ᠲᠡᠷᠢᠭᠦᠨ ᠨᠢᠭᠤᠷ  -  ᠨᠦᠬᠦᠷᠰᠡᠭ ᠱᠦᠭᠦᠮᠡᠩ

ᠭᠠᠵᠠᠷ ᠰᠢᠷᠦᠢ ᠶᠢᠨ ᠡᠳᠦᠷ ᠤᠨ ᠢᠷᠠᠯᠳᠠ

2016-05-03 09:28:39
ᠵᠣᠬᠢᠶᠠᠭᠴᠢ

    ᠭᠠᠵᠠᠷ ᠰᠢᠷᠦᠢ ᠬᠡᠵᠤ ᠬᠦᠮᠦᠨ ᠲᠦᠷᠦᠯᠬᠢᠳᠠᠨ ᠤ ᠦᠢᠯᠡᠳᠪᠦᠷᠢᠯᠡᠯ ᠠᠮᠢᠳᠦᠷᠠᠯ ᠲᠤᠮᠳᠠ ᠤᠷᠤᠯᠠᠭᠤᠯᠵᠤ ᠪᠤᠯᠤᠰᠢ ᠦᠬᠡᠢ ᠪᠠᠶᠢᠭᠠᠯᠢ ᠶᠢᠨ ᠡᠬᠢ ᠪᠠᠶᠠᠯᠢᠭ ᠮᠦᠨ᠃ 6 ᠰᠠᠷ᠎ᠠ ᠶᠢᠨ 25 ᠪᠤᠯ ᠪᠦᠬᠦ ᠤᠯᠤᠰ ᠤᠨ ᠭᠠᠵᠠᠷ ᠰᠢᠷᠦᠢ ᠶᠢᠨ ᠡᠳᠤᠷ᠃ 1986 ᠤᠨ ᠤ 6 ᠰᠠᠷ᠎ᠠ ᠶᠢᠨ 25 ᠤ ᠡᠳᠦᠷ᠂ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠢᠶᠠᠷ ᠪᠠᠳᠤᠯᠠᠬᠰᠠᠨ ᠮᠦᠷᠳᠡᠬᠡᠨ ᠮᠠᠨ ᠤ ᠤᠯᠤᠰ ᠤᠨ ᠠᠩᠬᠠᠳᠠᠬᠴᠢ ᠲᠤᠰᠬᠠᠢᠢᠯᠠᠨ ᠭᠠᠵᠠᠷ ᠰᠢᠷᠦᠢ ᠶᠢᠨ ᠬᠠᠷᠢᠴᠠᠭ᠎ᠠ ᠳᠤ ᠲᠤᠬᠢᠷᠠᠭᠤᠯᠤᠯᠳᠠ ᠬᠢᠭᠰᠡᠨ ᠲᠤᠮᠤ ᠴᠢᠬᠤᠯᠠ ᠬᠠᠦᠯᠢ — ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠦᠯᠢ︾ ᠶᠢ ᠨᠠᠶᠢᠳᠠᠯᠠᠪᠠ ᠃ ᠡᠨᠡ ᠡᠳᠦᠷ ᠢ ᠲᠤᠷᠠᠰᠬᠠᠬᠤ ᠶᠢᠨ ᠲᠦᠯᠦᠬᠡ 1991 ᠤᠨ ᠤ 5 ᠰᠠᠷ᠎ᠠ ᠶᠢᠨ 24 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠯ ᠪᠦᠷᠢ ᠶᠢᠨ 6 ᠰᠠᠷ᠎ᠠ ᠶᠢᠨ 25 ᠤ ᠡᠳᠦᠷ ᠂ ᠲᠠᠷᠤᠢ ︽ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠦᠯᠢ︾ ᠨᠡᠶᠢᠳᠡᠯᠡᠭᠳᠡᠭᠰᠡᠨ ᠡᠳᠦᠷ ᠢ ᠪᠦᠬᠦ ᠤᠯᠤᠰ ᠤᠨ ᠭᠠᠵᠠᠷ ᠰᠢᠷᠦᠢ ᠶᠢᠨ ᠡᠳᠦᠷ ᠢᠶᠠᠷ ᠲᠤᠬᠳᠠᠭᠠᠵᠠᠢ᠃ ᠮᠠᠨ ᠤ ᠤᠯᠤᠰ ᠪᠤᠯ ᠲᠡᠯᠡᠬᠡᠢ  ᠲᠡᠭᠡᠷ᠎ᠡ ᠠᠩᠬᠠᠳᠠᠬᠴᠢ ᠲᠤᠰᠬᠠᠢᠢᠯᠠᠨ ᠭᠠᠵᠠᠷ ᠰᠢᠷᠦᠢ ᠶᠢ ᠬᠠᠮᠠᠭᠠᠯᠠᠬᠤ ᠶᠢᠨ ᠲᠦᠯᠦᠬᠡ ᠲᠤᠷᠠᠰᠬᠠᠯ ᠤᠨ ᠡᠳᠦᠷ ᠲᠤᠭᠳᠠᠭᠠᠬᠰᠠᠨ ᠤᠯᠤᠰ ᠪᠤᠯᠤᠨ᠎ᠠ ᠃

    ᠮᠠᠨ ᠤ ᠤᠯᠤᠰ ᠪᠤᠯ ᠭᠠᠵᠠᠷ ᠰᠢᠷᠦᠢ ᠶᠢᠨ ᠡᠬᠢ ᠪᠠᠶᠠᠯᠢᠭ ᠢᠶᠠᠷ ᠲᠤᠳᠠᠮᠠᠭ ᠤᠯᠤᠰ᠃ ᠲᠤᠮᠳᠠᠳᠤ ᠤᠯᠤᠰ ᠤᠨ ᠲᠠᠷᠢᠶᠠᠯᠠᠩ ᠤᠨ ᠠᠰᠠᠭᠤᠳᠠᠯ ᠨᠢ ᠡᠰᠡᠬᠦᠯ᠎ᠠ ᠠᠮᠤ ᠪᠤᠳᠠᠭᠠᠨ ᠤ ᠠᠰᠠᠭᠤᠳᠠᠯ ᠨᠢ ᠦᠨᠡᠨ ᠳᠡᠭᠡᠨ ᠭᠠᠵᠠᠷ ᠰᠢᠷᠦᠢ ᠶᠢᠨ ᠠᠰᠠᠭᠤᠳᠠᠯ ᠪᠤᠯᠤᠨ᠎ᠠ᠃ ᠮᠠᠨ ᠤ ᠤᠯᠤᠰ ᠤᠨ ᠬᠦᠮᠦᠨ ᠲᠤᠮᠳᠠᠴᠢ ᠶᠢᠨ ᠲᠡᠭᠰᠢᠳᠭᠡᠭᠰᠡᠨ ᠠᠮᠤ ᠪᠤᠳᠠᠭᠠᠨ ᠤ ᠦᠢᠯᠡᠳᠪᠦᠷᠢᠯᠡᠯ ᠨᠢ ᠺᠠᠨᠠᠳᠠ ᠶᠢᠨ 1/5᠂ ᠬᠦᠮᠦᠨ ᠲᠤᠮᠳᠠᠴᠢ ᠶᠢᠨ ᠲᠡᠭᠰᠢᠳᠭᠡᠭᠰᠡᠨ ᠬᠦᠪᠦᠩ ᠤᠨ ᠦᠢᠯᠡᠳᠪᠦᠷᠢᠯᠡᠯ ᠤᠨ ᠬᠡᠮᠵᠢᠶ᠎ᠠ ᠠᠮᠧᠷᠢᠺᠠ ᠶᠢᠨ 1/ 3︔ ᠬᠦᠮᠦᠨ ᠲᠤᠮᠳᠠᠴᠢ ᠶᠢᠨ ᠲᠡᠭᠰᠢᠳᠭᠡᠭᠰᠡᠨ ᠮᠢᠬᠠᠨ ᠤ ᠦᠢᠯᠡᠳᠪᠦᠷᠢᠯᠡᠯ ᠺᠠᠨᠠᠳᠠ ᠶᠢᠨ 1/4᠃ ᠮᠠᠨ ᠤ ᠤᠯᠤᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠤᠨᠴᠠᠯᠢᠭ ᠪᠤᠯ ︽ᠨᠢᠬᠡ ᠠᠷᠪᠢᠨ ᠭᠤᠷᠪᠠᠨ ᠴᠦᠬᠡᠨ︾᠂ ᠲᠠᠷᠤᠢ᠂ ᠶᠡᠷᠦᠩᠬᠡᠢ ᠬᠡᠮᠵᠢᠶ᠎ᠠ ᠠᠷᠪᠢᠨ᠂ ᠬᠦᠮᠦᠨ ᠲᠤᠮᠳᠠᠴᠢ ᠶᠢᠨ ᠲᠡᠭᠰᠢᠳᠭᠡᠭᠰᠡᠨ ᠲᠠᠷᠢᠶᠠᠨ ᠭᠠᠵᠠᠷ ᠴᠦᠬᠡᠨ᠂ ᠶᠠᠰᠦ ᠴᠢᠨᠠᠷ ᠰᠠᠶᠢᠨ ᠲᠠᠷᠢᠶᠠᠨ ᠭᠠᠵᠠᠷ ᠴᠦᠬᠡᠨ᠂ ᠨᠡᠬᠡᠬᠡᠨ ᠠᠰᠢᠬᠯᠠᠵᠤ ᠪᠤᠯᠬᠤ ᠪᠡᠯᠡᠳᠬᠡᠯ ᠡᠬᠢ ᠪᠠᠶᠠᠯᠢᠭ ᠴᠦᠬᠡᠨ᠃ ᠬᠡᠳᠦ᠋ᠢᠪᠡᠷ ᠮᠠᠨ ᠤ ᠤᠯᠤᠰ ᠤᠨ ᠤᠳᠤ ᠪᠠᠶᠢᠭ᠎ᠠ ᠭᠠᠵᠠᠷ ᠰᠢᠷᠦᠢ ᠶᠢᠨ ᠲᠠᠯᠠᠪᠠᠢ ᠲᠡᠯᠡᠬᠡᠢ ᠶᠢᠨ ᠭᠤᠷᠪᠠᠳᠤᠭᠠᠷ ᠲᠤ ᠤᠷᠤᠬᠤ ᠪᠤᠯᠪᠠᠴᠤ ᠬᠦᠮᠦᠨ ᠲᠤᠮᠳᠠᠴᠢ ᠶᠢᠨ ᠲᠡᠭᠰᠢᠳᠭᠡᠭᠰᠡᠨ ᠬᠡᠮᠵᠢᠶ᠎ᠠ ᠰᠠᠶᠢ ᠲᠡᠯᠡᠬᠡᠢ ᠶᠢᠨ ᠲᠡᠭᠰᠢᠳᠭᠡᠭᠰᠡᠨ ᠬᠡᠮᠵᠢᠶ᠎ᠠ ᠶᠢᠨ 1/3︔ ᠲᠠᠷᠢᠶᠠᠨ ᠭᠠᠵᠠᠷ ᠤᠨ ᠲᠡᠯᠡᠪᠡᠢ ᠲᠡᠯᠡᠬᠡᠢ ᠶᠢᠨ ᠬᠤᠶᠠᠳᠤᠭᠠᠷ ᠲᠤ ᠤᠷᠤᠬᠤ ᠪᠤᠯᠪᠠᠴᠤ ᠬᠦᠮᠦᠨ ᠲᠤᠮᠳᠠᠴᠢ ᠶᠢᠨ ᠲᠡᠭᠰᠢᠳᠭᠡᠭᠰᠡᠨ ᠬᠡᠮᠵᠢᠶ᠎ᠠ ᠰᠠᠶᠢ ᠲᠡᠯᠡᠬᠡᠢ ᠶᠢᠨ 67 ᠳ᠋ᠤᠭᠠᠷ ᠲᠤ ᠤᠷᠤᠨ᠎ᠠ᠃      

    ᠡᠨᠡ ᠵᠢᠯ ᠪᠤᠯ ᠪᠦᠬᠦ ᠤᠯᠤᠰ ᠤᠨ 25 ᠳ᠋ᠤᠭᠠᠷ ᠭᠠᠵᠠᠷ ᠰᠢᠷᠦᠢ ᠶᠢᠨ ᠡᠳᠦᠷ ᠪᠠᠶᠢᠵᠤ᠂ ᠭᠤᠤᠯ ᠰᠡᠳᠦᠪ ᠨᠢ᠂ ︽ᠭᠠᠵᠠᠷ ᠰᠢᠷᠦᠢ ᠶᠢ ᠡᠷᠴᠢᠮᠵᠢᠬᠦᠯᠦᠨ ᠠᠷᠪᠢᠯᠠᠨ ᠬᠡᠷᠡᠭᠯᠡᠵᠤ ᠭᠠᠵᠠᠷ ᠰᠢᠷᠦᠢ ᠶᠢ ᠠᠰᠢᠬᠯᠡᠬᠤ ᠬᠡᠯᠪᠡᠷᠢ ᠶᠢ ᠦᠨᠳᠦᠰᠦᠨ ᠠᠴᠠ ᠨᠢ ᠬᠤᠪᠢᠷᠠᠭᠤᠯᠬᠤ ᠶᠢ ᠠᠬᠢᠭᠤᠯᠬᠤ︾ ᠪᠤᠯᠤᠨ᠎ᠠ᠃      

    ᠶᠠᠭᠤᠨ ᠳᠤ ᠡᠨᠡᠬᠦ ᠭᠤᠤᠯ ᠰᠡᠳᠦᠪ ᠢ ᠲᠤᠬᠳᠠᠭᠠᠬᠰᠠᠨ ᠪᠤᠢ ᠬᠡᠪᠡᠯ᠂ ᠤᠢᠢᠷ᠎ᠠ ᠶᠢᠨ ᠵᠢᠯ᠂ ᠮᠠᠨ ᠤ ᠤᠯᠤᠰ ᠤᠨ ᠠᠵᠤ ᠠᠬᠤᠢ ᠨᠡᠶᠢᠬᠡᠮ ᠤᠨ ᠲᠦᠷᠬᠡᠨ ᠬᠦᠭᠵᠢᠯᠳᠠ ᠶᠢ ᠲᠠᠭᠠᠯᠳᠤᠨ ᠪᠦᠳᠦᠬᠡᠨ ᠪᠠᠶᠢᠭᠤᠯᠤᠯᠳᠠ ᠳᠤ ᠭᠡᠷᠡᠭᠯᠡᠭᠦ ᠭᠠᠵᠠᠷ ᠰᠢᠷᠦᠢ ᠶᠢᠨ ᠱᠠᠭᠠᠷᠳᠠᠯᠭ᠎ᠠ ᠪᠡ ᠲᠠᠷᠢᠶᠠᠨ ᠭᠠᠵᠠᠷ ᠢ ᠬᠠᠮᠠᠭᠠᠯᠬᠤ ᠯᠤᠭ᠎ᠠ ᠶᠢᠨ ᠬᠤᠭᠤᠷᠤᠨᠳᠤᠬᠢ ᠵᠦᠷᠢᠴᠡᠯ ᠲᠦᠢᠯ ᠤᠨ ᠲᠤᠪᠤᠶᠢᠮ᠎ᠠ ᠪᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠲᠠᠷᠤᠭᠠᠰᠤ ᠤᠯᠠᠮ ᠢᠶᠠᠷ ᠬᠦᠨᠳᠤᠷᠠᠵᠠᠢ᠃ ᠡᠬᠦᠨ ᠤ ᠬᠠᠮᠳᠤ᠂ ᠮᠠᠨ ᠤ ᠤᠯᠤᠰ ᠤᠨ ᠭᠠᠵᠠᠷ ᠰᠢᠷᠦᠢ ᠶᠢ ᠪᠦᠳᠦᠬᠦᠯᠢᠭ ᠢᠶᠠᠷ ᠬᠡᠷᠡᠭᠯᠡᠬᠦ ᠦᠵᠡᠭᠳᠡᠯ ᠨᠠᠯᠢᠶᠡᠳ ᠬᠦᠨᠳᠤ ᠨᠤᠴᠢᠳᠡᠢ ᠪᠠᠶᠢᠵᠤ᠂ ᠭᠠᠵᠠᠷ ᠰᠢᠷᠦᠢ ᠶᠢ ᠡᠷᠴᠢᠮᠵᠢᠬᠦᠯᠦᠨ ᠠᠷᠪᠢᠯᠠᠨ ᠬᠡᠷᠡᠭᠯᠡᠬᠦ ᠶᠢ ᠬᠦᠨᠵᠡᠬᠡᠢ ᠦᠷᠨᠢᠬᠦᠯᠦᠨ᠂ ᠠᠵᠤ ᠠᠬᠤᠢ ᠶᠢᠨ ᠬᠦᠭᠵᠢᠯᠳᠠ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠪᠠ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠶᠢ ᠲᠤᠯᠭᠠᠮ᠎ᠠ ᠱᠠᠭᠠᠷᠳᠠᠵᠤ ᠪᠤᠢ᠃ ᠭᠠᠵᠠᠷ ᠰᠢᠷᠦᠢ ᠶᠢ ᠡᠷᠴᠢᠮᠵᠢᠬᠦᠯᠦᠨ ᠠᠷᠪᠢᠯᠠᠨ ᠬᠡᠷᠡᠭᠯᠡᠬᠦ ᠪᠤᠯ ᠮᠠᠨ ᠤ ᠤᠯᠤᠰ ᠤᠨ ᠦᠨᠳᠦᠰᠦᠨ ᠪᠠᠶᠢᠳᠠᠯ ᠵᠢᠴᠢ ᠤᠳᠤᠬᠢᠴᠢᠯᠠᠯᠳᠠ ᠶᠢᠨ ᠬᠦᠭᠵᠢᠯᠳᠠ ᠶᠢᠨ ᠵᠠᠶᠢᠯᠠᠰᠢ ᠦᠬᠡᠢ ᠰᠤᠩᠭᠤᠯᠳᠠ᠂ ᠭᠠᠵᠡᠷ ᠰᠢᠷᠦᠢ ᠶᠢᠨ ᠡᠬᠢ ᠪᠠᠶᠠᠯᠢᠭ ᠤᠨ ᠪᠤᠭᠤᠮᠢ ᠶᠢᠨ ᠬᠦᠯᠢᠶᠠᠰᠤᠯᠠᠯ ᠢ ᠡᠪᠳᠡᠵᠤ᠂ ᠪᠦᠬᠦ ᠲᠠᠯ᠎ᠠ ᠪᠠᠷ ᠦᠷᠬᠦᠯᠵᠢᠯᠡᠨ ᠵᠤᠬᠢᠴᠠᠩᠭᠤᠢ ᠪᠠᠷ ᠬᠦᠭᠵᠢᠬᠦ ᠶᠢ ᠪᠡᠶᠡᠯᠡᠬᠦᠯᠬᠦ ᠶᠢᠨ ᠵᠠᠪᠠᠯ ᠶᠠᠪᠤᠬᠤ ᠵᠠᠮ ᠮᠦᠨ᠃



ᠢᠷᠡᠯᠲᠡ
ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro