ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠠᠥᠯᠢ ᠪᠠᠷ ᠵᠠᠰᠠᠬᠤ ᠳᠡᠳ᠋ ᠵᠠᠬᠢᠷᠤᠯ ︽ᠡᠪᠦᠯ ᠦᠨ ᠠᠮᠠᠷᠠᠯᠲᠠ  ᠶᠢᠨ ᠠᠮᠤᠷ ᠲᠦᠪᠰᠢᠨ ᠦ  ᠮᠠᠩᠨᠤᠭ ᠬᠠᠪᠲᠠᠭ᠎ᠠ︾ ᠬᠦᠷᠭᠡᠪᠡ

2026-03-06 16:18:07
ᠵᠣᠬᠢᠶᠠᠭᠴᠢ
ᠶᠢᠷᠲᠢᠨᠴᠦ

 

ᠨᠠᠰᠤᠨ ᠳᠤ ᠦᠯᠤ ᠬᠥᠷᠦᠭᠰᠡᠳ ᠦᠨ ᠦᠰᠦᠨ ᠪᠣᠶᠢᠵᠢᠯᠲᠠ ᠶᠢ ᠬᠠᠯᠠᠮᠵᠢᠯᠠᠨ ᠬᠠᠶᠢᠷᠠᠯᠠᠬᠤ ᠳᠤ ᠤᠷᠢᠳᠴᠢᠯᠠᠨ ᠰᠡᠷᠭᠡᠶᠢᠯᠡᠬᠦ ᠪᠡᠷ ᠭᠣᠣᠯ ᠪᠣᠯᠭᠠᠨ᠂ ᠬᠠᠮᠠᠭᠠᠯᠠᠯᠲᠠ ᠶᠢᠨ ᠪᠣᠭᠣᠮᠲᠠ ᠶᠢ ᠤᠷᠤᠭᠰᠢ ᠰᠢᠯᠵᠢᠭᠦᠯᠬᠦ ᠶᠢ ᠪᠠᠷᠢᠮᠲᠠᠯᠠᠵᠤ᠂ ᠬᠡᠸᠬᠡᠳ ᠦᠨ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠂ ᠣᠶᠢᠷ᠎ᠠ ᠳᠤ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠶᠢᠨ ᠠᠵᠢᠯᠲᠠᠳ ᠰᠢᠨᠢ ᠵᠡᠭᠡᠯᠢ ᠶᠢᠨ ᠪᠠᠶᠠᠨ ᠨᠡᠶᠢᠭᠡᠮ ᠲᠣᠭᠣᠷᠢᠭ ᠲᠤ ᠬᠦᠷᠴᠦ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠩᠭᠢ ᠶᠢᠨ ᠨᠠᠰᠤᠨ ᠳᠤ ᠥᠯᠥ ᠭᠦᠷᠦᠭᠰᠡᠳ ᠲᠦ ︽ ᠬᠠᠸᠯᠢ ᠪᠠᠷ ᠵᠠᠰᠠᠬᠤ ᠪᠠᠭ᠎ᠠ ᠬᠢᠴᠢᠶᠡᠯ ᠦᠨ ᠲᠠᠩᠬᠢᠮ ︾ ᠤᠨ ᠬᠠᠸᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠦᠨ ᠠᠵᠢᠯᠯᠠᠭ᠎ᠠ ᠥᠷᠨᠢᠭᠦᠯᠵᠦ ᠂ ᠨᠠᠰᠤᠨ ᠳᠤ ᠥᠯᠥ ᠭᠦᠷᠦᠭᠰᠡᠳ ᠦᠨ ᠬᠠᠸᠯᠢ ᠪᠠᠷ ᠵᠠᠰᠠᠬᠤ ᠤᠬᠠᠮᠰᠠᠷ ᠪᠠ ᠥᠪᠡᠷ ᠢ ᠪᠡᠨ ᠬᠠᠮᠠᠭᠠᠯᠠᠬᠤ ᠴᠢᠳᠠᠪᠤᠷᠢ ᠶᠢ ᠴᠢᠩᠭᠠᠳᠬᠠᠪᠠ ᠃

 

 

ᠬᠠᠥᠯᠢ ᠪᠠᠷ ᠵᠠᠰᠠᠬᠤ ᠳᠡᠳ᠋ ᠵᠠᠬᠢᠷᠤᠯ ᠶᠢᠷᠲᠢᠨᠴᠦ ᠨᠡᠶᠢᠭᠡᠮ ᠲᠣᠭᠣᠷᠢᠭ ᠲᠤ ᠬᠦᠷᠴᠦ᠂ ︽ᠪᠠᠶᠠᠷ ᠬᠦᠷ ᠲᠡᠶ ᠪᠠᠭ᠎ᠠ ᠨᠠᠰᠤ ᠪᠠᠨ ᠰᠠᠬᠢᠨ ᠬᠠᠮᠠᠭᠠᠯᠠᠵᠤ᠂ ᠠᠮᠤᠷ ᠲᠦᠪᠰᠢᠨ ᠦ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠤᠶ᠎ᠠ︾ ᠭᠡᠬᠦ ᠭᠣᠣᠯ ᠰᠡᠳᠦᠪ ᠢᠶᠡᠷ ᠰᠤᠷᠤᠭᠴᠢᠳ ᠲᠤ ᠨᠢᠭᠡᠨ ᠣᠳᠠᠭᠠᠨ ᠤ  ᠵᠢᠩᠬᠢᠨᠢ ᠮᠡᠳᠡᠯᠭᠡ ᠳᠦᠭᠦᠷᠡᠩ᠂ ᠠᠯᠤᠰ ᠬᠡᠳᠦ ᠶᠢᠨ ᠠᠴᠢ ᠬᠣᠯᠪᠣᠭᠳᠠᠯ ᠲᠠᠶ ᠬᠠᠥᠯᠢ ᠪᠠᠷ ᠵᠠᠰᠠᠬᠤ ᠤᠬᠠᠭᠤᠯᠤᠨ ᠲᠠᠶᠢᠯᠪᠤᠷᠢᠯᠠᠬᠤ ᠬᠢᠴᠢᠶᠡᠯ  ᠤᠷᠤᠪᠠ᠃

ᠬᠢᠴᠢᠶᠡᠯ ᠦᠨ ᠲᠠᠩᠬᠢᠮ ᠳᠤ᠂ ᠬᠠᠥᠯᠢ ᠪᠠᠷ ᠵᠠᠰᠠᠬᠤ ᠳᠡᠳ᠋ ᠵᠠᠬᠢᠷᠤᠯ ᠶᠢᠷᠲᠢᠨᠴᠦ ᠨᠠᠰᠤᠨ ᠳᠤ ᠥᠯᠥ ᠭᠦᠷᠦᠭᠰᠡᠳ ᠦᠨ ᠦᠰᠦᠨ ᠪᠣᠶᠢᠵᠢᠯᠲᠠ ᠶᠢᠨ ᠣᠨᠴᠠᠯᠢᠭ ᠪᠠ ᠠᠮᠢᠳᠤᠷᠠᠯ ᠤᠨ ᠪᠣᠳᠠᠲᠤ ᠪᠠᠶᠢᠳᠠᠯ ᠲᠠᠶ ᠤᠶᠠᠯᠳᠤᠭᠤᠯᠤᠨ᠂ ᠰᠦᠯᠵᠢᠶᠡᠨ ᠦ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠂ ᠢᠳᠡᠭᠡᠨ ᠦ ᠠᠮᠤᠷ ᠲᠦᠪᠰᠢᠨ ᠵᠡᠷᠭᠡ ᠭᠤᠷᠪᠠᠨ ᠲᠠᠯ᠎ᠠ ᠠᠴᠠ ᠦᠨᠡᠨ ᠪᠣᠳᠠᠲᠠᠶ ᠬᠡᠷᠡᠭ ᠦᠨ ᠵᠢᠱᠢᠶ᠎ᠡ ᠂ ᠬᠠᠸᠯᠢ ᠴᠠᠭᠠᠵᠠ ᠶᠢᠨ ᠵᠦᠶᠯ ᠵᠤᠷᠪᠤᠰ ᠪᠠ ᠪᠣᠳᠠᠲᠤ ᠬᠡᠷᠡᠭᠯᠡᠭᠡᠨ ᠦ ᠤᠷ᠎ᠠ ᠮᠡᠷᠭᠡᠵᠢᠯ ᠢᠶᠡᠷ ᠰᠤᠷᠤᠭᠴᠢᠳ ᠲᠤ ᠠᠮᠤᠷ ᠲᠦᠪᠰᠢᠨ ᠦ ᠬᠠᠮᠠᠭᠠᠯᠠᠯᠲᠠ ᠶᠢᠨ ᠪᠥᠬᠥ ᠲᠠᠯ᠎ᠠ ᠶᠢᠨ ᠲᠣᠸᠷ ᠢ ᠪᠠᠶᠢᠭᠤᠯᠵᠤ ᠥᠭᠭᠦᠭᠰᠡᠨ ᠪᠠᠶᠢᠨ᠎ᠠ ᠃ ᠰᠦᠯᠵᠢᠶᠡᠨ ᠦ ᠠᠮᠤᠷ ᠲᠦᠪᠰᠢᠨ ᠦ ᠮᠡᠳᠡᠯᠭᠡ ᠨᠢ ᠴᠠᠬᠢᠯᠭᠠᠨ ᠬᠣᠯᠪᠣᠭᠠᠨ ᠤ ᠮᠡᠬᠡᠯᠡᠯ ᠦᠨ ᠬᠣᠣᠷ ᠬᠥᠨᠥᠭᠡᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠵᠠᠳᠠᠯᠤᠨ ᠰᠢᠨᠵᠢᠯᠡᠬᠦ ᠶᠢᠨ ᠬᠠᠮᠲᠤ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠢ᠎ᠡ ᠳᠤᠷᠠᠳᠪᠠ᠃ ᠵᠠᠮ ᠬᠠᠷᠢᠯᠴᠠᠭᠠᠨ ᠤ ᠠᠮᠤᠷ ᠲᠦᠪᠰᠢᠨ ᠦ ᠮᠡᠳᠡᠯᠭᠡ ᠶᠢᠨ ᠡᠰᠢ ᠲᠠᠲᠠᠭᠰᠠᠨ ᠡ᠊ᠨᠳᠡᠯ ᠦᠨ ᠬᠡᠷᠡᠭ ᠦᠨ ᠵᠢᠱᠢᠶ᠎ᠡ ᠳᠦ ᠬᠠᠤᠯᠢ ᠴᠠᠭᠠᠵᠠ ᠶᠢᠨ ᠤᠯᠠᠭᠠᠨ ᠱᠤᠭᠤᠮ ᠢ ᠳᠣᠲᠣᠷᠬᠠᠢᠯᠠᠪᠠ᠃ ᠢᠳᠡᠭᠡᠨ ᠦ ᠠᠮᠤᠷ ᠲᠦᠪᠰᠢᠨ ᠦ ᠮᠡᠳᠡᠯᠭᠡ ᠳᠦ ᠬᠤᠳᠠᠯᠳᠤᠨ ᠠᠪᠬᠤ ᠤᠷ᠎ᠠ ᠳᠡᠮ ᠢ ᠳᠤᠷᠠᠳᠬᠤ ᠶᠢᠨ ᠬᠠᠮᠲᠤ  ᠰᠠᠶᠢᠨ ᠰᠠᠶᠢᠬᠠᠨ ᠢᠳᠡᠭᠡᠨ ᠤᠮᠳᠠᠭᠠᠨ ᠤ ᠳᠠᠳᠬᠠᠯ ᠢ ᠪᠤᠢ ᠪᠣᠯᠭᠠᠬᠤ ᠶᠢ ᠰᠠᠨᠠᠭᠠᠴᠢᠯᠠᠵᠤ᠂ ᠠᠮᠤᠷ ᠲᠦᠪᠰᠢᠨ ᠦ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠡᠬᠢᠵᠢᠭᠦᠯᠪᠡ᠃

ᠳᠣᠬᠠᠢ ᠶᠢᠨ ᠲᠠᠯᠠᠪᠣᠷ ᠲᠤ ᠤᠬᠠᠭᠤᠯᠤᠨ ᠲᠠᠶᠢᠯᠪᠤᠷᠢᠯᠠᠭᠰᠠᠨ ᠬᠡᠷᠡᠭ ᠦᠨ ᠵᠢᠱᠢᠢ᠎ᠡ ᠨᠢ ᠰᠢᠨ᠎ᠡ ᠰᠣᠷᠭᠣᠭ᠂ ᠠᠭᠤᠯᠭ᠎ᠠ ᠨᠢ ᠨᠠᠷᠢᠨ ᠪᠣᠳᠠᠲᠠᠢ᠂ ᠬᠠᠤᠯᠢ ᠴᠠᠭᠠᠵᠠ ᠶᠢᠨ ᠮᠡᠳᠡᠯᠭᠡ ᠳᠤ ᠣᠨᠣᠪᠴᠢᠲᠠᠢ ᠲᠠᠶᠢᠯᠤᠮᠵᠢ ᠬᠢᠭᠰᠡᠨ ᠮᠥᠷᠲᠡᠭᠡᠨ ᠪᠠᠰᠠ ᠪᠣᠳᠠᠲᠠᠢ ᠪᠣᠯᠪᠠᠰᠤᠷᠠᠯ ᠤᠨ ᠤᠷ᠎ᠠ ᠴᠢᠳᠠᠪᠤᠷᠢ ᠶᠢᠨ ᠨᠠᠷᠢᠨ ᠵᠢᠯᠤᠭᠤᠳᠤᠯᠭ᠎ᠠ ᠬᠢᠵᠦ᠂ ᠨᠡᠩ ᠴᠤ ᠵᠠᠯᠠᠭᠣ ᠪᠠᠭᠠᠴᠤᠳ ᠤᠨ ᠡᠷᠡᠭᠦᠯ ᠢᠶᠡᠷ ᠦᠰᠦᠨ ᠪᠣᠶᠢᠵᠢᠬᠤ ᠳᠤ ᠭᠦᠨ ᠵᠤᠵᠠᠭᠠᠨ ᠬᠠᠶᠢᠷ᠎ᠠ ᠬᠠᠯᠠᠮᠵᠢ  ᠬᠠᠩᠭᠠᠰᠠᠨ ᠪᠠᠶᠢᠨ᠎ᠠ᠃ ᠰᠤᠷᠤᠭᠴᠢᠳ ᠨᠠᠷᠢᠨ ᠬᠢᠨᠠᠮᠠᠭᠠᠢ ᠰᠣᠨᠣᠰᠴᠤ᠂ ᠢᠳᠡᠪᠬᠢᠲᠡᠢ ᠰᠡᠳᠬᠢᠨ ᠪᠣᠳᠣᠯᠬᠢᠯᠠᠵᠤ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠨ᠂ ᠡᠳᠦᠷ ᠳᠤᠳᠤᠮ ᠤᠨ ᠰᠤᠷᠤᠯᠴᠠᠯᠭ᠎ᠠ ᠠᠮᠢᠳᠤᠷᠠᠯ ᠤᠨ ᠳᠤᠮᠳᠠᠬᠢ ᠳᠠᠯᠳᠠ ᠠᠶᠤᠯ ᠲᠦᠭᠰᠢᠭᠦᠷᠢ ᠶᠢ ᠲᠣᠳᠣᠷᠬᠠᠢ ᠲᠠᠨᠢᠭᠰᠠᠨ ᠢᠶᠠᠷ ᠪᠠᠷᠠᠬᠤ ᠦᠭᠡᠢ᠂ ᠨᠡᠩ ᠴᠤ ᠬᠠᠤᠯᠢ ᠴᠠᠭᠠᠵᠠ ᠶᠢᠨ ᠵᠡᠪᠰᠡᠭ ᠢᠶᠡᠷ ᠥᠪᠡᠷ ᠢ ᠪᠡᠨ ᠬᠠᠮᠠᠭᠠᠯᠠᠬᠤ ᠶᠢ ᠰᠤᠷᠴᠤ᠂ ᠰᠣᠷᠣᠭᠰᠠᠨ ᠮᠡᠳᠡᠯᠭᠡ ᠪᠡᠨ ᠰᠡᠳᠬᠢᠯ ᠳᠡᠭᠡᠨ ᠪᠠᠲᠤ ᠴᠡᠭᠡᠵᠢᠯᠡᠵᠦ᠂ ᠪᠣᠳᠠᠲᠤ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠠᠢ᠃

ᠲᠠᠷᠠᠭᠠᠴᠢ ᠶᠢᠨ ᠠᠯᠬᠤᠮ ᠳᠤ ᠂ ᠲᠡᠯᠡᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠠᠰᠤᠨ ᠳᠤ ᠥᠯᠥ ᠭᠦᠷᠦᠭᠰᠡᠳ ᠦᠨ ᠬᠠᠸᠯᠢ ᠪᠠᠷ ᠵᠠᠰᠠᠬᠤ ᠬᠡᠷᠡᠭᠴᠡᠭᠡ ᠳᠦ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ ᠂ ᠨᠡᠶᠢᠭᠡᠮ ᠲᠣᠭᠣᠷᠢᠭ ᠂ ᠰᠤᠷᠭᠠᠭᠤᠯᠢ ᠯᠤᠭ᠎ᠠ ᠶᠢᠨ ᠬᠠᠮᠲᠤᠷᠠᠭᠰᠠᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠂ ᠣᠯᠠᠨ ᠬᠡᠯᠪᠡᠷᠢ ᠶᠢᠨ ᠬᠠᠸᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ ᠂ ᠨᠠᠰᠤᠨ ᠳᠤ ᠥᠯᠥ ᠭᠦᠷᠦᠭᠰᠡᠳ ᠦᠨ ᠬᠠᠸᠯᠢ ᠪᠠᠷ ᠵᠠᠰᠠᠬᠤ ᠬᠥᠮᠦᠵᠢᠯ ᠦᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠂ ᠬᠠᠸᠯᠢ ᠪᠠᠷ ᠵᠠᠰᠠᠬᠤ ᠵᠣᠷᠢᠭ ᠰᠠᠨᠠᠭ᠎ᠠ ᠶᠢ ᠨᠠᠩ ᠣᠯᠠᠨ ᠬᠡᠷ ᠪᠦᠯᠢ ᠳᠦ ᠨᠡᠪᠴᠢᠭᠦᠯᠵᠦ ᠂ ᠬᠠᠸᠯᠢ ᠪᠠᠷ ᠵᠠᠰᠠᠬᠤ ᠲᠡᠯᠡᠳ ᠬᠣᠰᠢᠭᠣ ᠶᠢ ᠪᠥᠲᠥᠭᠡᠨ ᠪᠠᠶᠢᠭᠤᠯᠬᠤ ᠂ ᠵᠠᠯᠠᠭᠣ ᠪᠠᠭᠠᠴᠤᠳ ᠤᠨ ᠡᠷᠡᠭᠦᠯ ᠢᠶᠡᠷ ᠦᠰᠦᠨ ᠪᠣᠶᠢᠵᠢᠬᠤ ᠶᠢ ᠬᠠᠮᠠᠭᠠᠯᠠᠬᠤ ᠳᠤ ᠥᠨᠢ ᠤᠳᠠᠭᠠᠨ ᠤ ᠬᠦᠴᠦᠨ ᠴᠢᠳᠠᠯ ᠢᠶᠠᠨ ᠨᠡᠮᠡᠷᠢᠯᠡᠨ᠎ᠡ ᠃

ᠢᠷᠡᠯᠲᠡ
ᠣᠷᠳᠣᠰ ᠬᠣᠲᠠ ᠶᠢᠨ ᠲᠠᠯᠠᠳ ᠬᠤᠰᠢᠭᠤ ᠶᠢᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro