ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠦᠴᠦᠸᠠᠨ ᠰᠢᠶᠠᠨ ᠤ ᠠᠷᠠᠳ ᠤᠨ ᠪᠠᠶᠢᠴᠠᠭᠠᠬᠤ ᠬᠣᠷᠢᠶ᠎ᠠ ᠵᠤᠭ᠎ᠠ ᠴᠡᠩᠭᠡᠯ ᠦᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠶᠢᠨ ᠲᠣᠣᠷ ᠢ ᠨᠢᠭᠲᠠ ᠰᠦᠯᠵᠢᠵᠦ ᠨᠠᠰᠤᠨ ᠳᠤ ᠦᠯᠦ ᠬᠦᠷᠦᠭᠰᠡᠳ ᠤᠨ ᠰᠡᠷᠭᠡᠶᠢᠯᠡᠨ ᠬᠠᠮᠠᠭᠠᠯᠠᠬᠤ ᠬᠡᠷᠡᠮ ᠢ ᠪᠠᠬᠢᠵᠢᠭᠦᠯᠪᠡ

2026-04-03 11:03:34
ᠵᠣᠬᠢᠶᠠᠭᠴᠢ
ᠶᠤᠸᠠᠨ ᡁᠢ ᠪᠦᠸ᠋ᠸ

    ᠦᠴᠤᠸᠠᠨ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ ᠵᠠᠷᠭᠤ ᠶᠢᠨ ᠡᠭᠦᠷᠭᠡ ᠴᠢᠳᠠᠪᠤᠷᠢ ᠳᠠᠭᠠᠨ ᠰᠠᠭᠤᠷᠢᠯᠠᠵᠤ᠂ ᠰᠢᠶᠠᠨ ᠤ ᠬᠡᠪᠴᠢᠶᠡᠨ ᠤ ᠰᠡᠯᠡᠭᠦᠴᠡᠯ ᠵᠤᠭ᠎ᠠ ᠴᠡᠩᠭᠡᠯ ᠤᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠪᠣᠯᠤᠨ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠲᠦᠭᠰᠢᠭᠦᠷᠢ ᠶᠢᠨ ᠴᠡᠭ ᠢ ᠴᠢᠩᠭ᠎ᠠ ᠠᠩᠬᠠᠷᠴᠤ᠂ ︽ᠬᠢᠨᠠᠯᠲᠠ ᠲᠠᠯᠪᠢᠬᠤ ᠬᠠᠮᠵᠢᠯᠴᠠᠬᠤ ᠵᠠᠰᠠᠬᠤ︾ ᠭᠤᠷᠪᠠ ᠶᠢ ᠨᠢᠭᠡ ᠴᠤᠭᠴᠠᠵᠢᠭᠤᠯᠬᠤ ᠵᠠᠭᠪᠤᠷ ᠢᠶᠠᠷ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠥᠰᠦᠨ ᠪᠣᠶᠢᠵᠢᠬᠤ ᠳᠤ ᠪᠠᠲᠤ ᠪᠠᠬᠢ ᠬᠠᠤᠯᠢ ᠴᠠᠭᠠᠵᠠ ᠶᠢᠨ ᠬᠠᠯᠬᠠᠪᠴᠢ ᠶᠢ ᠪᠠᠲᠤ ᠴᠣᠭᠴᠠᠯᠠᠪᠠ᠃
    ᠨᠢᠭᠡ᠂ ᠣᠯᠠᠨ ᠵᠦᠢᠯ ᠤᠨ ᠪᠠᠶᠢᠴᠠᠭᠠᠯᠲᠠ ᠶᠢᠨ ᠠᠷᠭ᠎ᠠ ᠠᠪᠴᠠᠯ ᠲᠣᠭᠲᠠᠭᠠᠵᠤ᠂ ᠣᠨᠣᠪᠴᠢᠲᠠᠢ ᠪᠠᠷ ᠬᠢᠨᠠᠯᠲᠠ ᠲᠠᠯᠪᠢᠵᠤ ᠬᠤᠷᠢᠭ᠎ᠠ ᠱᠤᠭᠤᠮ ᠢ ᠰᠠᠬᠢᠨ ᠬᠠᠮᠠᠭᠠᠯᠠᠪᠠ
    ︽ᠡᠳᠦᠷ ᠲᠤᠲᠤᠮ ᠤᠨ ᠲᠣᠭᠤᠷᠢᠨ ᠪᠠᠶᠢᠴᠠᠭᠠᠬᠤ+ ᠲᠤᠭ᠎ᠠ ᠪᠠᠷᠢᠮᠲᠠ ᠬᠠᠷᠭᠤᠭᠤᠯᠬᠤ+ ᠡᠷᠡᠭᠦᠦ ᠶᠢᠨ ᠬᠡᠷᠡᠭ ᠤᠨ ᠪᠤᠴᠠᠵᠤ ᠨᠡᠬᠡᠮᠵᠢᠯᠡᠬᠦ︾ ᠰᠦᠪᠡᠭᠴᠢ ᠶᠢ ᠢᠯᠡᠷᠡᠭᠦᠯᠬᠦ ᠰᠢᠰᠲ᠋ᠧᠮᠵᠢ ᠶᠢ ᠪᠠᠶᠢᠭᠤᠯᠵᠤ᠂ ᠵᠤᠭ᠎ᠠ ᠴᠡᠩᠭᠡᠯ ᠤᠨ ᠲᠠᠯᠠᠪᠤᠷ ᠢ ᠪᠠᠶᠢᠩᠭᠤᠵᠢᠭᠤᠯᠤᠨ ᠪᠠᠶᠢᠴᠠᠭᠠᠬᠤ ᠳᠤᠮᠳᠠ᠂ ᠡᠷᠡᠭᠦᠦ ᠶᠢᠨ ᠪᠠᠶᠢᠴᠠᠭᠠᠯᠲᠠ ᠶᠢᠨ ᠰᠠᠯᠠᠭ᠎ᠠ ᠮᠥᠴᠢᠷ ᠤᠨ ᠬᠡᠷᠡᠭ ᠤᠨ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠵᠤᠭ᠎ᠠ ᠴᠡᠩᠭᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠥᠩᠭᠡᠷᠡᠭᠡᠳ ᠮᠥᠨ ᠯᠡ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ 3 ᠭᠠᠵᠠᠷ ᠢ ᠣᠨᠣᠪᠴᠢᠲᠠᠢ ᠲᠣᠭᠲᠠᠭᠠᠬᠤ ᠶᠢᠨ ᠬᠠᠮᠲᠤ ᠡᠭᠦᠨ ᠳᠤ ᠨᠠᠰᠤᠨ ᠳᠤ ᠦᠯᠦ ᠬᠦᠷᠦᠭᠰᠡᠳ ᠲᠤ ᠬᠤᠯᠪᠣᠭᠳᠠᠭᠰᠠᠨ ᠬᠡᠷᠡᠭ ᠤᠨ ᠰᠦᠪᠡᠭᠴᠢ ᠶᠢ ᠣᠯᠵᠤ ᠮᠡᠳᠡᠪᠡ᠃ ᠡᠭᠦᠨ ᠢᠶᠠᠷ ᠭᠠᠷᠳᠠᠬᠤ ᠴᠡᠭ ᠪᠣᠯᠭᠠᠵᠤ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠢ ᠭᠦᠨᠵᠡᠭᠡᠢ ᠠᠭᠤᠳᠠᠯᠵᠤ᠂ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠪᠠᠷ ᠬᠢᠨᠠᠯᠲᠠ ᠲᠠᠯᠪᠢᠬᠤ ᠭᠤᠤᠯᠳᠠᠯᠭ᠎ᠠ ᠪᠣᠯᠭᠠᠵᠤ᠂ ᠬᠢᠨᠠᠯᠲᠠ ᠲᠠᠯᠪᠢᠬᠤ ᠴᠢᠭᠯᠡᠯ ᠢ ᠣᠨᠣᠪᠴᠢᠲᠠᠢ᠂ ᠡᠪᠡᠷᠰᠢᠶᠡᠯ ᠢ ᠰᠢᠭᠤᠳ ᠴᠣᠬᠢᠬᠤ ᠶᠢ ᠦᠨᠡᠨ ᠬᠦ ᠪᠠᠲᠤᠯᠠᠪᠠ᠃
    ᠬᠤᠶᠠᠷ᠂ ᠵᠥᠪᠳᠡᠯᠴᠡᠭᠡ ᠬᠢᠬᠦ ᠪᠠᠷ ᠳᠠᠮᠵᠢᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠤᠶᠠᠨ ᠵᠥᠭᠡᠯᠡᠨ ᠨᠡᠪᠲᠡᠷᠡᠯᠴᠡᠭᠡ ᠪᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ
      ᠪᠠᠶᠢᠴᠠᠭᠠᠬᠤ ᠪᠠᠶᠢᠭᠤᠯᠭ᠎ᠠ ᠪᠣᠯᠤᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠥᠪᠳᠡᠯᠴᠡᠭᠡ ᠬᠢᠵᠦ᠂ ᠪᠣᠳᠠᠲᠤ ᠶᠠᠪᠤᠳᠠᠯ ᠢ ᠦᠨᠡᠨ ᠬᠦ ᠮᠡᠳᠡᠷᠡᠬᠦ ᠪᠠᠷ ᠳᠠᠮᠵᠢᠭᠤᠯᠤᠨ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠰᠠᠨᠠᠯ ᠢᠶᠠᠨ ᠭᠦᠢᠴᠡᠳ ᠰᠣᠯᠢᠯᠴᠠᠵᠤ᠂ ᠬᠠᠮᠲᠤ ᠶᠢᠨ ᠲᠠᠨᠢᠯᠲᠠ ᠪᠠᠨ ᠳᠡᠭᠡᠭᠰᠢᠯᠡᠭᠦᠯᠵᠦ᠂ ᠬᠡᠷᠡᠭ ᠲᠤ ᠬᠤᠯᠪᠣᠭᠳᠠᠬᠤ ᠲᠠᠯᠠᠪᠤᠷ ᠲᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ᠂ ᠪᠥᠬᠦ ᠰᠢᠶᠠᠨ ᠤ ᠵᠤᠭ᠎ᠠ ᠴᠡᠩᠭᠡᠯ ᠤᠨ ᠲᠠᠯᠠᠪᠤᠷ ᠤᠨ ᠡᠵᠡᠩᠨᠡᠯᠲᠡ ᠶᠢᠨ ᠬᠢᠷᠢ ᠭᠡᠮ ᠢ ᠲᠤᠰᠬᠠᠢ ᠬᠢᠨᠠᠨ ᠪᠠᠶᠢᠴᠠᠭᠠᠬᠤ᠂ ᠤᠷᠲᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠵᠡᠷᠭᠡ ᠴᠡᠭᠴᠡᠯᠡᠨ ᠰᠠᠶᠢᠵᠢᠷᠠᠭᠤᠯᠬᠤ ᠴᠢᠭᠯᠡᠯ ᠢ ᠬᠠᠮᠲᠤᠪᠠᠷ ᠲᠣᠳᠣᠷᠬᠠᠶᠢᠯᠠᠬᠤ ᠶᠢᠨ ᠬᠠᠮᠲᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠶᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ︽ᠰᠠᠨᠠᠭᠠᠴᠢᠯᠠᠭ᠎ᠠ ᠦᠭᠡᠢ ᠪᠠᠷ ᠠᠷᠭᠠᠴᠠᠬᠤ︾ ᠠᠴᠠ ︽ᠰᠠᠨᠠᠭᠠᠴᠢᠯᠠᠭ᠎ᠠ ᠎ᠡᠴᠡ ᠪᠠᠨ ᠠᠵᠢᠯᠯᠠᠬᠤ︾  ᠲᠡᠶᠢᠰᠢ ᠬᠤᠪᠢᠷᠠᠭᠤᠯᠬᠤ ᠶᠢ ᠠᠬᠢᠭᠤᠯᠵᠤ᠂ ︽ᠪᠠᠭᠠᠴᠤᠳ ᠢ ᠬᠠᠮᠠᠭᠠᠯᠠᠬᠤ︾ ᠠᠵᠢᠯ ᠢ ᠥᠷᠨᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠪᠠ᠃
    ᠭᠤᠷᠪᠠ᠂ ᠤᠷᠲᠤ ᠬᠤᠭᠤᠴᠠᠭᠠᠨ ᠤ ᠪᠦᠲᠦᠮᠵᠢᠲᠡᠢ ᠵᠠᠰᠠᠯᠲᠠ ᠪᠠᠷ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂ ᠰᠢᠰᠲ᠋ᠧᠮ ᠲᠠᠢ ᠬᠢᠨᠠᠯᠲᠠ ᠲᠠᠯᠪᠢᠬᠤ ᠪᠠᠷ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ
    ᠵᠠᠰᠠᠭ ᠵᠠᠬᠢᠷᠭᠠᠨ ᠤ ᠪᠠᠶᠢᠭᠤᠯᠭ᠎ᠠ ᠶᠢ ᠰᠢᠮᠳᠠᠭᠤᠯᠵᠤ ᠪᠠᠶᠢᠭᠠᠳ ᠨᠢᠭᠡ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠲᠡᠭᠦᠨ ᠤ ᠪᠥᠬᠦ ᠰᠢᠶᠠᠨ ᠤ ᠬᠡᠪᠴᠢᠶᠡᠨ ᠳᠤ ᠵᠤᠭ᠎ᠠ ᠴᠡᠩᠭᠡᠯ ᠤᠨ ᠲᠠᠯᠠᠪᠤᠷ ᠤᠨ ᠡᠵᠡᠩᠨᠡᠯᠲᠡ ᠶᠢᠨ ᠬᠢᠷᠢ ᠭᠡᠮ ᠢ ᠲᠤᠰᠬᠠᠢ ᠬᠢᠨᠠᠨ ᠪᠠᠶᠢᠴᠠᠭᠠᠬᠤ ᠶᠢ ᠨᠠᠩ ᠠᠬᠢᠭᠤᠯᠵᠤ᠂ ᠦᠨᠡᠮᠯᠡᠯ ᠦᠭᠡᠢ ᠪᠠᠷ ᠡᠵᠡᠩᠨᠡᠬᠦ᠂ ᠲᠣᠭᠲᠠᠭᠠᠯ ᠠᠴᠠ ᠵᠥᠷᠢᠴᠡᠨ ᠨᠠᠰᠤᠨ ᠳᠤ ᠥᠯᠦ ᠭᠦᠷᠦᠭᠰᠡᠳ ᠢ ᠬᠦᠯᠢᠶᠡᠨ ᠠᠪᠬᠤ ᠵᠡᠷᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠬᠦ ᠲᠠᠯ᠎ᠠ ᠪᠠᠷ ᠢᠯᠭᠠᠷᠠᠭᠤᠯᠬᠤ ᠬᠡᠷᠡᠭᠲᠡᠢ᠃ ᠡᠭᠦᠨ ᠤ ᠬᠠᠮᠲᠤ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠤᠭ᠎ᠠ ᠴᠡᠩᠭᠡᠯ ᠤᠨ ᠲᠠᠯᠠᠪᠤᠷ ᠤᠨ ᠤᠷᠲᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠶᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠵᠥᠪᠰᠢᠶᠡᠷᠡᠵᠦ ᠬᠢᠨᠠᠨ ᠰᠢᠯᠭᠠᠬᠤ ᠪᠦᠬᠦ ᠶᠠᠪᠤᠴᠠ ᠳᠤ ᠠᠭᠤᠰᠬᠠᠨ ᠣᠷᠣᠭᠤᠯᠵᠤ᠂ ︽ᠲᠤᠰᠬᠠᠢ ᠬᠡᠷᠡᠭ ᠢ ᠰᠢᠢᠳᠪᠦᠷᠢᠯᠡᠬᠦ︾ ᠠᠴᠠ ︽ᠠᠵᠢᠯ ᠲᠥᠷᠥᠯ ᠤᠨ ᠬᠢᠨ ᠤ ᠡᠬᠢ ᠰᠤᠷᠪᠤᠯᠵᠢ ᠶᠢ ᠴᠡᠪᠡᠷᠯᠡᠬᠦ︾ ᠪᠣᠯᠭᠠᠨ ᠲᠡᠰ ᠳᠡᠪᠰᠢᠭᠦᠯᠪᠡ᠃

ᠢᠷᠡᠯᠲᠡ
ᠬᠦᠬᠡᠬᠤᠲᠠ ᠵᠢᠨ ᠦᠴᠤᠸᠠᠨ ᠰᠢᠶᠠᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro