ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠤᠯᠢ ᠶᠢᠨ ᠴᠠᠭᠳᠠᠭ᠎ᠠ ᠶᠢᠨ ᠠᠩᠬᠢ ᠶᠢᠨ ᠬᠢᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠲᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ ᠪᠠᠶᠢᠨ᠎ᠠ

2016-06-02 11:16:01
ᠵᠣᠬᠢᠶᠠᠭᠴᠢ
ᠰᠦᠮᠪᠦᠷ

    ᠤᠶᠢᠷ᠎ᠠ ᠶᠢᠨ ᠡᠳᠦᠷ  ᠠᠴᠠ ᠪᠠᠭᠠᠷᠢᠨ ᠪᠠᠷᠠᠭᠤᠨ ᠬᠤᠰᠢᠭᠤᠨ ᠤ ᠠᠷᠠᠳ  ᠤᠨ ᠪᠠᠶᠢᠴᠠᠭᠠᠬᠤ ᠬᠤᠷᠢᠶ᠎ᠠ ᠶᠢᠨ ᠬᠠᠤᠯᠢ ᠶᠢᠨ ᠴᠠᠭᠳᠠᠭ᠎ᠠ ᠶᠢᠨ ᠠᠩᠬᠢ ᠶᠢᠨ ᠬᠢᠨ ᠨᠠᠮ ᠤᠨ ᠠᠷᠪᠠᠨ ᠨᠠᠢᠮᠠᠳᠤᠭᠠᠷ  ᠬᠤᠭᠤᠴᠠᠭᠠᠨ ᠤ ᠲᠠᠪᠤᠳᠤᠭᠠᠷ  ᠪᠦᠭᠦᠲᠡ ᠬᠤᠷᠠᠯ ᠤᠨ ᠵᠤᠷᠢᠭ ᠰᠠᠨᠠᠭ᠎ᠠ ᠶᠢ ᠡᠷᠴᠢᠮᠲᠡᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠣᠷᠤᠯᠴᠠᠵᠦ ᠪᠠᠶᠢᠨ᠎ᠠ᠃ ᠬᠤᠷᠠᠯ ᠠᠴᠠ ᠲᠤᠭᠲᠠᠭᠠᠭᠰᠠᠨ ᠡᠯ᠎ᠡ ᠵᠦᠢᠯ ᠤᠨ ᠲᠦᠷᠢᠮ ᠲᠤᠭᠲᠠᠭᠠᠯ ᠢ ᠢᠳᠡᠪᠬᠢᠳᠡᠢ ᠵᠢᠷᠦᠮᠯᠡᠨ᠂ ᠰᠢ ᠶᠢᠨ ᠫᠢᠩ  ᠶᠡᠷᠦᠩᠬᠡᠢ ᠱᠦᠵᠢ ᠪᠠᠷ ᠲᠤᠯᠤᠭᠠᠶᠢᠯᠠᠭᠤᠯᠤᠭᠰᠠᠨ ᠨᠠᠮ ᠤᠨ ᠲᠦᠪ ᠬᠤᠷᠢᠶ᠎ᠠ ᠶᠢᠨ ᠵᠠᠷᠯᠢᠭ ᠵᠢᠭᠠᠪᠤᠷᠢ ᠪᠠᠷ ᠬᠠᠤᠯᠢ ᠶᠢᠨ ᠴᠠᠭᠳᠠᠭ᠎ᠠ ᠶᠢᠨ ᠠᠩᠬᠢ ᠶᠢᠨ ᠤᠯᠤᠰ ᠲᠦᠷᠦ ᠦᠵᠡᠯ ᠰᠠᠨᠠᠭ᠎ᠠ  ᠶᠢ ᠵᠡᠪᠰᠡᠭᠯᠡᠵᠦ᠂ ︽ᠭᠤᠷᠪᠠᠨ ᠴᠢᠩᠭ᠎ᠠ ᠭᠤᠷᠪᠠᠨ ᠪᠤᠳᠠᠲᠠᠢ︾  ᠪᠠᠷ ᠨᠠᠮ  ᠪᠠ ᠠᠷᠠᠳ ᠲᠦᠮᠡᠨ ᠳᠡᠭᠡᠨ ᠰᠢᠳᠤᠷᠭᠤ ᠪᠠᠷ ᠦᠢᠯᠡᠴᠢᠯᠡᠵᠦ᠂ ᠨᠠᠢᠮᠠᠨ ᠵᠦᠢᠯ ᠤᠨ ᠭᠠᠵᠢᠭᠤ ᠰᠤᠷᠳᠠᠯ ᠲᠠᠢ ᠡᠷᠡᠰ ᠲᠡᠮᠡᠴᠡᠯ ᠶᠠᠪᠤᠭᠤᠯᠤᠨ᠎ᠠ᠃ ᠨᠠᠮ ᠤᠨ ᠠᠷᠪᠠᠨ ᠨᠠᠢᠮᠠᠳᠤᠭᠠᠷ  ᠬᠤᠭᠤᠴᠠᠭᠠᠨ ᠤ ᠲᠠᠪᠤᠳᠤᠭᠠᠷ ᠪᠦᠭᠦᠲᠡ ᠬᠤᠷᠠᠯ ᠠᠴᠠ ᠲᠤᠷᠠᠳᠤᠨ ᠭᠠᠷᠭᠠᠭᠰᠠᠨ‌ᠡᠬᠡ ᠤᠯᠤᠰ ᠤᠨ ᠤᠮᠠᠷᠠᠲᠦ ᠬᠢᠯᠢ ᠬᠢᠵᠠᠭᠠᠷ ᠤᠨ ᠲᠤᠭᠲᠠᠭᠤᠨ ᠢ ᠪᠠᠳᠤᠯᠠᠵᠦ᠂ ᠪᠠᠶᠠᠨ ᠴᠢᠨᠡᠭᠡᠯᠢᠭ᠂ ᠪᠤᠯᠪᠠᠰᠤᠨ ᠬᠦᠴᠦᠷᠭᠡᠭ᠂ ᠵᠤᠯ ᠵᠢᠷᠭᠠᠯ ᠲᠠᠢ ᠦᠪᠦᠷ ᠮᠤᠩᠭᠤᠯ ᠤᠷᠤᠨ ᠢ ᠪᠦᠳᠦᠭᠡᠨ ᠪᠠᠶᠢᠭᠤᠯᠬᠤ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠠᠬᠢ ᠤᠷᠤᠭᠰᠢᠯᠠᠯᠲᠠ ᠶᠢᠨ ᠴᠢᠭᠯᠡᠯ ᠢ ᠲᠠᠭᠠᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠠᠷᠠᠯᠲᠠ ᠶᠢ ᠪᠡᠶᠡᠯᠡᠬᠦᠯᠬᠦ ᠳᠤ ᠦᠪᠡᠷ ᠤᠨ ᠬᠤᠪᠢ ᠨᠡᠮᠡᠷᠢ ᠪᠠᠨ ᠦᠵᠡᠬᠦᠯᠬᠦ ᠶᠢᠨ ᠲᠦᠯᠦᠬᠡ ᠬᠠᠤᠯᠢ ᠶᠢᠨ ᠴᠠᠭᠳᠠᠭ᠎ᠠ ᠶᠢᠨ ᠪᠤᠯᠪᠠᠰᠤᠷᠠᠯ ᠢᠶᠠᠨ ᠴᠢᠩᠭᠠᠳᠬᠠᠵᠦ᠂ ᠲᠠᠶᠢᠰᠤᠨ ᠲᠠᠢ ᠲᠡᠮᠡᠴᠡᠬᠦ  ᠤᠷ᠎ᠠ ᠮᠡᠷᠭᠡᠵᠢᠯ ᠢᠶᠠᠨ ᠲᠡᠭᠡᠭᠰᠢᠯᠡᠬᠦᠯᠵᠦ᠂ ᠴᠠᠭ ᠢᠮᠠᠭᠲᠠ ᠡᠷᠡᠭᠦᠦ ᠶᠢᠨ ᠰᠡᠵᠢᠭᠳᠡᠨ ᠤ ᠡᠯ᠎ᠡ ᠵᠦᠢᠯ ᠤᠨ ᠡᠪᠳᠡᠯᠭᠡ ᠳᠤ ᠴᠤᠬᠢᠯᠲᠠ ᠦᠭᠬᠦ ᠶᠢᠨ ᠲᠠᠭᠠᠤ ᠰᠤᠨᠤᠷ ᠰᠡᠷᠡᠮᠵᠢ ᠪᠠᠨ ᠲᠡᠭᠡᠭᠰᠢᠯᠡᠬᠦᠯᠬᠦ ᠪᠠᠷ ᠴᠢᠷᠮᠠᠶᠢᠵᠦ ᠪᠤᠢ᠃

    ᠬᠠᠤᠯᠢ ᠶᠢᠨ ᠴᠠᠭᠳᠠᠭ᠎ᠠ ᠶᠢᠨ ᠠᠩᠬᠢ ᠨᠢ ᠡᠷᠡᠬᠦᠦ ᠶᠢᠨ ᠰᠡᠵᠢᠭᠳᠡᠨ ᠤ ᠠᠯᠢᠪᠠ ᠭᠡᠨᠡᠨ ᠠᠵᠢᠯᠯᠠᠭ᠎ᠠ ᠶᠢ ᠴᠢᠩᠭ᠎ᠠ ᠰᠡᠷᠡᠮᠵᠢᠯᠡᠨ᠂ ᠶᠠᠯᠠᠲᠦ ᠠᠵᠢᠯᠯᠠᠭ᠎ᠠ ᠶᠢ ᠨᠢ ᠲᠤᠰᠢᠶᠠᠯᠭᠠᠬᠤ ᠳᠤ ᠪᠠᠨ ᠦᠴᠢᠭᠯᠡᠬᠦᠯᠬᠦ ᠦᠭᠡᠢ᠂ ᠴᠤᠬᠢᠬᠤ ᠦᠭᠡᠢ᠂ ᠡᠷᠡᠰ ᠨᠤᠳᠠᠯᠠᠵᠦ ᠡᠷᠡᠰ ᠦᠭᠡᠶᠢᠰᠬᠡᠬᠦ ᠦᠭᠡᠢ᠂ ᠪᠤᠳᠠᠳᠠᠢ ᠬᠡᠷᠡᠴᠢ ᠪᠠᠷᠢᠮᠲᠠ ᠶᠢ ᠴᠢᠬᠤᠯᠴᠢᠯᠠᠵᠦ ︽ᠦᠨᠡᠨ ᠠᠴᠠ ᠵᠦᠪ ᠢ ᠡᠷᠢᠬᠦ︾᠂ ︽ᠨᠢᠭᠡ ᠰᠠᠶᠢᠨ ᠬᠦᠮᠦᠨ ᠢ ᠬᠢᠯᠢᠰᠳᠡᠭᠦᠯᠬᠦ ᠦᠭᠡᠢ᠂ ᠨᠢᠭᠡ ᠮᠠᠭᠤ ᠬᠦᠮᠦᠨ ᠢ  ᠤᠷᠬᠢᠭᠳᠠᠭᠤᠯᠬᠤ ᠦᠭᠡᠢ︾ ᠪᠠᠶᠢᠬᠤ ᠶᠢ ᠪᠠᠳᠤᠯᠠᠬᠤ ᠮᠦᠷᠳᠡᠬᠡᠨ ᠡᠷᠡᠬᠦᠦ ᠶᠢᠨ ᠰᠡᠵᠢᠭᠳᠡᠨ ᠤ ᠠᠯᠳᠠᠭ᠎ᠠ ᠪᠠᠨ ᠲᠠᠨᠢᠵᠦ ᠬᠡᠮᠰᠢᠨ ᠤᠬᠠᠭᠠᠷᠠᠵᠦ ᠵᠦᠪ ᠵᠠᠮ ᠢᠶᠠᠷ ᠶᠠᠪᠤᠬᠤ ᠶᠢ ᠬᠦᠳᠦᠯᠦᠨ ᠵᠢᠯᠣᠭᠤᠡᠳᠴᠦ ᠪᠤᠢ᠃                                                                                                                                              


                                                                                                                                               


ᠢᠷᠡᠯᠲᠡ
ᠪᠠᠭᠠᠷᠢᠨ ᠪᠠᠷᠠᠭᠤᠨ ᠬᠤᠰᠢᠭᠤ ᠶᠢᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro