ᠬᠤᠤᠯᠢᠨ ᠭᠣᠣᠯ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠲᠤᠰᠢᠶᠠᠯ ᠤᠨ ᠶᠠᠯᠠᠳᠦ ᠬᠡᠷᠡᠭ ᠢ ᠤᠷᠢᠳᠴᠢᠯᠠᠨ ᠠᠵᠢᠯ ᠳᠤ ᠪᠠᠷᠢᠮᠲᠠ ᠶᠢ ᠭᠦᠢᠴᠡᠳ ᠠᠰᠢᠭᠯᠠᠬᠤ ᠴᠢᠬᠤᠯᠠᠴᠢᠯᠠᠵᠣ ᠪᠣᠢ
ᠬᠤᠤᠯᠢᠨ ᠭᠣᠣᠯ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠲᠤᠰᠢᠶᠠᠯ ᠤᠨ ᠶᠠᠯᠠᠳᠦ ᠬᠡᠷᠡᠭ ᠢ ᠤᠷᠢᠳᠴᠢᠯᠠᠨ ᠳᠤ ᠪᠠᠷᠢᠮᠲᠠ ᠶᠢ ᠭᠦᠢᠴᠡᠳ ᠠᠰᠢᠭᠯᠠᠬᠤ ᠶᠢ ᠴᠢᠬᠤᠯᠠᠴᠢᠯᠠᠵᠤ ᠤᠷᠢᠳᠴᠢᠯᠠᠨ ᠰᠡᠷᠭᠡᠶᠢᠯᠡᠬᠦ ᠪᠠᠶᠢᠴᠠᠭᠠᠯᠲᠠ ᠶᠢᠨ ᠮᠡᠳᠡᠭᠦᠯᠦᠯᠲᠠ ᠂ ᠪᠤᠳᠠᠳᠤ ᠬᠡᠷᠡᠭ ᠦᠨ ᠮᠡᠳᠡᠭᠦᠯᠦᠯᠲᠡ ᠂ ᠵᠢᠯ ᠦᠨ ᠮᠡᠳᠡᠭᠦᠯᠦᠯᠲᠡ ᠵᠡᠷᠭᠡ ᠶᠢ ᠵᠣᠬᠢᠶᠡᠨ ᠪᠢᠴᠢᠬᠦ ᠳ᠋ᠡᠭᠡᠨ ᠦᠰᠦᠭ ᠂ ᠲᠣᠭ᠎ᠠ ᠪᠠᠷᠢᠮᠳᠠ ᠪᠠ ᠵᠢᠷᠤᠭ ᠬᠦᠰᠦᠨᠦᠭᠳᠦ ᠶᠢᠨ ᠦᠢᠯᠡᠳᠦᠯ ᠢ ᠣᠨᠤᠪᠴᠢᠳᠠᠢ ᠠᠰᠢᠭᠯᠠᠨ ᠂ ᠲᠤᠰ ᠬᠣᠷᠢᠶᠠᠨ ᠤ ᠪᠠᠶᠢᠴᠠᠭᠠᠨ ᠬᠡᠷᠡᠭ ᠦᠨ ᠪᠠᠶᠢᠳᠠᠯ ᠂ ᠬᠡᠷᠡᠭ ᠢᠯᠡᠷᠡᠭᠰᠡᠨ ᠰᠢᠯᠲᠠᠭᠠᠨ ᠳᠤ ᠨᠠᠷᠢᠨ ᠵᠠᠳᠠᠯᠤᠯᠲᠠ ᠪᠠ ᠬᠠᠷᠢᠴᠠᠭᠤᠯᠤᠯ ᠬᠢᠬᠦ ᠶᠢᠨ ᠬᠠᠮᠳᠦ ᠂ ᠬᠡᠷᠡᠭ ᠢᠯᠡᠷᠡᠭᠰᠡᠨ ᠵᠢᠮ᠎ᠡ ᠶᠣᠰᠤ ᠪᠤᠯᠤᠨ ᠤᠷᠢᠳᠴᠢᠯᠠᠨ ᠰᠡᠷᠭᠡᠶᠢᠯᠡᠬᠦ ᠠᠵᠢᠯ ᠤᠨ ᠭᠣᠣᠯᠳᠠᠯᠭ᠎ᠠ ᠳ᠋ᠦ ᠵᠦᠪ ᠣᠨᠤᠪᠴᠢᠳᠠᠢ ᠲᠦᠰᠦᠭᠡᠯᠡᠯᠲᠠ ᠬᠢᠵᠦ ᠂ ᠮᠡᠳᠡᠭᠦᠯᠦᠯᠲᠡ ᠶᠢᠨ ᠠᠭᠤᠯᠭ᠎ᠠ ᠶᠢ ᠪᠠᠶᠠᠯᠢᠭᠵᠢᠭᠤᠯᠬᠤ ᠶᠢᠨ ᠬᠠᠮᠳᠦ ᠲᠡᠭᠦᠨ ᠦ ᠴᠢᠭᠯᠡᠯᠲᠦ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠨᠡᠩ ᠳᠣᠪᠤᠶᠢᠯᠭᠠᠭᠰᠠᠨ ᠪᠠᠶᠢᠨ᠎ᠠ ᠃ 2015 ᠣᠨ ᠳᠤ ᠬᠤᠤᠯᠢᠨ ᠭᠣᠣᠯ ᠬᠣᠲᠠ ᠶᠢᠨ ᠨᠠᠮ ᠤᠨ ᠬᠣᠷᠢᠶ᠎ᠠ ᠵᠠᠰᠠᠭ ᠤᠨ ᠣᠷᠳᠤᠨ ᠣ ᠬᠠᠮᠢᠶ᠎ᠠ ᠪᠦᠭᠦᠢ ᠭᠣᠣᠯ ᠤᠳᠤᠷᠢᠳᠤᠯᠭ᠎ᠠ ᠠᠴᠠ ᠲᠣᠰ ᠬᠤᠷᠢᠶᠠᠨ ᠠᠴᠠ ᠮᠡᠳᠡᠭᠦᠯᠦᠭᠰᠡᠨ 12 ᠬᠤᠪᠢ ᠤᠷᠢᠳᠴᠢᠯᠠᠨ ᠰᠡᠷᠭᠡᠶᠢᠯᠡᠬᠦ ᠪᠠᠶᠢᠴᠠᠭᠠᠯᠲᠠ ᠶᠢᠨ ᠮᠡᠳᠡᠭᠦᠯᠦᠯᠲᠠ ᠂ ᠪᠤᠳᠠᠳᠤ ᠬᠡᠷᠡᠭ ᠦᠨ ᠮᠡᠳᠡᠭᠦᠯᠦᠯᠲᠡ ᠂ ᠵᠢᠯ ᠦᠨ ᠮᠡᠳᠡᠭᠦᠯᠦᠯᠲᠡ ᠳ᠋ᠦ ᠴᠤᠬᠤᠯᠪᠦᠷᠢᠯᠡᠯᠲᠠ ᠦᠭᠴᠦ ᠂ ᠮᠦᠨ ᠨᠠᠮ ᠤᠨ ᠬᠣᠷᠢᠶ᠎ᠠ ᠵᠠᠰᠠᠭ ᠤᠨ ᠣᠷᠳᠤᠨ ᠣ ᠬᠠᠮᠢᠶ᠎ᠠ ᠪᠦᠭᠦᠢ ᠪᠠᠶᠢᠭᠤᠯᠭ᠎ᠠ ᠳᠤ ᠳᠠᠮᠵᠢᠭᠤᠯᠤᠨ ᠨᠡᠶᠢᠲᠡᠯᠡᠵᠦ ᠂ ᠮᠡᠳᠡᠭᠦᠯᠦᠯᠲᠡ ᠶᠢᠨ ᠰᠢᠢᠳᠪᠦᠷᠢᠲᠦ ᠪᠣᠳᠤᠯᠭ᠎ᠠ ᠲᠣᠭᠲᠠᠭᠠᠬᠤ ᠵᠥᠪᠯᠡᠭᠴᠢ ᠶᠢᠨ ᠦᠷᠲᠡᠭ ᠢ ᠪᠦᠷᠢᠨ ᠭᠦᠢᠴᠡᠳ ᠪᠠᠳᠠᠷᠠᠭᠤᠯᠵᠦ ᠴᠢᠳᠠᠭᠰᠠᠨ ᠪᠠᠶᠢᠨ᠎ᠠ ᠃