ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

 ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ︽ ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠡᠬᠢᠯᠡᠯᠲᠡ ᠳᠦ ᠢᠩᠭᠢᠵᠦ ᠬᠢᠪᠠ

2026-03-09 18:21:46
ᠵᠣᠬᠢᠶᠠᠭᠴᠢ
ᠨᠠᠪᠴᠢ

 

 

ᠰᠢᠨ᠎ᠡ ᠠᠶᠠᠨ ᠰᠢᠨ᠎ᠡ ᠡᠭᠦᠷᠭᠡ ᠳᠠᠭᠠᠭᠠᠯᠭᠠᠵᠤ᠂ ᠰᠢᠨ᠎ᠡ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠬᠦᠰᠡᠨ ᠱᠠᠭᠠᠷᠳᠠᠵᠤ ᠪᠠᠶᠢᠨ᠎ᠠ᠃ 1 ᠰᠠᠷ᠎ᠠ ᠶᠢᠨ 30 ᠤ ᠦᠳᠡ ᠶᠢᠨ ᠡᠮᠦᠨ᠎ᠡ ᠂ ᠪᠦᠬᠦ ᠣᠷᠣᠨ ᠤ ᠪᠠᠶᠢᠴᠠᠭᠠᠬᠤ ᠳᠠᠷᠤᠭ᠎ᠠ ᠶᠢᠨ ᠬᠤᠷᠠᠯ ᠬᠤᠷᠠᠯᠳᠤᠵᠤ ᠂ ᠰᠢ ᠶᠢᠨ ᠫᠢᠩ   ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠣᠯ ᠳᠤ ᠲᠠᠯᠪᠢᠭᠰᠠᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ ᠂ ᠲᠥᠪ ᠦᠨ ᠤᠯᠤᠰ ᠲᠥᠷᠥ ᠬᠠᠸᠯᠢ ᠴᠠᠭᠠᠵᠠ ᠶᠢᠨ ᠠᠵᠢᠯ ᠤᠨ ᠬᠤᠷᠠᠯ ᠂ ᠪᠥᠬᠥ ᠤᠯᠤᠰ ᠤᠨ ᠪᠠᠶᠢᠴᠠᠭᠠᠬᠤ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ︽ 1571 ︾ ᠠᠵᠢᠯ ᠤᠨ ᠪᠠᠶᠢᠷᠢᠯᠠᠭᠤᠯᠤᠯᠲᠠ ᠂ ᠨᠠᠮ ᠤᠨ ᠬᠣᠷᠢᠶ᠎ᠠ ᠶᠢᠨ ᠤᠯᠤᠰ ᠲᠥᠷᠥ ᠬᠠᠸᠯᠢ ᠴᠠᠭᠠᠵᠠ ᠶᠢᠨ ᠬᠣᠷᠢᠶ᠎ᠠ ᠶᠢᠨ ︽ 1147 ︾ ᠠᠵᠢᠯ ᠤᠨ ᠰᠡᠳᠬᠢᠮᠵᠢ ᠶᠢ ᠬᠢᠨᠠᠮᠠᠭᠠᠶ ᠨᠠᠶᠢᠳᠠᠪᠤᠷᠢᠵᠢᠭᠤᠯᠵᠤ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠲᠣᠭᠣᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠂ ︽ 15 · 5 ︾ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠦᠨ ᠪᠥᠬᠥ ᠣᠷᠣᠨ ᠤ ᠪᠠᠶᠢᠴᠠᠭᠠᠬᠤ ᠠᠵᠢᠯ ᠢ ᠰᠤᠳᠤᠯᠤᠨ ᠪᠠᠶᠢᠷᠢᠯᠠᠭᠤᠯᠪᠠ ᠃

 

 

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠪᠠᠶᠢᠩᠭᠤ ᠶᠢᠨ ᠳᠡᠳ᠋ ᠪᠠᠶᠢᠴᠠᠭᠠᠬᠤ ᠳᠠᠷᠤᠭ᠎ᠠ ᠠᠨ ᠤᠣ ᠬᠤᠷᠠᠯ ᠡᠷᠭᠢᠯᠡᠵᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠵᠢᠴᠢ  ᠬᠤᠷᠢᠶᠠᠨ ᠳᠦ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠪᠥᠬᠥ ᠠᠵᠢᠯᠲᠠᠨ ᠂ ᠡᠯ᠎ᠡ ᠠᠶᠢᠮᠠᠭ ᠬᠣᠲᠠ ᠭᠠᠵᠠᠷ ᠣᠷᠣᠨ ᠤ ᠪᠠᠶᠢᠴᠠᠭᠠᠬᠤ ︵ ᠬᠤᠪᠢᠶᠠᠷᠢ ︶ ᠬᠣᠷᠢᠶ᠎ᠠ ᠶᠢᠨ ᠪᠠᠶᠢᠴᠠᠭᠠᠬᠤ ᠳᠠᠷᠤᠭ᠎ᠠ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠲᠡᠷᠢᠭᠦᠨ ᠦ ᠬᠠᠮᠲᠤ ᠪᠠ ᠲᠡᠷᠢᠭᠦᠨ ᠦ ᠬᠤᠪᠢ ᠬᠥᠮᠦᠨ ᠦ ᠲᠥᠯᠥᠭᠡᠯᠡᠭᠴᠢ ᠂ ᠤᠷᠢᠯᠭ᠎ᠠ ᠶᠢ ᠬᠦᠯᠢᠶᠡᠭᠰᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠭᠣᠸᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ ᠃ ᠬᠤᠷᠠᠯ ᠨᠢ ᠬᠠᠷᠠᠭᠠᠨ ᠳᠠᠪᠲᠠᠮᠵᠢ ᠶᠢᠨ ᠬᠡᠯᠪᠡᠷᠢ ᠪᠡᠷ ᠠᠶᠢᠮᠠᠭ ᠬᠣᠲᠠ ᠶᠢᠨ ᠭᠠᠵᠠᠷ ᠣᠷᠣᠨ ᠤ ᠪᠠᠶᠢᠴᠠᠭᠠᠬᠤ ︵ ᠬᠤᠪᠢᠶᠠᠷᠢ ︶ ᠬᠣᠷᠢᠶ᠎ᠠ ᠳᠤ  ᠶᠠᠪᠤᠭᠳᠠᠵᠤ ᠂ ᠬᠡᠰᠡᠭ ᠪᠥᠬᠥ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ ᠃

 

《ᠳᠠᠭᠠᠵᠤ ᠭᠦᠶᠦᠬᠦ》 ᠡᠴᠡ 《ᠵᠡᠷᠭᠡᠴᠡᠨ ᠭᠦᠶᠦᠬᠦ》 ᠬᠦᠷᠲᠡᠯ᠎ᠡ︽ᠭᠤᠷᠪᠠᠨ ᠵᠢᠯ ᠳᠦ ᠨᠢᠭᠡ ᠶᠡᠬᠡ ᠬᠤᠪᠢᠷᠠᠯᠲᠠ ᠭᠠᠷᠭᠠᠬᠤ︾

ᠵᠢ ᠦᠨᠳᠦᠰᠦᠨ ᠳᠡᠭᠡᠨ ᠪᠡᠶᠡᠯᠡᠭᠦᠯᠵᠡᠢ

ᠬᠤᠷᠠᠯ ᠠᠴᠠ ᠵᠢᠭᠠᠵᠤ ᠭᠠᠷᠭᠠᠭᠰᠠᠨ ᠨᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠪᠣᠯᠤᠨ ᠠᠷᠠᠳ ᠤᠨ ᠳᠡᠭᠡᠳᠦ ᠪᠠᠶᠢᠴᠠᠭᠠᠬᠤ ᠬᠣᠷᠢᠢ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠪᠠᠶᠢᠴᠠᠭᠠᠬᠤ ᠠᠵᠢᠯᠲᠠᠳ ᠤᠨ ᠭᠤᠷᠪᠠᠨ ᠵᠢᠯ ᠦᠨ ᠰᠢᠷᠭᠠᠭᠤ ᠬᠠᠲᠠᠭᠤᠵᠢᠯᠲᠠᠢ ᠲᠡᠮᠡᠴᠡᠯ ᠢᠶᠡᠷ ᠳᠠᠮᠵᠢᠨ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠮᠡᠳᠡᠭᠳᠡᠮ᠎ᠡ ᠳᠡᠭᠲᠡᠷ ᠲᠦ ᠭᠠᠷᠴᠤ᠂ ᠡᠩᠨᠡᠭᠡ ᠮᠡᠳᠡᠭᠳᠡᠮ᠎ᠡ ᠲᠡᠰ ᠲᠡᠪᠰᠢᠵᠦ᠂ ᠰᠠᠭᠤᠷᠢ ᠮᠡᠳᠡᠭᠳᠡᠮ᠎ᠡ ᠥᠨᠳᠥᠷ ᠲᠦᠪᠰᠢᠨ ᠳᠦ ᠬᠦᠷᠴᠦ᠂ ︽ᠭᠤᠷᠪᠠᠨ ᠵᠢᠯ ᠳᠦ ᠨᠢᠭᠡ ᠶᠡᠬᠡ ᠬᠤᠪᠢᠷᠠᠯᠲᠠ ᠭᠠᠷᠭᠠᠬᠤ︾ ᠠᠵᠢᠯ ᠤᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ︽ᠳᠠᠭᠠᠵᠤ ᠭᠦᠶᠦᠬᠦ︾ᠡᠴᠡ︽ᠵᠡᠷᠭᠡᠪᠡᠷ ᠭᠦᠶᠦᠬᠦ︾ᠵᠠᠩᠭᠢᠯᠠᠭ᠎ᠠ ᠶᠢᠨ ᠴᠢᠨᠠᠷᠲᠠᠢ ᠳᠠᠪᠠᠯᠲᠠ ᠶᠢ ᠪᠦᠬᠦᠯᠢ ᠴᠣᠭᠴᠠ ᠪᠠᠷ ᠢᠶᠠᠨ ᠪᠡᠶᠡᠯᠡᠭᠦᠯᠵᠦ᠂ ᠵᠠᠷᠢᠮ ᠨᠢ ᠨᠢᠭᠡᠨᠲᠡ ︽ᠳᠠᠭᠠᠭᠤᠯᠤᠨ ᠭᠦᠶᠦᠬᠦ︾ᠵᠢ ᠪᠡᠶᠡᠯᠡᠭᠦᠯᠵᠡᠢ᠃

︽ ᠭᠤᠷᠪᠠᠨ ᠵᠢᠯ ᠦᠨ ᠲᠤᠷᠰᠢ ᠂ ᠪᠠᠶᠢᠴᠠᠭᠠᠬᠤ ᠠᠵᠢᠯ ᠤᠨ ᠶᠡᠬᠡ ᠲᠠᠯ᠎ᠠ ᠳᠤ ᠦᠶᠯᠡᠴᠢᠯᠡᠬᠦ ︿ ᠬᠠᠷᠠᠯᠲᠠ ﹀ ᠨᠠᠩ ᠣᠨᠣᠪᠴᠢᠲᠠᠶ ᠪᠣᠯᠵᠣ ᠂ ᠬᠠᠸᠯᠢ ᠴᠠᠭᠠᠵᠠ ᠶᠢᠨ ᠬᠢᠨᠠᠯᠲᠠ ᠶᠢᠨ ︿ ᠲᠦᠭᠵᠢᠷᠡᠯ ﹀ ᠢ ᠨᠡᠪᠲᠡᠷᠡᠭᠦᠯᠵᠦ ᠂ ᠪᠠᠶᠢᠴᠠᠭᠠᠬᠤ ᠡᠩᠨᠡᠭᠡ ᠶᠢᠨ ︿ ᠰᠠᠭᠤᠷᠢ ᠴᠡᠭ ﹀ ᠢ ᠥᠨᠳᠥᠷ ᠪᠣᠯᠭᠠᠵᠤ ᠂ ᠪᠥᠬᠥ ᠣᠷᠣᠨ ᠤ ᠪᠠᠶᠢᠴᠠᠭᠠᠬᠤ ᠠᠵᠢᠯᠲᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠷᠴᠢ ᠵᠣᠷᠢᠭ ᠨᠠᠩ ᠶᠡᠬᠡ ᠪᠣᠯᠵᠣ ᠂ ᠢᠲᠡᠭᠡᠯ ᠵᠣᠷᠢᠭ ᠨᠠᠩ ᠴᠢᠩᠭ᠎ᠠ ᠪᠣᠯᠵᠣ ᠂ ᠢᠲᠡᠭᠡᠯ ᠵᠣᠷᠢᠭ ᠨᠠᠩ ᠲᠡᠭᠦᠯᠳᠡᠷ ᠪᠣᠯᠪᠠ ︾ ᠃ ︽ ᠭᠤᠷᠪᠠᠨ ᠵᠢᠯ ᠳᠦ ᠨᠢᠭᠡ ᠶᠡᠬᠡ ᠬᠤᠪᠢᠷᠠᠯᠲᠠ ᠭᠠᠷᠭᠠᠬᠤ ︾ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠨᠢ ᠪᠥᠬᠥ ᠣᠷᠣᠨ ᠤ ᠪᠠᠶᠢᠴᠠᠭᠠᠬᠤ ᠠᠵᠢᠯᠲᠠᠳ ᠤᠨ ᠴᠣᠭ ᠰᠦᠯᠳᠡ ᠪᠡᠨ ᠪᠠᠳᠠᠷᠠᠭᠤᠯᠪᠠᠯ ᠰᠠᠶ᠋ᠢ ᠠᠵᠢᠯ ᠬᠢᠵᠦ ᠠᠳᠠᠯ ᠦᠶᠯᠡᠰ ᠴᠣᠭᠴᠠᠯᠠᠵᠤ ᠴᠢᠳᠠᠨ᠎ᠠ ᠂ ᠠᠰᠠᠭᠤᠳᠠᠯ ᠳᠤ ᠰᠢᠭᠤᠳ ᠬᠠᠨᠳᠤᠪᠠᠯ ᠰᠠᠶ᠋ᠢ ᠬᠦᠴᠢᠷᠳᠡᠯ ᠡᠴᠡ ᠠᠩᠭᠢᠵᠢᠷᠠᠵᠤ ᠴᠢᠳᠠᠨ᠎ᠠ ᠂ ᠵᠢᠮ᠎ᠡ ᠶᠣᠰᠣ ᠶᠢ ᠬᠦᠨᠳᠦᠳᠬᠡᠪᠡᠯ ᠰᠠᠶ᠋ᠢ ᠯᠠᠪᠳᠠᠭᠤᠨ ᠢᠶᠠᠷ ᠬᠣᠯᠠ ᠶᠢ ᠵᠣᠷᠢᠨ ᠤᠷᠤᠭᠰᠢᠯᠠᠵᠤ ᠴᠢᠳᠠᠨ᠎ᠠ ᠂ ᠣᠯᠠᠨ ᠡᠰᠢ ᠶᠢ ᠨᠢᠭᠡᠳᠦᠯᠲᠡᠶ ᠲᠥᠯᠥᠪᠯᠡᠪᠡᠯ ᠰᠠᠶ᠋ᠢ ᠴᠢᠨᠠᠷ ᠰᠠᠶᠢᠲᠠᠶ ᠦᠷ᠎ᠡ ᠪᠦᠲᠦᠮᠵᠢ ᠲᠡᠶ ᠪᠣᠯᠵᠣ ᠴᠢᠳᠠᠨ᠎ᠠ ᠭᠡᠳᠡᠭ ᠢ ᠰᠡᠩᠬᠡᠷᠡᠭᠦᠯᠵᠦ ᠪᠠᠶᠢᠨ᠎ᠠ ᠃

ᠬᠤᠷᠠᠯ ᠠᠴᠠ ᠴᠢᠬᠤᠯᠠᠴᠢᠯᠠᠭᠰᠠᠨ ᠨᠢ ᠂ 2026 ᠣᠨ ᠪᠣᠯ ᠠᠷᠪᠠᠨ ᠲᠠᠪᠤᠳᠤᠭᠠᠷ ᠲᠠᠪᠤᠨ ᠵᠢᠯ ᠦᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ︽ 1571 ︾ ᠠᠵᠢᠯ ᠤᠨ ᠪᠠᠶᠢᠷᠢᠯᠠᠭᠤᠯᠤᠯᠲᠠ ᠪᠠ ᠨᠠᠮ ᠤᠨ ᠬᠣᠷᠢᠶ᠎ᠠ ᠶᠢᠨ ᠤᠯᠤᠰ ᠲᠥᠷᠥ ᠬᠠᠸᠯᠢ ᠴᠠᠭᠠᠵᠠ ᠶᠢᠨ ᠬᠣᠷᠢᠶ᠎ᠠ ᠶᠢᠨ ︽ 1147 ︾ ᠠᠵᠢᠯ ᠤᠨ ᠰᠡᠳᠬᠢᠮᠵᠢ ᠶᠢ ᠬᠡᠷᠡᠭᠵᠢᠭᠦᠯᠬᠦ ᠵᠢᠯ ᠮᠥᠨ ᠂ ᠮᠥᠨ ᠴᠦ ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠰᠢᠨ᠎ᠡ ᠡᠬᠢᠯᠡᠯᠲᠡ ᠮᠥᠨ ᠂ ᠬᠠᠸᠯᠢ ᠪᠠᠷ ᠵᠠᠰᠠᠬᠤ ᠪᠠᠶᠢᠭᠤᠯᠤᠯᠲᠠ ᠶᠢᠨ ᠰᠢᠨ᠎ᠡ ᠪᠠᠶᠢᠳᠠᠯ ᠂ ᠪᠠᠶᠢᠴᠠᠭᠠᠬᠤ ᠠᠵᠢᠯ ᠤᠨ ᠰᠢᠨ᠎ᠡ ᠱᠠᠭᠠᠷᠳᠠᠯᠭ᠎ᠠ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠦᠨ ᠬᠥᠭᠵᠢᠯᠲᠡ ᠶᠢᠨ ᠰᠢᠨ᠎ᠡ ᠡᠭᠦᠷᠭᠡ ᠂ ᠪᠥᠬᠥ ᠣᠷᠣᠨ ᠤ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠢ ᠭᠦᠨᠵᠡᠭᠡᠶ ᠡᠵᠡᠮᠰᠢᠵᠦ ᠂ ︽ ᠭᠤᠷᠪᠠᠨ ᠵᠢᠯ ᠳᠦ ᠨᠢᠭᠡ ᠶᠡᠬᠡ ᠬᠤᠪᠢᠷᠠᠯᠲᠠ ︾ ᠶᠢᠨ ᠦᠷ᠎ᠡ ᠪᠦᠲᠦᠭᠡᠯ ᠢ ᠨᠠᠩ ᠪᠠᠲᠤᠳᠬᠠᠨ ᠨᠠᠩ ᠪᠠᠲᠤᠳᠬᠠᠬᠤ ᠬᠡᠷᠡᠭᠲᠡᠶ ᠃

 

《ᠵᠢᠷᠭᠤᠭᠠᠨ ᠶᠡᠬᠡ ᠡᠭᠦᠷᠭᠡ》 ᠶᠢ ᠪᠣᠳᠠᠲᠠᠶ ᠪᠠᠷ ᠠᠳᠬᠤᠬᠤ ᠬᠡᠷᠡᠭᠲᠡᠶ 

ᠠᠷᠪᠠᠨ ᠲᠠᠪᠤᠳᠤᠭᠠᠷ ᠲᠠᠪᠤᠨ ᠵᠢᠯ ᠦᠨ ᠲᠥᠯᠥᠪᠵᠢᠭᠦᠯᠭᠡ ᠶᠢᠨ ᠰᠠᠢᠢᠨ ᠡᠬᠢᠯᠡᠯᠲᠡ ᠳᠦ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠨ᠎ᠡ

ᠤᠯᠤᠰ ᠲᠦᠷᠦ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠪᠠᠶᠢᠴᠠᠭᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ 《ᠬᠣᠶᠠᠷ ᠢ ᠲᠣᠭᠲᠠᠭᠠᠬᠤ》 ᠶᠢ ᠡᠷᠡᠰ ᠭᠤᠶᠢᠪᠢᠰᠢ ᠦᠭᠡᠢ ᠪᠡᠷ ᠬᠦᠷᠢᠶᠡᠯᠡᠵᠦ᠂ 《ᠬᠣᠶᠠᠷ ᠢ ᠬᠠᠮᠠᠭᠠᠯᠠᠬᠤ》 ᠶᠢ ᠪᠡᠶᠡᠯᠡᠭᠦᠯᠵᠦ᠂ 《ᠤᠯᠤᠰ ᠲᠦᠷᠦ ᠶᠢᠨ ᠤᠯᠠᠭᠠᠨ ᠱᠤᠭᠤᠮ》 ᠪᠠ 《ᠬᠠᠤᠯᠢ ᠪᠠᠷ ᠵᠠᠰᠠᠬᠤ ᠬᠢᠵᠠᠭᠠᠷ ᠱᠤᠭᠤᠮ》 ᠢ ᠳᠡᠭᠡᠳᠦ ᠬᠡᠮᠵᠢᠶ᠎ᠡ ᠪᠡᠷ ᠨᠢᠭᠡᠳᠬᠡᠵᠦ᠂ ᠬᠠᠤᠯᠢ ᠲᠣᠭᠲᠠᠭᠠᠯ᠂ ᠬᠠᠤᠯᠢ ᠰᠠᠨᠠᠭ᠎ᠠ᠂ ᠬᠠᠤᠯᠢ ᠶᠢᠨ ᠰᠦᠭ ᠰᠦᠨᠡᠰᠦ ᠶᠢ ᠭᠦᠨᠵᠡᠭᠡᠶ ᠠᠭᠤᠰᠤᠯᠴᠠᠭᠤᠯᠵᠤ᠂ ᠪᠠᠶᠢᠴᠠᠭᠠᠬᠤ ᠠᠵᠢᠯ ᠤᠨ ᠴᠢᠭᠯᠡᠯ ᠢ ᠨᠠᠮ ᠠᠴᠠ ᠵᠢᠯᠣᠭᠣᠳᠬᠤ᠂ ᠪᠠᠶᠢᠴᠠᠭᠠᠬᠤ ᠠᠵᠢᠯ ᠤᠨ ᠵᠠᠷᠴᠢᠮ ᠢ ᠨᠠᠮ ᠠᠴᠠ ᠲᠣᠭᠲᠠᠭᠠᠬᠤ᠂ ᠪᠠᠶᠢᠴᠠᠭᠠᠬᠤ ᠠᠵᠢᠯ ᠤᠨ ᠰᠢᠶᠳᠪᠦᠷᠢᠲᠦ ᠪᠤᠳᠤᠯᠭ᠎ᠠ ᠶᠢ ᠨᠠᠮ ᠠᠴᠠ ᠶᠡᠷᠦᠩᠬᠡᠶᠢᠯᠡᠨ ᠵᠠᠬᠢᠷᠬᠤ ᠶᠢ ᠦᠨᠡᠨ ᠬᠦ ᠪᠠᠲᠤᠯᠠᠨ᠎ᠠ᠃

ᠠᠮᠤᠷ ᠲᠦᠪᠰᠢᠨ ᠦ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠵᠤ᠂ ᠨᠡᠶᠢᠭᠡᠮ ᠦᠨ ᠶᠡᠬᠡ ᠲᠠᠯ᠎ᠠ ᠶᠢᠨ ᠲᠣᠭᠲᠠᠭᠤᠨ ᠪᠠᠶᠢᠳᠠᠯ ᠢ ᠴᠢᠷᠮᠠᠶᠢᠨ  ᠬᠠᠮᠠᠭᠠᠯᠠᠨ᠎ᠠ᠃ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠡᠬᠢᠵᠢᠭᠦᠯᠬᠦ︾ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ︽ᠴᠣᠬᠢᠯᠲᠠ ᠥᠭᠬᠦ︾ᠵᠢ ᠴᠢᠩᠭᠠᠳᠬᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠲᠡᠶ ᠬᠠᠮᠵᠢᠯᠴᠠᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠰᠢᠷᠢᠰ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠴᠠᠬᠢᠯᠭᠠᠨ ᠬᠣᠯᠪᠣᠭ᠎ᠠ ᠰᠦᠯᠵᠢᠶᠡᠨ ᠦ ᠮᠡᠬᠡᠯᠡᠯ ᠦᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠠᠰᠠᠯᠲᠠ ᠵᠢᠨ ᠲᠤᠰᠬᠠᠢ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠶᠡᠬᠡᠪᠡᠷ ᠰᠤᠷᠪᠤᠯᠵᠢᠯᠠᠬᠤ᠂ ᠶᠡᠬᠡᠪᠡᠷ ᠪᠠᠶᠢᠴᠠᠭᠠᠬᠤ᠂ ᠶᠡᠬᠡᠪᠡᠷ ᠠᠷᠢᠯᠭᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠠᠶᠢᠴᠠᠭᠠᠬᠤ ᠬᠦᠴᠦᠨ ᠢᠶᠡᠷ ᠲᠣᠭᠲᠠᠭᠤᠨ ᠢ ᠬᠠᠮᠠᠭᠠᠯᠠᠵᠤ᠂ ᠪᠦᠯᠬᠦᠮᠳᠡᠯ ᠢ ᠴᠢᠩᠭᠠᠳᠬᠠᠪᠠ᠃

ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ  ᠠᠴᠠ ᠪᠠᠨ ᠣᠷᠣᠯᠴᠠᠵᠤ ᠂ ᠴᠢᠨᠠᠷ ᠰᠠᠶᠢᠲᠠᠶ ᠬᠥᠭᠵᠢᠯᠲᠡ ᠳᠦ ᠪᠥᠬᠥ ᠬᠦᠴᠦᠨ ᠢᠶᠡᠷ ᠢᠶᠡᠨ ᠴᠢᠨᠠᠷ ᠰᠠᠶᠢᠲᠠᠢ ᠬᠦᠭᠵᠢᠯᠲᠡ ᠳᠦ  ᠦᠢᠯᠡᠴᠢᠯᠡᠨ᠎ᠡ᠃ ᠶᠡᠷᠦᠩᠬᠡᠢ ᠱᠦᠵᠢ ᠪᠣᠯᠤᠨ ᠨᠠᠮ ᠤᠨ ᠲᠥᠪ ᠬᠣᠷᠢᠢ᠎ᠠ ᠠᠴᠠ ᠳᠠᠭᠠᠭᠠᠯᠭᠠᠭᠰᠠᠨ ᠲᠠᠪᠤᠨ ᠶᠡᠬᠡ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ ᠶᠢᠨ ᠲᠣᠭᠣᠷᠢᠨ ᠳᠤ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠬᠠᠮᠵᠢᠯᠴᠠᠨ ᠠᠬᠢᠭᠤᠯᠵᠤ᠂ ᠡᠵᠡᠩᠨᠡᠯᠲᠡ ᠶᠢᠨ ᠣᠷᠴᠢᠨ ᠲᠣᠭᠣᠷᠢᠨ ᠤ  ᠬᠠᠥᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠵᠤ᠂ ᠰᠢᠨ᠎ᠡ ᠶᠢ ᠡᠭᠦᠳᠬᠦ ᠪᠡᠷ ᠬᠥᠳᠡᠯᠭᠡᠭᠦᠷ ᠪᠣᠯᠭᠠᠭᠰᠠᠨ ᠬᠥᠭᠵᠢᠯᠲᠡ ᠳᠦ ᠢᠳᠡᠪᠬᠢᠲᠡᠢ ᠦᠢᠯᠡᠴᠢᠯᠡᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠣᠯ ᠤᠨ ᠪᠦᠳᠦᠬᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃

ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠢᠳᠡᠪᠬᠢᠲᠡᠶ ᠪᠠᠲᠤᠯᠠᠵᠤ᠂ ᠠᠷᠠᠳ ᠤᠨ ᠲᠥᠯᠥᠭᠡ ᠪᠠᠶᠢᠴᠠᠭᠠᠬᠤ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠨ᠎ᠡ᠃ 《ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ》 ᠲᠤᠰᠬᠠᠶ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠪᠠᠶᠢᠷᠢᠯᠠᠭᠤᠯᠤᠨ ᠬᠡᠷᠡᠭᠵᠢᠭᠦᠯᠦᠭᠰᠡᠨ 《ᠠᠷᠠᠳ ᠤᠨ ᠠᠮᠢᠳᠤᠷᠠᠯ ᠤᠨ ᠠᠷᠪᠠᠨ ᠶᠡᠬᠡ ᠢᠨᠵᠧᠨᠧᠷᠢᠩ》 ᠢ ᠵᠦᠢᠯ ᠳᠠᠷᠠᠭᠠᠯᠠᠨ ᠲᠥᠪᠯᠡᠷᠡᠭᠦᠯᠵᠦ᠂ ᠠᠷᠠᠳ ᠲᠤ ᠲᠦᠭᠦᠮ ᠦᠵᠡᠭᠦᠯᠬᠦ᠂ ᠠᠷᠠᠳ ᠲᠤ ᠠᠰᠢᠭᠲᠠᠶ᠂ ᠠᠷᠠᠳ ᠲᠤ ᠠᠰᠢᠭ ᠬᠦᠷᠲᠡᠭᠡᠬᠦ ᠪᠠᠶᠢᠴᠠᠭᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠭᠦᠨᠵᠡᠭᠡᠶᠢᠷᠡᠭᠦᠯᠵᠦ᠂ ᠠᠷᠠᠳ ᠤᠨ ᠲᠥᠯᠥᠭᠡ ᠪᠠᠶᠢᠴᠠᠭᠠᠬᠤ ᠠᠵᠢᠯ ᠢ ᠨᠡᠩ ᠢᠯᠡᠭᠦᠦ ᠢᠲᠡᠭᠡᠮᠵᠢᠲᠡᠶ ᠪᠣᠯᠭᠠᠪᠠ᠃

ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠷᠮᠠᠶᠢᠨ ᠠᠬᠢᠭᠤᠯᠵᠤ᠂ ᠬᠠᠤᠯᠢ ᠴᠠᠭᠠᠵᠠ ᠶᠢᠨ ᠬᠢᠨᠠᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠦᠷᠭᠦᠯᠵᠢᠯᠡᠨ ᠬᠦᠴᠦᠯᠡᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠬᠠᠤᠯᠢ ᠴᠠᠭᠠᠵᠠ ᠶᠢᠨ ᠬᠢᠨᠠᠯᠲᠠ ᠶᠢᠨ 《ᠢᠯᠡ ᠪᠠᠶᠢᠬᠤ》 ᠶᠢ ᠪᠡᠶᠡᠯᠡᠭᠦᠯᠬᠦ ᠶᠢ 《ᠪᠦᠲᠦᠮᠵᠢᠲᠡᠶ ᠬᠢᠨᠠᠯᠲᠠ》 ᠲᠡᠶᠢᠰᠢ ᠭᠦᠨᠵᠡᠭᠡᠶ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠴᠢᠩᠭ᠎ᠠ ᠬᠦᠴᠦᠲᠡᠶ ᠬᠠᠤᠯᠢ ᠴᠠᠭᠠᠵᠠ ᠶᠢᠨ ᠬᠢᠨᠠᠯᠲᠠ ᠪᠠᠷ ᠲᠥᠪ ᠭᠣᠣᠯᠴᠢ ᠰᠢᠳᠤᠷᠭᠤ ᠶᠣᠰᠣᠨ ᠤ ᠬᠠᠤᠯᠢ ᠪᠠᠷᠢᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃

ᠡᠩᠨᠡᠭᠡᠨ ᠦ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠪᠠᠶᠢᠴᠠᠭᠠᠬᠤ ᠠᠵᠢᠯ ᠤᠨ ᠬᠥᠭᠵᠢᠯᠲᠡ ᠶᠢᠨ ᠰᠠᠭᠤᠷᠢ ᠶᠢ ᠲᠠᠰᠤᠷᠠᠯᠳᠠ ᠦᠭᠡᠢ  ᠪᠡᠬᠢᠵᠢᠭᠦᠯᠦᠨ᠎ᠡ᠃ ᠪᠠᠶᠢᠴᠠᠭᠠᠬᠤ ᠡᠩᠨᠡᠭᠡᠨ ᠦ ︽ ᠴᠣᠭ ᠰᠦᠯᠳᠡ ︾ ᠶᠢ ᠦᠷᠭᠦᠯᠵᠢᠯᠡᠨ ᠬᠥᠭᠵᠢᠭᠡᠵᠦ ᠂ ᠪᠠᠶᠢᠴᠠᠭᠠᠬᠤ ᠠᠵᠢᠯᠲᠠᠨ ᠤ ︽ ᠬᠠᠲᠠᠭᠤ ᠪᠣᠳᠠᠲᠤ ᠬᠦᠴᠦᠨ ︾ ᠢ ᠲᠦᠷᠭᠡᠨ ᠳᠠᠪᠲᠠᠨ ᠪᠣᠯᠪᠠᠰᠤᠷᠠᠭᠤᠯᠵᠤ ᠂ ᠦᠨᠳᠦᠰᠦᠨ ᠱᠠᠲᠤᠨ ᠤ ᠬᠣᠷᠢᠶᠠᠨ ᠤ ᠬᠠᠮᠢᠶᠠᠷᠤᠯᠲᠠ ᠶᠢᠨ ︽ ᠰᠢᠨ᠎ᠡ ᠠᠷᠭ᠎ᠠ ᠮᠠᠶ᠋ᠢᠭ ︾ ᠢ ᠢᠳᠡᠪᠬᠢᠲᠡᠶ ᠪᠡᠷ ᠬᠠᠶᠢᠨ ᠰᠦᠪᠡᠭᠴᠢᠯᠡᠵᠦ ᠂ ᠦᠨᠳᠦᠰᠦᠨ ᠱᠠᠲᠤᠨ ᠤ ᠪᠠᠶᠢᠴᠠᠭᠠᠬᠤ ᠠᠵᠢᠯ ᠤᠨ ︽ ᠰᠢᠨ᠎ᠡ ᠬᠥᠳᠡᠯᠭᠡᠭᠴᠢ ᠡᠨᠧᠷᠭᠢ ︾ ᠶᠢ ᠪᠥᠬᠥ ᠲᠠᠯ᠎ᠠ ᠪᠠᠷ ᠬᠥᠭᠵᠢᠭᠡᠨ ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠦᠶᠯᠡᠰ ᠦᠨ ︽ ᠰᠠᠯᠠᠭ᠎ᠠ ᠮᠥᠴᠢᠷ ︾ ᠢ ᠤᠯᠠᠮ ᠢᠳᠡᠷᠡᠭᠦᠨ ᠳᠣᠷᠪᠢᠲᠠᠶ ᠪᠣᠯᠭᠠᠵᠤ ᠂ ︽ ᠰᠠᠯᠠᠭ᠎ᠠ ᠮᠥᠴᠢᠷ ︾ ᠢ ᠤᠯᠠᠮ ᠢᠭᠴᠤ ᠰᠠᠬᠤᠯᠢᠭ ᠪᠣᠯᠭᠠᠨ᠎ᠠ ᠃

ᠬᠤᠷᠠᠯ ᠳᠡᠭᠡᠷ᠎ᠡ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠲᠡᠷᠢᠭᠦᠨ ᠦ ᠬᠠᠮᠲᠤ ᠪᠣᠯᠤᠨ ᠲᠡᠷᠢᠭᠦᠨ ᠦ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠭᠰᠡᠨ ᠪᠥᠭᠡᠳ ᠱᠠᠩᠨᠠᠯ ᠭᠠᠷᠳᠠᠭᠤᠯᠵᠠᠢ᠃

 ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ᠂ ᠪᠦᠬᠦ ᠪᠠᠶᠢᠴᠠᠭᠠᠬᠤ ᠠᠵᠢᠯᠲᠠᠳ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠮᠣᠩᠭᠣᠯ ᠮᠤᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂  ᠳᠠᠪᠬᠢᠨ ᠬᠠᠷᠠᠶᠢᠨ ᠲᠠᠰᠢᠭᠤᠷ ᠡᠷᠭᠦᠬᠦ  ᠰᠥᠰᠥ ᠵᠣᠷᠢᠭ ᠢᠶᠠᠷ ᠲᠦᠮᠡᠨ ᠠᠬᠳᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠠᠰᠤᠷᠠᠯᠳᠡ ᠦᠭᠡᠢ ᠡᠷᠴᠢ ᠵᠣᠷᠢᠭ ᠢᠶᠠᠨ ᠪᠠᠳᠠᠷᠠᠭᠤᠯᠵᠤ᠂ ᠥᠪᠥᠷ ᠮᠣᠩᠭᠣᠯ ᠤᠨ ᠪᠠᠶᠢᠴᠠᠭᠠᠬᠤ ᠦᠢᠯᠡᠰ ᠦᠨ ᠲᠠᠰᠤᠷᠠᠯᠳᠡ ᠦᠭᠡᠢ ᠰᠢᠨ᠎ᠡ ᠳᠡᠭᠲᠡᠷ ᠲᠦ ᠭᠠᠷᠬᠤ ᠶᠢ ᠠᠬᠢᠭᠤᠯᠵᠤ᠂ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠪᠡᠷ ᠣᠳᠣᠬᠢᠴᠢᠯᠠᠭᠰᠠᠨ ᠥᠪᠥᠷ ᠮᠣᠩᠭᠣᠯ ᠤᠨ ᠪᠦᠳᠦᠬᠡᠨ ᠪᠠᠶᠢᠭᠤᠯᠤᠯᠲᠠ ᠳᠤ ᠦᠢᠯᠡᠴᠢᠯᠡᠬᠦ ᠪᠦᠷᠢᠨ ᠲᠡᠭᠦᠯᠳᠡᠷ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠠ︕

 

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro