ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠡᠷᠡᠭ ᠬᠠᠮᠢᠶᠠᠷᠣᠯᠳᠠ ᠶᠢᠨ ᠲᠦᠪ ᠨᠢ ᠠᠵᠢᠯ ᠣᠨᠦᠷᠠ ᠪᠦᠳᠦᠮᠵᠢ ᠢᠶᠠᠨ ᠲᠡᠭᠡᠭᠰᠢᠯᠠᠭᠦᠯᠬᠦ ᠶᠢᠨ ᠲᠦᠯᠦᠭᠡ ᠪᠦᠳᠦᠭᠡᠨ ᠪᠠᠶᠢᠭᠤᠯᠣᠯᠳᠠ ᠪᠠᠨ ᠴᠢᠩᠭᠠᠳᠬᠠᠵᠦ ᠪᠠᠶᠢᠨ᠎ᠠ
ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ 5 ᠰᠠᠷ᠎ᠠ ᠳᠤ ᠬᠤᠷᠠᠯᠳᠣᠬᠤ ᠪᠠᠷ ᠪᠠᠶᠢᠭ᠎ᠠ ᠦᠳᠦᠰᠦᠨ ᠱᠠᠳᠦᠨ ᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠪᠠᠶᠢᠷᠢ ᠶᠢᠨ ᠬᠤᠷᠠᠯᠳᠣᠭᠠᠨ ᠤ ᠠᠵᠠ ᠲᠣᠬᠢᠶᠠᠯ ᠢ ᠵᠠᠪᠳᠦᠵᠦ ᠪᠦᠳᠦᠭᠡᠨ ᠪᠠᠶᠢᠭᠤᠯᠣᠯᠳᠠ᠂ ᠲᠣᠨᠤᠭ ᠲᠦᠭᠦᠭᠡᠷᠦᠮᠵᠢ ᠪᠠᠨ ᠵᠠᠰᠠᠨ ᠰᠢᠨᠡᠳᠬᠡᠵᠦ᠂3 ᠰᠠᠷ᠎ᠠ ᠶᠢᠨ ᠲᠣᠮᠳᠠᠴᠢ ᠠᠴᠠ ᠡᠬᠢᠯᠡᠨ120 ᠲᠡᠭᠰᠢ ᠲᠦᠷᠪᠠᠯᠵᠢᠨ ᠮᠧᠲᠷ ᠲᠠᠯᠠᠪᠠᠢ ᠲᠠᠢ ᠭᠡᠷ ᠵᠠᠰᠠᠨ ᠴᠢᠮᠡᠭᠯᠡᠵᠦ ᠰᠢᠨ᠎ᠠ ᠮᠠᠶ᠋ᠢᠭ ᠤᠨ ᠮᠠᠰᠢᠨ ᠲᠦᠭᠦᠭᠡᠷᠦᠮᠵᠢ ᠣᠷᠣᠭᠤᠯᠣᠨ ᠭᠡᠷᠡᠭ ᠬᠠᠮᠢᠶᠠᠷᠣᠯᠳᠠ᠂ ᠮᠠᠳᠡᠭᠡ ᠵᠠᠩᠬᠢ ᠶᠢ ᠢᠯᠠ ᠪᠣᠯᠭᠠᠬᠤ᠂ ᠬᠦᠯᠢᠶᠠᠨ ᠠᠪᠴᠦ ᠠᠰᠠᠭᠤᠨ ᠯᠠᠪᠯᠠᠬᠤ᠂ ᠬᠡᠭᠡᠯᠢ ᠲᠦᠯᠬᠢᠭᠰᠡᠨ ᠶᠠᠯ᠎ᠠ ᠶᠢᠨ ᠲᠠᠩᠰᠠ ᠡᠪᠬᠡᠮᠡᠯ ᠢ ᠪᠠᠶᠢᠴᠠᠭᠠᠬᠤ᠂ ᠬᠠᠣᠯᠢᠴᠢ ᠶᠢᠨ ᠲᠠᠩᠰᠠ ᠡᠪᠬᠡᠮᠡᠯ ᠦᠵᠡᠬᠦ ᠰᠠᠭᠤᠳᠠᠯ᠂ ᠡᠯᠧᠺᠲᠷᠣᠨᠡᠪᠬᠡᠮᠡᠯ ᠢ ᠦᠢᠯᠡᠳᠬᠦ ᠲᠠᠰᠤᠭ᠂ ᠪᠣᠵᠠᠷ ᠡᠳ᠋ ᠢ ᠬᠤᠷᠢᠶᠠᠨ ᠬᠠᠳᠠᠭᠠᠯᠠᠬᠤ ᠲᠠᠰᠤᠭ ᠵᠡᠷᠭᠡ ᠣᠯᠠᠨ ᠬᠡᠷᠡᠭᠴᠡᠭᠡᠳᠦ ᠪᠦᠷᠢᠨ ᠴᠢᠳᠠᠪᠦᠷᠢᠳᠦ ᠬᠡᠷᠡᠭ ᠬᠠᠮᠢᠶᠠᠷᠣᠯᠳᠠ ᠶᠢᠨ ᠲᠥᠪ ᠢ ᠪᠦᠳᠦᠭᠡᠨ ᠪᠠᠶᠢᠭᠤᠯᠣᠭᠰᠠᠨ ᠪᠠᠶᠢᠨ᠎ᠠ᠃
ᠡᠨᠡ ᠨᠢ ᠮᠠᠨ ᠤ ᠬᠤᠷᠢᠶᠠᠨ ᠤ ᠬᠠᠣᠯᠢ ᠴᠠᠭᠠᠵᠠ ᠶᠢᠨ ᠠᠵᠢᠯ ᠢ ᠣᠯᠠᠮ ᠰᠠᠶᠢᠨ ᠬᠢᠬᠦ ᠳᠤ ᠦᠨᠳᠦᠰᠦᠨ ᠪᠠᠳᠦᠯᠠᠭ᠎ᠠ ᠬᠠᠨᠭ᠍ᠭᠠᠵᠦ᠂ ᠲᠦᠪ ᠭᠤᠣᠯᠴᠢ ᠪᠠᠷ ᠬᠠᠣᠯᠢ ᠬᠡᠷᠡᠭᠵᠢᠭᠦᠯᠬᠦ᠂ ᠠᠷᠢᠭᠤᠨ ᠴᠢᠭᠡᠴᠢ ᠪᠠᠷ ᠠᠵᠢᠯᠯᠠᠬᠤ ᠳᠤ ᠲᠦᠭᠦᠮ ᠨᠦᠭᠦᠴᠡᠯ ᠪᠦᠷᠢᠯᠳᠦᠭᠦᠯᠵᠦ ᠦᠭᠬᠦᠭᠰᠡᠨ ᠪᠠᠶᠢᠨ᠎ᠠ᠃