠᠩ ᠤᠪᠤᠭᠲᠤ ᠴᠢ᠊ ᠤᠪᠤᠭᠲᠤ ᠶᠢ ᠡᠷᠢᠵᠦ ᠲᠤᠰ ᠬᠡᠷᠡᠭ ᠢ ᠵᠦᠪᠳᠡᠯᠴᠡᠬᠦ ᠦᠶ᠎ᠡ ᠳᠤ ᠴᠢ᠊ ᠤᠪᠤᠭᠲᠤ᠄ ︽ᠵᠤᠬᠢᠬᠤ ᠬᠡᠮᠵᠢᠶᠡᠨ ᠤ ᠵᠤᠭᠤᠰ ᠬᠡᠷᠡᠭᠴᠡᠭᠡ ᠲᠠᠢ︾ ᠭᠡᠰᠡᠨ ᠳᠤ᠂ ᠬᠤᠸᠠᠩ ᠤᠪᠤᠭᠲᠤ ᠤᠳᠠᠭ᠎ᠠ ᠳᠠᠷᠠᠭᠠᠯᠠᠨ ᠴᠢ᠊ ᠤᠪᠤᠭᠲᠤ ᠳᠤ 140 ᠲᠦᠮᠡᠨ ᠲᠦᠭᠦᠷᠢᠭ ᠢ ᠦᠭᠪᠡ᠃ 8 ᠳ᠋ᠤᠭᠠᠷ ᠰᠠᠷ᠎ᠠ ᠳᠤ ᠰᠢᠩ ᠤᠪᠤᠭᠲᠤ ᠶᠢ ᠡᠷᠡᠭᠦᠦ ᠶᠢᠨ ᠬᠡᠷᠡᠭ ᠤᠨ ᠰᠡᠵᠢᠭᠯᠡᠭᠳᠡᠭᠴᠢ ᠪᠠᠷ ᠪᠠᠷᠢᠪᠴᠢᠯᠠᠭᠰᠠᠨ ᠳᠤ ᠴᠢ᠊ ᠤᠪᠤᠭᠲᠤ ᠦᠷᠭᠦᠯᠵᠢᠯᠡᠨ ᠵᠤᠭᠤᠰ ᠵᠠᠷᠤᠬᠤ ᠴᠢᠬᠤᠯᠠᠲᠠᠢ ᠭᠡᠰᠡᠨ ᠳᠤ ᠬᠤᠸᠠᠩ ᠤᠪᠤᠭᠲᠤ ᠪᠠᠰᠠ 70 ᠲᠦᠮᠡᠨ ᠲᠦᠭᠦᠷᠢᠭ ᠦᠭᠪᠡ᠃ ᠡᠭᠦᠨ ᠤ ᠳᠠᠷᠠᠭ᠎ᠠ ᠬᠤᠸᠠᠩ ᠤᠪᠤᠭᠲᠤ ᠤᠯᠠᠨ ᠤᠳᠠᠭ᠎ᠠ ᠴᠢ᠊ ᠤᠪᠤᠭᠲᠤ ᠠᠴᠠ ᠪᠠᠶᠢᠳᠠᠯ ᠢ ᠠᠰᠠᠭᠤᠭᠰᠠᠨ ᠳᠤ᠄ ︽ᠶᠠᠭ ᠴᠢᠷᠮᠠᠶᠢᠨ ᠰᠢᠢᠳᠪᠦᠷᠢᠯᠡᠵᠦ ᠪᠠᠶᠢᠨ᠎ᠠ︕ ᠨᠡᠯᠢᠶᠡᠳ ᠰᠠᠶᠢᠨ ᠬᠠᠨᠳᠤᠰᠢ ᠲᠠᠢ᠃ ᠨᠢᠭᠡᠨ ᠴᠢᠬᠤᠯᠠ ᠳᠠᠷᠤᠭ᠎ᠠ ᠳᠤ ᠨᠢᠭᠡᠨᠲᠡ ᠬᠡᠯᠡᠴᠢᠬᠡᠭᠰᠡᠨ︾ ᠭᠡᠳ ᠪᠠᠶᠢᠪᠠ᠃
2024 ᠣᠨ ᠤ 12 ᠳ᠋ᠤᠭᠠᠷ ᠰᠠᠷ᠎ᠠ ᠳᠤ᠂ ᠰᠢᠩ ᠤᠪᠤᠭᠲᠤ ᠶᠢ ᠦᠤᠰᠢᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠦᠷᠪᠡᠨ ᠵᠢᠯ ᠬᠤᠭᠤᠴᠠᠭ᠎ᠠ ᠲᠠᠢ ᠬᠤᠷᠢᠵᠦ᠂ 50 ᠲᠦᠮᠡᠨ ᠲᠦᠭᠦᠷᠢᠭ ᠶᠠᠯᠠᠳᠠᠬᠤ ᠪᠠᠷ ᠨᠡᠶᠢᠯᠡᠭᠦᠯᠦᠨ ᠰᠢᠳᠬᠡᠪᠡ᠃ ᠡᠨᠡ ᠦᠶ᠎ᠡ ᠰᠡᠶ᠋ᠢ ᠬᠤᠸᠠᠩ ᠤᠪᠤᠭᠲᠤ ᠮᠡᠬᠡᠯᠡᠭᠳᠡᠭᠰᠡᠨ ᠢᠶᠠᠨ ᠮᠡᠳᠡᠷᠡᠵᠦ ᠴᠢ᠊ ᠤᠪᠤᠭᠲᠤ ᠲᠠᠢ ᠬᠠᠷᠢᠯᠴᠠᠭᠰᠠᠨ ᠴᠤ ᠤᠲᠠᠰᠤ ᠨᠢᠭᠡᠨᠲᠡ ᠨᠡᠪᠲᠡᠷᠡᠬᠦ ᠪᠠᠨ ᠪᠤᠯᠢᠭᠰᠠᠨ ᠪᠤᠯᠬᠤᠷ᠂ 2025 ᠣᠨ ᠤ 4 ᠳ᠋ᠤᠭᠡᠷ ᠰᠠᠷ᠎ᠠ ᠳᠤ ᠲᠤᠲᠤᠭᠠᠳᠤ ᠶᠢ ᠬᠠᠮᠠᠭᠠᠯᠠᠬᠤ ᠳᠤᠪᠴᠢᠶᠠᠨ ᠳᠤ ᠬᠡᠷᠡᠭ ᠮᠡᠳᠡᠭᠦᠯᠪᠡ᠃ ᠪᠠᠶᠢᠴᠠᠭᠠᠭᠰᠠᠨ ᠢᠶᠠᠷ᠂ ᠴᠢ᠊ ᠤᠪᠤᠭᠲᠤ ᠮᠡᠬᠡᠯᠡᠵᠦ ᠠᠪᠴᠢᠷᠠᠭᠰᠠᠨ ᠵᠤᠭᠤᠰ ᠢᠶᠠᠨ ᠰᠦᠯᠵᠢᠶᠡᠨ ᠤ ᠤᠬᠠᠭᠤᠯᠤᠭᠴᠢ ᠶᠢ ᠱᠠᠩᠨᠠᠬᠤ ᠪᠠ ᠦᠪᠡᠷ ᠢᠶᠠᠨ ᠵᠠᠷᠤᠵᠤ ᠳᠠᠭᠤᠰᠬᠠᠪᠠ᠃ ᠭᠡᠷᠡᠴᠢ ᠪᠠᠷᠢᠮᠲᠠ ᠶᠢᠨ ᠡᠮᠤᠨ᠎ᠡ ᠴᠢ᠊ ᠤᠪᠤᠭᠲᠤ ᠶᠠᠯ᠎ᠠ ᠬᠢᠭᠰᠡᠨ ᠢᠶᠠᠨ ᠪᠦᠷᠢᠨ ᠮᠡᠳᠡᠷᠡᠵᠦ᠂ 2025 ᠣᠨ ᠤ 9 ᠳ᠋ᠤᠭᠡᠷ ᠰᠠᠷ᠎ᠠ ᠳᠤ ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠶᠤᠰᠤᠭᠠᠷ ᠠᠯᠪᠠᠨ ᠵᠠᠭᠠᠯᠳᠤᠯᠭ᠎ᠠ ᠬᠢᠪᠡ᠃
ᠮᠡᠬᠡᠯᠡᠭᠳᠡᠬᠦ ᠠᠴᠠ ᠴᠢ ᠪᠢᠳᠠ ᠴᠠᠭ ᠢᠮᠠᠭᠲᠠ ᠬᠡᠷᠰᠡᠤᠯᠡᠵᠦ ᠶᠠᠪᠤᠴᠢᠬᠠᠶ᠎ᠠ︕ ᠭᠦᠴᠢᠷ ᠲᠦᠪᠡᠭ ᠳᠤᠬᠢᠶᠠᠯᠳᠤᠪᠠᠯ ᠶᠠᠭᠤᠨ ᠤ ᠤᠷᠢᠳᠠ ᠬᠡᠷᠰᠡᠤ ᠪᠤᠯᠭᠤᠮᠵᠢᠲᠡᠢ ᠪᠠᠶᠢᠵᠤ᠂ ᠭᠡᠷᠬᠢᠨ ᠰᠢᠢᠳᠪᠦᠷᠢᠯᠡᠬᠦ ᠪᠠᠨ ᠳᠤᠩᠭᠠᠭᠠᠵᠤ᠂ ᠵᠠᠷᠢᠮ ᠶᠠᠪᠤᠳᠠᠯ ᠢ ᠨᠢᠭᠡᠨᠲᠡ ᠬᠢᠭᠰᠡᠨ ᠪᠤᠯ ᠲᠤᠭᠤᠷᠢᠵᠤ ᠭᠠᠷᠬᠤ ᠪᠤᠯᠤᠮᠵᠢ ᠦᠭᠡᠢ ᠪᠤᠯ ᠲᠤᠭᠤᠯᠵᠤ ᠯᠠ ᠭᠠᠷᠬᠤ ᠬᠡᠷᠡᠭᠲᠡᠢ᠃ ᠬᠠᠤᠯᠢ ᠶᠢ ᠰᠤᠷᠴᠤ᠂ ᠬᠠᠤᠯᠢ ᠶᠢ ᠰᠠᠬᠢᠵᠦ᠂ ᠬᠠᠤᠯᠢ ᠶᠢ ᠬᠡᠷᠡᠭᠯᠡᠪᠡᠯ ᠰᠡᠶ᠋ᠢ ᠮᠡᠬᠡᠯᠡᠯ ᠲᠠᠨ ᠠᠴᠠ ᠬᠤᠯᠠ ᠪᠠᠶᠢᠬᠤ ᠪᠤᠯᠤᠨ᠎ᠠ᠃
