ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ 《 ᠮᠢᠩᠭᠠᠨ ᠨᠠᠷ᠎ᠠ ᠺᠠᠳ᠋ᠷ ᠴᠠᠭᠳᠠᠭ᠎ᠠ ᠶᠢ ᠬᠦᠳᠡᠭᠡ ᠲᠣᠰᠬᠤᠨ ᠳᠤ ᠪᠠᠭᠤᠯᠭᠠᠵᠦ ᠬᠠᠣᠯᠢ ᠴᠠᠭᠠᠵᠠ ᠶᠢ ᠣᠬᠠᠭᠤᠯᠬᠤ 》ᠰᠢᠨ᠎ᠠ ᠦᠷᠨᠢᠯᠳᠠ ᠭᠠᠷᠭᠠᠵᠦ ᠪᠠᠶᠢᠨ᠎ᠠ

2016-06-03 09:21:50
ᠵᠣᠬᠢᠶᠠᠭᠴᠢ
ᠰᠥᠮᠪᠦᠷ

    ᠨᠠᠮ ᠤᠨ ᠠᠷᠪᠠᠨ  ᠨᠶᠢᠮᠠᠳᠤᠭᠠᠷ  ᠬᠤᠭᠤᠴᠠᠭᠠᠨ ᠤ ᠲᠦᠷᠪᠠᠳᠦᠭᠡᠷ ᠂ ᠲᠠᠪᠦᠳᠦᠭᠠᠷ ᠪᠦᠭᠦᠳᠠ ᠬᠤᠷᠠᠯ  ᠤᠨ ᠵᠣᠷᠢᠭ ᠰᠠᠨᠠᠭ᠎ᠠ ᠶᠢ ᠰᠣᠷᠣᠯᠴᠠᠨ᠂ ᠨᠠᠮ ᠤᠨ ᠣᠯᠠᠨ ᠲᠦᠮᠡᠨᠴᠢ ᠰᠣᠭᠤᠮ ᠪᠠ 《 ᠭᠤᠷᠪᠡᠨ ᠴᠢᠩᠭ᠎ᠠ ᠭᠤᠷᠪᠠᠨ  ᠪᠣᠳᠠᠳᠠᠢ 》 ᠲᠣᠰᠬᠠᠢ  ᠰᠡᠳᠦᠪᠳᠦ  ᠬᠦᠳᠡᠯᠭᠡᠭᠡᠨ ᠢ ᠨᠡᠩ ᠰᠠᠶᠢᠨ ᠦᠷ᠎ᠠ ᠠᠰᠢᠭ  ᠣᠯᠬᠤ ᠶᠢᠨ ᠲᠦᠯᠦᠭᠡ  ᠡᠪ  ᠬᠠᠮᠳᠦ ᠨᠠᠮ ᠤᠨ ᠣᠯᠠᠭᠠᠨᠬᠠᠳᠠ ᠬᠤᠳᠠ ᠶᠢᠨ ᠬᠤᠷᠢᠶ᠎ᠠ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ᠠᠴᠠ 《ᠮᠢᠩᠭᠠᠨ ᠨᠠᠷ᠎ᠠ ᠺᠠᠳ᠋ᠷ ᠴᠠᠭᠳᠠᠭ᠎ᠠ ᠬᠦᠳᠡᠭᠡ ᠲᠣᠰᠬᠤᠨ ᠳᠤ ᠪᠠᠭᠤᠵᠦ  ᠬᠠᠣᠯᠢ ᠴᠠᠭᠠᠵᠠ ᠶᠢ ᠣᠬᠠᠭᠤᠯᠬᠤ 》ᠬᠦᠳᠡᠯᠭᠡᠭᠡᠨ  ᠢ ᠡᠯ᠎ᠠ ᠬᠤᠰᠢᠭᠤ ᠰᠢᠶᠠᠨ ᠳᠤ ᠦᠷᠨᠢᠭᠦᠯᠭᠦ ᠪᠠᠷ ᠪᠣᠯᠣᠭᠰᠠᠨ ᠪᠠᠶᠢᠨ᠎ᠠ᠃

    ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ  ᠬᠤᠷᠢᠶᠠᠨ ᠤ ᠣᠳᠦᠷᠢᠳᠦᠯᠭ᠎ᠠ ᠨᠠᠷ ᠡᠨᠡᠬᠦ  ᠬᠦᠳᠡᠯᠭᠡᠭᠡᠨ ᠶᠢ  ᠢᠳᠡᠪᠬᠢᠴᠢᠯᠡᠨ ᠲᠠᠶᠢᠴᠢᠯᠠᠵᠦ᠂ ᠰᠢᠯᠢᠳᠡᠭ ᠵᠠᠯᠠᠭᠤ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠣᠨ ᠬᠦᠳᠡᠭᠡ ᠲᠣᠰᠬᠤᠨ ᠳᠤ ᠪᠠᠭᠤᠵᠦ᠂ ᠰᠢ ᠶᠢᠨ ᠫᠢᠡᠭ ᠨᠦᠬᠦᠷ ᠤᠨ ᠴᠢᠬᠤᠯᠠ ᠶᠠᠷᠢᠶ᠎ᠠ ᠪᠠᠷ ᠵᠢᠯᠣᠭᠤᠳᠦᠯᠭ᠎ᠠ ᠪᠣᠯᠭᠠᠵᠦ ᠂ ᠦᠨᠳᠦᠰᠦᠨ ᠱᠠᠳᠦᠨ ᠳᠤ ᠪᠠᠭᠤᠨ ᠣᠯᠠᠨ ᠲᠦᠮᠠᠨ ᠤ ᠰᠠᠨᠠᠯ ᠶᠢ ᠰᠣᠨᠣᠰᠴᠦ ᠬᠠᠣᠯᠢ ᠴᠠᠭᠠᠵᠠ ᠲᠦᠷᠢᠮ ᠲᠣᠭᠳᠠᠭᠠᠯ ᠶᠢ ᠣᠬᠠᠭᠤᠯᠣᠨ᠂ ᠬᠠᠣᠯᠢ ᠪᠠᠷ ᠣᠯᠣᠰ  ᠢᠶᠠᠨ ᠵᠠᠰᠠᠬᠤ᠂ ᠬᠠᠣᠯᠢ ᠶᠢ ᠰᠣᠷᠴᠦ ᠦᠪᠠᠷ ᠤᠨ  ᠡᠷᠭᠡ ᠠᠰᠢᠭ  ᠢᠶᠠᠨ ᠬᠠᠮᠠᠭᠠᠯᠠᠬᠤ᠂  《ᠠᠷᠪᠠ ᠶᠢ  ᠪᠦᠷᠬᠦᠭᠦᠯᠬᠦ  》  ᠢᠨᠵᠧᠨᠧᠷᠢᠩ  ᠶᠢ ᠪᠠᠶᠠᠯᠡᠭᠦᠯᠬᠦ  ᠵᠡᠷᠭᠡ ᠪᠣᠳᠠᠳᠦ ᠪᠠᠶᠢᠳᠠᠯ ᠲᠠᠢ ᠣᠶᠠᠯᠳᠣᠭᠤᠯᠣᠨ ᠰᠣᠷᠣᠯᠴᠠᠭᠤᠯᠵᠦ᠂ ᠺᠠᠳ᠋ᠷ ᠴᠠᠭᠳᠠᠭ᠎ᠠ  ᠶᠢᠨ ᠰᠢᠨ᠎ᠠ ᠬᠡᠪ ᠰᠣᠷᠳᠠᠯ ᠢ  ᠪᠣᠢ ᠪᠣᠯᠭᠠᠵᠦ᠂ 《ᠠᠮᠦᠷ  ᠠᠮᠦᠭᠤᠯᠠᠩ ᠣᠯᠠᠭᠠᠨᠬᠠᠳᠠ 》᠂ 《 ᠬᠠᠣᠯᠢ ᠲᠦᠷᠢᠮᠳᠦ ᠣᠯᠠᠭᠠᠨᠬᠠᠳᠠ》 ᠶᠢ ᠪᠦᠳᠦᠭᠡᠨ ᠪᠠᠶᠢᠭᠤᠯᠬᠤ ᠳᠤ  ᠴᠢᠬᠤᠯᠠ ᠬᠤᠪᠢ ᠨᠡᠮᠡᠷᠢ  ᠦᠵᠡᠭᠦᠯᠬᠦ ᠪᠠᠷ ᠴᠢᠷᠮᠠᠶᠢᠨ ᠠᠵᠢᠯᠯᠠᠵᠦ ᠪᠠᠶᠢᠨ᠎ᠠ᠃


                                                                                                   


ᠢᠷᠡᠯᠲᠡ
ᠪᠠᠭᠠᠷᠢᠨ ᠪᠠᠷᠠᠭᠤᠨ ᠬᠤᠰᠢᠭᠤᠨ ᠤ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro