ᠮᠠ ᠶᠦᠩ ᠱᠧᠩ ᠪᠠᠶᠢᠴᠠᠭᠠᠬᠤ ᠳᠠᠷᠤᠭ᠎ᠠ ᠰᠦᠨᠢᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠳᠤ ᠬᠦᠷᠴᠦ ᠨᠢᠭᠲᠠᠯᠢᠭ ᠬᠠᠮᠢᠶᠠᠷᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
4 ᠰᠠᠷ᠎ᠠ ᠶᠢᠨ 20 ᠦ ᠡᠳᠦᠷ ᠂ ᠥᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠮᠠ ᠶᠦᠩ ᠱᠧᠩ ᠂ ᠪᠠᠶᠢᠴᠠᠭᠠᠬᠤ ᠺᠤᠮᠢᠰ ᠤᠨ ᠲᠤᠰᠬᠠᠢ ᠲᠤᠰᠢᠶᠠᠯᠲᠦ ᠭᠡᠰᠢᠭᠦᠨ ᠳ᠋ᠦᠩ ᠭᠦᠢ ᠵᠡᠷᠭᠡ ᠰᠦᠨᠢᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠳᠤ ᠬᠦᠷᠴᠦ ᠨᠢᠭᠲᠠᠯᠢᠭ ᠬᠠᠮᠢᠶᠠᠷᠤᠯᠲᠠ ᠳᠤ ᠪᠠᠶᠢᠴᠠᠭᠠᠨ ᠰᠤᠳᠤᠯᠤᠯᠲᠠ ᠬᠢᠪᠡ ᠃ ᠰᠢᠯᠢ ᠶᠢᠨ ᠭᠣᠣᠯ ᠠᠶᠢᠮᠠᠭ ᠤᠨ ᠨᠠᠮ ᠤᠨ ᠬᠣᠷᠢᠶ᠎ᠠ ᠶᠢᠨ ᠳᠡᠳ᠋ ᠱᠦᠵᠢ ᠂ ᠤᠯᠤᠰ ᠲᠥᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠡᠦ ᠭᠦᠧᠧ ᠳ᠋ᠦᠩ ᠂ ᠰᠢᠯᠢ ᠶᠢᠨ ᠭᠣᠣᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠲᠢᠶᠠᠨ ᠵᠦᠩ ᠪᠤᠤ ᠂ ᠳᠡᠳ᠋ ᠪᠠᠶᠢᠴᠠᠭᠠᠬᠤ ᠳᠠᠷᠤᠭ᠎ᠠ ᠯᠢᠶ᠋ᠩ ᡁᠢ ᠵᠢᠶᠠᠨ ᠂ ᠪᠠᠢ ᠯᠢ ᠬᠦᠩ ᠪᠠ ᠲᠤᠰᠬᠠᠢ ᠳᠤᠰᠢᠶᠠᠯᠲᠤ ᠭᠡᠰᠢᠭᠦᠨ ᠰᠡᠴᠡᠨ ᠵᠢᠴᠢ ᠬᠤᠪᠢᠶᠠᠷᠢ ᠬᠤᠷᠢᠶ᠎ᠠ ᠶᠢᠨ ᠬᠠᠮᠢᠶ᠎ᠠ ᠪᠦᠬᠦᠢ ᠨᠥᠬᠦᠷ ᠪᠠᠷ᠎ᠠ ᠪᠤᠯᠤᠨ ᠰᠤᠳᠤᠯᠤᠨ ᠪᠠᠶᠢᠴᠠᠭᠠᠵᠤ ᠂ ᠰᠦᠨᠢᠳ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠢᠩ ᠸᠧᠨ ᠹᠧᠩ ᠂ ᠬᠣᠰᠢᠭᠤᠨ ᠳᠠᠷᠤᠭ᠎ᠠ ᠨᠠᠷᠠᠨᠮᠠᠨᠳᠠ ᠂ ᠤᠯᠤᠰ ᠲᠥᠷᠦ ᠬᠠᠤᠯᠢ ᠴᠠᠭᠠᠵᠠ ᠶᠢᠨ ᠬᠣᠷᠢᠶ᠎ᠠ ᠶᠢᠨ ᠱᠦᠵᠢ ᠸᠠᠩ ᠸᠧᠨ ᠵᠢᠶ᠋ᠸ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠪᠠᠶᠢᠴᠠᠭᠠᠬᠤ ᠰᠤᠳᠤᠯᠤᠯᠲᠠ ᠶᠢᠨ ᠠᠵᠢᠯ ᠳᠤ ᠤᠷᠤᠯᠴᠠᠪᠠ ᠃
ᠮᠠ ᠶᠦᠩ ᠱᠧᠩ ᠪᠠᠶᠢᠴᠠᠭᠠᠬᠤ ᠳᠠᠷᠤᠭ᠎ᠠ ᠪᠠᠶᠢᠴᠠᠭᠠᠬᠤ ᠠᠵᠢᠯ ᠢ ᠢᠯᠡ ᠪᠣᠯᠭᠠᠬᠤ ᠭᠡᠷ ᠢ ᠪᠠᠶᠢᠴᠠᠭᠠᠨ ᠦᠵᠡᠵᠦ ᠪᠤᠢ
ᠮᠠ ᠶᠦᠩ ᠱᠧᠩ ᠪᠠᠶᠢᠴᠠᠭᠠᠬᠤ ᠳᠠᠷᠤᠭ᠎ᠠ ᠪᠠᠶᠢᠴᠠᠭᠠᠬᠤ ᠳᠤᠰᠢᠶᠠᠯᠲᠠᠨ ᠤ ᠨᠣᠮ ᠤᠨ ᠥᠷᠦᠭᠡ ᠶᠢ ᠪᠠᠶᠢᠴᠠᠭᠠᠨ ᠦᠵᠡᠵᠦ ᠪᠤᠢ