ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠫᠠᠨ ᡁᠢ ᠷᠦᠩ ᠨᠥᠭᠦᠷ ᠲᠦ 《 ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠳᠤᠰᠢᠶᠠᠯᠲᠠᠨ》 ᠂ 《 ᠥᠪᠡᠷᠲᠡᠭᠡᠨ ᠵᠠᠰᠠᠬᠤ ᠤᠷᠤᠨ ᠤ ᠰᠢᠯᠢᠳᠡᠭ ᠡᠪ ᠬᠠᠮᠲᠦ ᠨᠠᠮ ᠤᠨ ᠭᠡᠰᠢᠭᠦᠨ》  ᠦ ᠢᠷᠡᠭᠤ ᠠᠯᠳᠠᠷᠲᠤ ᠴᠤᠯᠠ ᠤᠯᠭᠤᠪᠠ

2016-05-16 09:15:36
ᠵᠣᠬᠢᠶᠠᠭᠴᠢ
ᠥᠪᠦᠷ ᠮᠤᠩᠭᠤᠯ ᠤᠨ ᠪᠠᠶᠢᠴᠠᠭᠠᠬᠤ ᠬᠤᠷᠢᠶ᠎ᠠ ᠶᠢᠨ ᠤᠷᠴᠢᠭᠤᠯᠭ᠎ᠠ ᠶᠢᠨ ᠭᠠᠵᠠᠷ

    3 ᠰᠠᠷ᠎ᠠ ᠶᠢᠨ31 ᠦ ᠦᠳᠡ ᠶᠢᠨ ᠡᠮᠦᠨ᠎ᠡ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠪᠤᠯᠤᠨ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠬᠠᠮᠲᠤᠷᠠᠨ ᠨᠡᠷᠡᠶᠢᠳᠦᠨ ᠬᠦᠬᠢᠭᠦᠯᠬᠦ ᠶᠡᠬᠡ ᠬᠤᠷᠠᠯ ᠬᠤᠷᠠᠯᠳᠤᠭᠤᠯᠵᠤ ᠂ ᠫᠠᠨ ᡁᠢ ᠷᠦᠩ ᠨᠥᠬᠦᠷ ᠲᠦ 《 ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠳᠤᠰᠢᠶᠠᠯᠲᠠᠨ》  ᠂ 《 ᠥᠪᠡᠷᠲᠡᠭᠡᠨ ᠵᠠᠰᠠᠬᠤ ᠤᠷᠤᠨ ᠤ ᠰᠢᠯᠢᠳᠡᠭ ᠡᠪ ᠬᠠᠮᠲᠦ ᠨᠠᠮ ᠤᠨ ᠭᠡᠰᠢᠭᠦᠨ》  ᠦ ᠢᠷᠡᠭᠤ  ᠠᠯᠳᠠᠷᠲᠤ ᠴᠤᠯᠠ  ᠣᠯᠭᠤᠵᠣ ᠂ ᠪᠦᠬᠦ  ᠤᠯᠤᠰ ᠤᠨ ᠪᠠᠶᠢᠴᠠᠭᠠᠬᠤ ᠪᠠᠶᠢᠭᠤᠯᠭ᠎ᠠ ᠪᠤᠯᠤᠨ ᠪᠠᠶᠢᠴᠠᠭᠠᠬᠤ ᠠᠵᠢᠯᠲᠠᠨ ᠂ ᠪᠦᠬᠦ ᠤᠷᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠫᠠᠨ ᡁᠢ ᠷᠦᠩ ᠨᠥᠬᠦᠷ ᠡᠴᠡ ᠰᠤᠷᠤᠯᠴᠠᠲᠤᠭᠤᠢ ᠭᠡᠵᠦ ᠤᠷᠢᠶᠠᠯᠠᠵᠠᠢ ᠃ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ  ᠼᠤᠤ ᠵᠢᠶᠠᠨ ᠮᠢᠩ  ᠫᠠᠨ ᡁᠢ ᠷᠦᠩ ᠨᠥᠬᠦᠷ ᠲᠦ 《ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠳᠤᠰᠢᠶᠠᠯᠲᠠᠨ》   ᠦ ᠢᠷᠠᠭᠤ ᠠᠯᠳᠠᠷ ᠤᠨ ᠦᠨᠡᠮᠯᠡᠯ ᠂ ᠱᠠᠩᠨᠠᠯ ᠤᠨ ᠲᠡᠮᠳᠡᠭ ᠭᠠᠷᠳᠠᠭᠤᠯᠤᠭᠰᠠᠨ ᠤ ᠬᠠᠮᠲᠤ ᠴᠢᠬᠤᠯᠠ ᠶᠠᠷᠢᠶ᠎ᠠ ᠲᠠᠯᠪᠢᠵᠠᠢ ᠃ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠬᠤᠷᠢᠶ᠎ᠠ ᠶᠢᠨ ᠡᠷᠬᠢᠯᠡᠭᠴᠢ ᠸᠠᠩ ᠵᠢᠶᠦ᠋ᠨ ᠫᠠᠨ ᡁᠢ ᠷᠦᠩ ᠨᠥᠬᠦᠷ ᠲᠦ 《 ᠥᠪᠡᠷᠲᠡᠭᠡᠨ ᠵᠠᠰᠠᠬᠤ ᠤᠷᠤᠨ ᠤ ᠰᠢᠯᠢᠳᠡᠭ ᠡᠪ ᠬᠠᠮᠲᠦ ᠨᠠᠮ ᠤᠨ ᠭᠡᠰᠢᠭᠦᠨ》  ᠦ ᠢᠷᠠᠭᠤ ᠠᠯᠳᠠᠷ ᠤᠨ ᠦᠨᠡᠮᠯᠡᠯ ᠭᠠᠷᠳᠠᠭᠤᠯᠤᠭᠰᠠᠨ ᠤ ᠬᠠᠮᠲᠤ ᠶᠠᠷᠢᠶ᠎ᠠ ᠲᠠᠯᠪᠢᠵᠠᠢ ᠃ ᠥᠪᠡᠷᠲᠡᠭᠡᠨ ᠵᠠᠰᠠᠬᠤ ᠤᠷᠤᠨ ᠤ ᠣᠷᠣᠯᠠᠭᠴᠢ ᠲᠡᠷᠢᠭᠦᠯᠡᠭᠴᠢ ᠪᠦ᠋ ᠰᠢᠶᠤᠤ ᠯᠢᠨ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠤᠯᠤᠰ  ᠲᠥᠷᠦ ᠶᠢᠨ ᠬᠡᠯᠲᠡᠰ ᠦᠨ ᠸᠠᠩ ᠱᠤᠤ ᠹᠧᠩ ᠂ ᠥᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠶᠠ ᠂ ᠯᠢ ᠫᠧᠩ ᠰᠢᠨ ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠮᠠ ᠶᠦᠩ ᠱᠧᠩ ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠥᠨᠳᠦᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠬᠤ᠋ ᠢ ᠹᠧᠩ᠂ ᠥᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠷᠢᠭᠤᠴᠠᠯᠭᠠᠲᠠᠳ ᠵᠢᠴᠢ ᠤᠯᠤᠰ  ᠲᠥᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠲᠥᠯᠦᠭᠡᠯᠡᠭᠴᠢᠳ ᠬᠤᠷᠠᠯ ᠳᠤ ᠤᠷᠤᠯᠴᠠᠵᠠᠢ ᠃

2.1_1.jpg

ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠂ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠨᠠᠷ ᠫᠠᠨ ᡁᠢ ᠷᠦᠩ  ᠨᠦᠬᠦᠷ ᠢ ᠬᠦᠯᠢᠶᠡᠨ  ᠠᠪᠴᠤ  ᠠᠭᠣᠯᠵᠠᠭᠠᠳ ᠬᠠᠮᠲᠦ ᠶᠢᠨ ᠭᠡᠷᠡᠯ  ᠵᠢᠷᠤᠭ ᠲᠠᠲᠠᠪᠠ

2.2_1.jpg

ᠫᠠᠨ  ᡁᠢ ᠷᠦᠩ  ᠨᠥᠬᠦᠷ  ᠲᠦ ᠢᠷᠠᠭᠤ ᠠᠯᠳᠠᠷ ᠤᠨ ᠦᠨᠡᠮᠯᠡᠯ ᠂ ᠱᠠᠩᠨᠠᠯ ᠤᠨ ᠲᠡᠮᠳᠡᠭ  ᠭᠠᠷᠳᠠᠭᠤᠯᠵᠤ ᠪᠤᠢ

 ︵ᠵᠤᠤ ᠰᠢᠨ ᠷᠠᠨ ᠰᠡᠭᠦᠳᠡᠷᠯᠡᠪᠡ ︶

ᠢᠷᠡᠯᠲᠡ
ᠥᠪᠦᠷ ᠮᠤᠩᠭᠤᠯ ᠤᠨ ᠪᠠᠶᠢᠴᠠᠭᠠᠬᠤ ᠬᠤᠷᠢᠶ᠎ᠠ ᠶᠢᠨ ᠤᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro