ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠮᠠ ᠶᠦᠩ ᠱᠧᠩ ᠄ ᠪᠢ ᠪᠤᠯ ᠨᠢᠭᠡᠨ ᠡᠩ  ᠦᠨ ᠡᠪ ᠬᠠᠮᠲᠦ ᠨᠠᠮ ᠤᠨ ᠭᠡᠰᠢᠭᠦᠨ

2016-05-16 09:37:49
ᠵᠣᠬᠢᠶᠠᠭᠴᠢ

    4 ᠰᠠᠷ᠎ᠠ  ᠶᠢᠨ 28  ᠦ ᠡᠳᠦᠷ ᠂ ᠥᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ 《 ᠬᠤᠶᠠᠷ ᠢ ᠰᠤᠷᠤᠯᠴᠠᠵᠤ ᠨᠢᠭᠡ ᠶᠢ ᠬᠢᠬᠦ》 ᠰᠤᠷᠤᠯᠴᠠᠯᠭ᠎ᠠ ᠬᠦᠮᠦᠵᠢᠯ ᠦᠨ ᠶᠡᠷᠦᠩᠬᠡᠢ  ᠳᠤᠬᠢᠷᠠᠭᠤᠯᠭ᠎ᠠ ᠶᠢᠨ ᠶᠤᠰᠤᠭᠠᠷ ᠂ ᠠᠯᠪᠠᠨ ᠭᠡᠷ ᠦᠨ ᠨᠠᠮ ᠤᠨ ᠡᠭᠦᠷ  ᠦᠨ ᠱᠦᠵᠢ ᠪᠡᠷ ᠲᠣᠯᠤᠭᠠᠶᠢᠯᠠᠭᠤᠯᠤᠨ ᠨᠠᠮ ᠤᠨ ᠬᠢᠴᠢᠶᠡᠯ ᠶᠠᠷᠢᠬᠤ ᠬᠡᠯᠪᠡᠷᠢ ᠪᠡᠷ ᠬᠠᠮᠲᠦ ᠶᠢᠨ ᠰᠤᠷᠤᠯᠴᠠᠯᠭ᠎ᠠ ᠶᠢ ᠵᠤᠬᠢᠶᠠᠨ ᠪᠠᠶᠢᠭᠤᠯᠵᠠᠢ ᠃

    ᠥᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠮᠠ ᠶᠦᠩ ᠱᠧᠩ ᠡᠩ ᠦᠨ ᠨᠠᠮ ᠤᠨ ᠭᠡᠰᠢᠭᠦᠨ ᠦ ᠬᠤᠪᠢ ᠪᠠᠷ ᠰᠤᠷᠤᠯᠴᠠᠯᠭ᠎ᠠ ᠳᠤ ᠣᠷᠣᠯᠴᠠᠬᠤ ᠶᠢᠨ ᠬᠠᠮᠲᠤ ᠤᠶᠢᠯᠠᠭᠠᠯᠲᠠ ᠪᠠ ᠤᠯᠤᠯᠲᠠ ᠪᠠᠨ ᠶᠠᠷᠢᠭᠰᠠᠨ ᠪᠠᠶᠢᠨ᠎ᠠ᠃ ᠥᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠤᠯᠤᠰ ᠲᠥᠷᠦ ᠶᠢᠨ ᠬᠡᠯᠲᠡᠰ ᠦᠨ ᠡᠷᠬᠢᠯᠡᠭᠴᠢ ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ ᠲᠠᠩ  ᠶᠦᠩ ᠵᠢᠴᠢ ᠪᠠᠶᠢᠭᠤᠯᠭ᠎ᠠ ᠶᠢᠨ ᠰᠢᠭᠤᠳ ᠬᠠᠷᠢᠶ᠎ᠠ  ᠡᠯ᠎ᠡ ᠨᠠᠮ ᠤᠨ ᠡᠭᠦᠷ ᠦᠨ ᠱᠦᠵᠢ ᠲᠤᠬᠠᠢ ᠶᠢᠨ ᠲᠠᠯᠠᠪᠤᠷ ᠲᠤ ᠬᠠᠮᠲᠦ ᠶᠢᠨ ᠰᠤᠷᠤᠯᠴᠠᠯᠭ᠎ᠠ  ᠶᠢᠨ ᠬᠦᠳᠡᠯᠭᠡᠭᠡᠨ ᠢ ᠦᠵᠡᠭᠰᠡᠨ ᠪᠠᠶᠢᠨ᠎ᠠ ᠃

    ᠠᠯᠪᠠᠨ ᠭᠡᠷ ᠦᠨ ᠡᠷᠬᠢᠯᠡᠭᠴᠢ  ᠂ ᠨᠠᠮ ᠤᠨ ᠡᠭᠦᠷ ᠦᠨ ᠱᠦᠵᠢ ᠭᠦᠸ᠋ᠸ ᠸᠧᠨ ᠰᠢᠦ 《 ᠬᠤᠶᠠᠷ ᠢ ᠰᠤᠷᠤᠯᠴᠠᠵᠤ ᠨᠢᠭᠡ ᠶᠢ ᠬᠢᠬᠦ》  ᠪᠤᠯᠤᠨ ᠥᠪᠡᠷ ᠦᠨ ᠪᠡᠶ᠎ᠡ ᠶᠢᠨ ᠬᠦᠭᠵᠢᠯᠲᠡ ᠲᠠᠪᠰᠢᠯᠲᠠ ᠶᠢᠨ ᠬᠠᠷᠢᠴᠠᠭ᠎ᠠ ᠶᠢ ᠬᠡᠷᠬᠢᠨ ᠵᠥᠪ ᠲᠠᠨᠢᠬᠤ ᠂ ᠬᠢᠷᠢ ᠲᠡᠩᠴᠡᠭᠰᠡᠨ ᠡᠪ ᠬᠠᠮᠲᠦ ᠨᠠᠮ ᠤᠨ ᠬᠡᠰᠢᠭᠦᠨ ᠦ ᠪᠠᠷᠢᠮᠵᠢᠶ᠎ᠠ ᠶᠢ  ᠤᠯᠠᠮ ᠨᠢᠭᠡ ᠠᠯᠬᠤᠮ ᠲᠤᠳᠤᠷᠬᠠᠶᠢᠯᠠᠵᠤ ᠂ ᠫᠠᠨ ᡁᠢ ᠷᠦᠩ ᠮᠠᠶ᠋ᠢᠭ ᠤᠨ ᠨᠠᠮ ᠤᠨ ᠭᠡᠰᠢᠭᠦᠨ  ᠪᠣᠯᠬᠤ ᠵᠡᠷᠭᠡ ᠭᠤᠷᠪᠠᠨ ᠲᠠᠯ᠎ᠠ ᠠᠴᠠ ᠥᠪᠡᠷ ᠦᠨ ᠤᠶᠢᠯᠠᠭᠠᠯᠲᠠ ᠪᠠᠨ ᠶᠠᠷᠢᠬᠤ ᠶᠢᠨ ᠬᠠᠮᠲᠤ ᠠᠯᠪᠠᠨ ᠭᠡᠷ ᠪᠠ ᠨᠠᠮ ᠤᠨ ᠡᠭᠦᠷ ᠦᠨ ᠠᠵᠢᠯ ᠤᠨ ᠪᠠᠶᠢᠳᠠᠯ ᠂ ᠡᠭᠦᠷᠭᠡ ᠱᠠᠭᠠᠷᠳᠠᠯᠭ᠎ᠠ   ᠪᠡᠨ ᠦᠨᠳᠦᠰᠦᠯᠡᠨ ᠂ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠪᠠ ᠬᠠᠷᠠᠯᠲᠠ ᠪᠠᠨ ᠲᠤᠳᠤᠷᠬᠠᠶᠢᠯᠠᠵᠠᠢ ᠃ ᠨᠠᠮ ᠤᠨ ᠡᠭᠦᠷ ᠦᠨ ᠱᠦᠵᠢ ᠪᠠ ᠨᠠᠮ ᠤᠨ ᠭᠡᠰᠢᠭᠦᠨ ᠦ ᠲᠦᠯᠦᠭᠡᠯᠡᠭᠴᠢ ᠥᠪᠡᠷ ᠦᠨ ᠪᠤᠳᠠᠲᠠᠢ ᠪᠠᠶᠢᠳᠠᠯ ᠲᠠᠢ ᠪᠠᠨ ᠤᠶᠠᠯᠳᠤᠭᠤᠯᠵᠤ ᠂ ᠦᠵᠡᠯ ᠰᠠᠨᠠᠭ᠎ᠠ ᠪᠠᠨ ᠬᠠᠷᠢᠭᠤ ᠮᠡᠳᠡᠭᠦᠯᠵᠦ ᠳᠠᠷᠠᠭᠠᠴᠢ ᠶᠢᠨ ᠠᠵᠢᠯ ᠳᠤ ᠪᠠᠨ ᠣᠪᠤᠷ ᠢᠶᠠᠨ ᠢᠯᠡᠳᠬᠡᠪᠡ ᠃

4.1_1.JPG

4.2_1.JPG

ᠢᠷᠡᠯᠲᠡ
ᠥᠪᠦᠷ ᠮᠤᠩᠭᠤᠯ ᠤᠨ ᠪᠠᠶᠢᠴᠠᠭᠠᠬᠤ ᠬᠤᠷᠢᠶ᠎ᠠ ᠶᠢᠨ ᠤᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro