ᠮᠣᠳᠦ ᠲᠠᠷᠢᠬᠤ ᠡᠳᠦᠷ ᠤᠨ ᠬᠠᠮᠤᠭ ᠤᠨ ᠰᠠᠶᠢᠨ ᠪᠡᠯᠡᠭ᠄ ︽ᠪᠠᠶᠢᠴᠠᠭᠠᠬᠤ ᠠᠵᠢᠯ ᠤᠨ ᠬᠥᠬᠡ︾ ᠪᠠᠷ ᠬᠤᠲᠠ ᠶᠢᠨ ᠨᠣᠭᠤᠭᠠᠨ ᠦᠩᠭᠡ ᠶᠢᠨ ᠬᠦᠯᠢᠶᠡᠰᠦ ᠶᠢ ᠰᠤᠯᠠᠯᠠᠶ᠎ᠠ
ᠳᠥᠴᠢᠨ ᠨᠠᠢᠮᠠᠳᠤᠭᠠᠷ ᠮᠣᠳᠣ ᠳᠠᠷᠢᠬᠤ ᠡᠳᠤᠷ ᠬᠦᠷᠴᠦ ᠢᠷᠡᠬᠦ ᠲᠠᠰᠢᠷᠠᠮ ᠢᠶᠠᠷ ᠡᠵᠡᠨ ᠬᠤᠷᠤᠭ᠎ᠠ ᠬᠤᠰᠢᠭᠤ ᠨᠢᠭᠡᠨ ᠣᠨᠴᠠᠭᠠᠶ ︽ᠪᠣᠬᠢᠷᠲᠤᠯ ᠥᠬᠡᠶ ᠬᠠᠷᠢᠭᠤᠯᠲᠠ ᠶᠢᠨ ᠬᠠᠭᠤᠳᠠᠰᠤ︾ ᠬᠦᠯᠢᠶᠡᠨ ᠠᠪᠤᠪᠠ᠃ ᠣᠶᠢᠷ᠎ᠠ ᠳᠤ ᠬᠤᠰᠢᠭᠤᠨ ᠤ ᠵᠡᠭᠡᠯᠢ ᠳᠤ ᠣᠯᠠᠨ ᠰᠠᠭᠤᠷᠢ ᠮᠣᠳᠣ ᠶᠢ ᠲᠡᠮᠦᠷ ᠤᠲᠠᠰᠤ ᠪᠠᠷ ᠤᠶᠠᠭᠰᠠᠨ ᠠᠰᠠᠭᠤᠳᠠᠯ ᠢ ᠨᠢᠭᠡᠨᠲᠡ ᠪᠥᠬᠦ ᠲᠠᠯ᠎ᠠ ᠪᠠᠷ ᠴᠡᠭᠴᠡᠯᠡᠨ ᠵᠠᠰᠠᠵᠤ ᠳᠠᠭᠤᠰᠬᠠᠪᠠ᠃ ᠡᠨᠡ ᠪᠣᠯ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤᠷᠠᠨ ᠬᠤᠲᠠ ᠶᠢᠨ ᠣᠶ ᠮᠣᠳᠣᠨ ᠳᠤ ᠬᠦᠷᠭᠡᠭᠰᠡᠨ ᠪᠡᠯᠡᠭ ᠪᠣᠯᠤᠨ᠎ᠠ᠃
2026 ᠣᠨ ᠤ 2 ᠰᠠᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠠᠯᠠᠭ᠎ᠠ ᠮᠥᠴᠢᠷ ᠡᠳᠦᠷ ᠲᠤᠲᠤᠮ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ᠂ ᠠᠵᠢᠨᠠᠢ ᠴᠡᠴᠡᠷᠯᠢᠭ ᠤᠨ ᠣᠯᠠᠨ ᠰᠠᠭᠤᠷᠢ ᠮᠣᠳᠣ ᠲᠡᠮᠦᠷ ᠤᠲᠠᠰᠤ ᠨᠢ ᠮᠣᠳᠣᠨ ᠬᠠᠯᠢᠰᠤᠨ ᠳᠤ ᠰᠢᠭᠢᠳᠬᠡᠭᠰᠡᠨ ᠠᠴᠠ ᠪᠣᠯᠵᠣ ᠮᠣᠳᠣᠨ ᠤ ᠡᠰᠢ ᠳᠤ ᠰᠠᠭᠠᠳ ᠤᠴᠠᠷᠠᠵᠤ᠂ ᠦᠰᠦᠨ ᠪᠤᠶᠢᠵᠢᠯᠲᠠ ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠤᠭᠰᠠᠨ ᠢ ᠣᠯᠵᠤ ᠮᠡᠳᠡᠵᠡᠶ᠃
ᠲᠣᠰ ᠬᠤᠷᠢᠶ᠎ᠠ ᠲᠡᠷᠡ ᠳᠠᠷᠤᠶ ᠳᠤᠨᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠵᠠᠰᠠᠯᠲᠠ ᠶᠢᠨ ᠠᠷᠭ᠎ᠠ ᠬᠡᠮᠵᠢᠶ᠎ᠡ ᠵᠥᠪᠳᠡᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠠᠷᠦ᠋ᠢᠬᠠᠨ ᠪᠥᠬᠦ ᠲᠠᠯ᠎ᠠ ᠪᠠᠷ ᠪᠠᠶᠢᠴᠠᠭᠠᠨ ᠴᠡᠪᠡᠷᠯᠡᠬᠦ ᠶᠢ ᠵᠣᠬᠢᠶᠠᠨ ᠪᠠᠶᠢᠭᠤᠯᠵᠤ᠂ ᠬᠤᠬᠢᠷᠠᠭᠰᠠᠨ ᠮᠣᠳᠣ ᠶᠢ ᠲᠤᠰᠬᠠᠶ ᠠᠷᠠᠴᠢᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠪᠡ᠃ ᠴᠡᠭᠴᠡᠯᠡᠨ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠣᠶ ᠰᠢᠭᠤᠶ ᠶᠢᠨ ᠲᠤᠰᠬᠠᠶ ᠮᠡᠷᠭᠡᠵᠢᠯᠲᠡᠨ ᠳᠤ ᠨᠠᠶᠢᠳᠠᠨ ᠦᠨᠡᠯᠡᠨ ᠵᠢᠱᠢᠯᠲᠡ ᠬᠢᠯᠭᠡᠵᠦ᠂ ᠤᠶᠠᠵᠤ ᠬᠦᠯᠢᠭᠰᠡᠨ ᠶᠠᠭᠤᠮ᠎ᠠ ᠶᠢ ᠨᠢᠭᠡᠨᠲᠡ ᠲᠦᠢᠯᠪᠤᠷᠢᠲᠠᠶ ᠠᠷᠢᠯᠭᠠᠵᠤ᠂ ᠣᠶ ᠮᠣᠳᠣ ᠶᠢ ᠪᠦᠲᠦᠮᠵᠢᠲᠡᠶ ᠪᠠᠷ ᠵᠠᠰᠠᠨ ᠰᠡᠷᠭᠦᠭᠡᠵᠦ᠂ ᠠᠮᠢ ᠠᠬᠤᠶ ᠶᠢᠨ ᠣᠷᠴᠢᠨ ᠨᠥᠬᠦᠴᠡᠯ ᠤᠨ ᠬᠤᠬᠢᠷᠠᠯ ᠢ ᠠᠷᠢᠯᠭᠠᠭᠰᠠᠨ ᠢ ᠨᠤᠲᠠᠯᠠᠪᠠ᠃
ᠡᠨᠡᠬᠦ ᠬᠦᠰᠡᠯ ᠡᠷᠡᠮᠡᠯᠵᠡᠯ ᠤᠨ ᠪᠠᠶᠠᠷ ᠤᠨ ᠡᠳᠦᠷ ᠲᠤ᠂ ᠡᠨᠡᠬᠦ ᠣᠨᠴᠠᠭᠠᠢ ︽ᠪᠡᠯᠡᠭ︾ ᠨᠢ ᠮᠣᠳᠣᠨ ᠤ ᠬᠦᠯᠢᠶᠡᠰᠦ ᠶᠢ ᠰᠤᠯᠠᠷᠠᠭᠤᠯᠤᠭᠰᠠᠨ ᠢᠶᠠᠷ ᠪᠠᠷᠠᠬᠤ ᠦᠭᠡᠢ ᠨᠡᠩ ᠴᠤ ︽ᠪᠠᠶᠢᠴᠠᠭᠠᠬᠤ ᠠᠵᠢᠯ ᠤᠨ ᠬᠦᠬᠡ ᠦᠩᠭᠡ︾ ᠨᠢ ︽ᠠᠮᠢ ᠠᠬᠤᠢ ᠶᠢᠨ ᠨᠣᠭᠤᠭᠠᠨ ᠦᠩᠭᠡ︾ ᠶᠢ ᠰᠠᠬᠢᠨ ᠬᠠᠮᠠᠭᠠᠯᠠᠬᠤ ᠠᠮᠠᠯᠠᠯᠲᠠ ᠶᠢ ᠨᠠᠶᠢᠳᠠᠪᠤᠷᠢᠵᠢᠭᠤᠯᠵᠠᠢ᠃ ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠡᠭᠦᠷᠭᠡ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠵᠤ᠂ ᠬᠠᠮᠠᠭᠠᠯᠠᠯᠲᠠ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠬᠥᠬᠡᠮᠳᠦᠭ ᠨᠣᠭᠤᠭᠠᠨ ᠠᠭᠤᠯᠠ ᠤᠰᠤ ᠪᠠᠨ ᠰᠠᠬᠢᠨ ᠬᠠᠮᠠᠭᠠᠯᠠᠨ᠎ᠠ︕