ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠴᠤᠯᠮᠤᠨ ᠄ ᠲᠠᠯ᠎ᠠ ᠨᠤᠲᠤᠭ ᠤᠨ ᠦᠦᠷ ᠦᠨ ᠴᠤᠯᠮᠤᠨ

2016-06-02 11:48:15
ᠵᠣᠬᠢᠶᠠᠭᠴᠢ

    23 ᠵᠢᠯ ᠦᠨ ᠪᠠᠶᠢᠴᠠᠭᠠᠬᠤ ᠠᠵᠢᠯ ᠤᠨ ᠳᠤᠮᠳᠠ ᠲᠡᠷᠡ ᠪᠤᠯ ᠨᠢᠭᠡᠨ ᠰᠢᠯᠢᠳᠡᠭ ᠠᠯᠪᠠᠨ ᠵᠠᠭᠠᠯᠳᠤᠭᠴᠢ ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠠᠵᠢᠯ ᠤᠨ ᠹᠷᠤᠨᠲ ᠤᠨ ᠰᠢᠯᠢᠳᠡᠭᠴᠦᠳ ᠂ ᠲᠡᠷᠡ ᠪᠤᠯ ᠠᠷᠠᠳ ᠲᠦᠮᠡᠨ ᠦ ᠮᠡᠳᠡᠷᠡᠭᠰᠡᠨ ᠰᠢᠯᠢᠳᠡᠭ  ᠺᠠᠳ᠋ᠷ ᠴᠠᠭᠳᠠᠭ᠎ᠠ ᠃ ᠳᠦᠷᠪᠡᠨ ᠵᠢᠯ ᠦᠨ ᠡᠮᠦᠨ᠎ᠡ ᠲᠡᠷᠡ ᠵᠡᠭᠦᠨ ᠦᠵᠦᠮᠦᠴᠢᠨ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠭᠤᠮᠤᠳᠠᠯ ᠵᠠᠭᠠᠯᠳᠤᠯᠭ᠎ᠠ  ᠪᠠᠶᠢᠴᠠᠭᠠᠬᠤ ᠰᠠᠯᠠᠭᠠᠨ ᠤ ᠰᠠᠯᠠᠭᠠᠨ ᠳᠠᠷᠤᠭ᠎ᠠ ᠪᠤᠯᠤᠭᠰᠠᠨ ᠠᠴᠠ ᠠᠪᠤᠭᠠᠳ ᠬᠠᠮᠲᠤ ᠠᠵᠢᠯᠲᠠᠨ ᠢᠶᠠᠨ ᠳᠠᠭᠠᠭᠤᠯᠵᠤ ᠥᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠪᠤᠯᠪᠠᠰᠤᠨ ᠬᠦᠯᠢᠶᠡᠨ ᠠᠪᠬᠤ ᠴᠣᠩᠬᠤ  ᠶᠢ ᠪᠠᠲᠤᠯᠠᠵᠤ ᠂  ᠬᠠᠮᠲᠤ ᠨᠢᠭᠡᠴᠢ ᠶᠢᠨ ᠭᠤᠷᠪᠠᠳᠤᠭᠠᠷ ᠭᠠᠪᠢᠶ᠎ᠠ ᠶᠢ ᠬᠦᠷᠲᠡᠪᠡ ᠃

    ᠬᠤᠶᠠᠷᠬᠠᠨ ᠬᠦᠮᠦᠨ ᠲᠠᠢ ᠭᠤᠮᠤᠳᠠᠯ ᠵᠠᠭᠠᠯᠳᠤᠯᠭ᠎ᠠ ᠶᠢᠨ ᠰᠠᠯᠠᠭ᠎ᠠ ᠨᠢ ᠶᠠᠮᠠᠷ ᠠᠵᠢᠯ ᠢ ᠴᠦ ᠥᠪᠡᠷᠲᠡᠭᠡᠨ ᠬᠢᠳᠡᠭ ᠃ 2014  ᠣᠨ ᠤ ᠡᠬᠢᠨ ᠳᠦ ᠂ ᠳᠠᠯᠠ ᠬᠦᠷᠴᠦ ᠪᠠᠶᠢᠭ᠎ᠠ ᠮᠠᠯᠴᠢᠨ ᠣ  ᠭᠤᠸᠠᠢ ᠲᠡᠭᠦᠨ ᠢ ᠡᠷᠢᠵᠤ ᠂  ᠰᠢᠨ᠎ᠡ ᠮᠠᠶ᠋ᠢᠭ ᠤᠨ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠨ ᠤ ᠳᠠᠷᠠᠭ᠎ᠠ ᠡᠮᠨᠡᠯᠭᠡ ᠶᠢᠨ ᠵᠠᠷᠤᠳᠠᠯ ᠢ  ᠬᠡᠳᠦᠢ  ᠣᠳᠠᠴᠢᠬᠠᠭᠠᠳ ᠳᠠᠩᠰᠠ ᠶᠢ  ᠨᠢ ᠲᠠᠶᠢᠯᠵᠤ ᠥᠭᠭᠦ ᠦᠭᠡᠢ ᠂ ᠬᠡᠳᠦ ᠤᠳᠠᠭ᠎ᠠ ᠳᠡᠭᠡᠭᠰᠢ ᠰᠤᠷᠪᠤᠯᠵᠢᠯᠠᠯ ᠬᠢᠭᠡᠳ ᠦᠷ᠎ᠡ ᠳ᠋ᠦᠩ ᠦᠭᠡᠢ ᠃ ᠨᠠᠰᠤᠲᠠᠨ ᠤ ᠠᠰᠠᠭᠤᠳᠠᠯ ᠨᠢ ᠬᠡᠳᠦᠶᠢᠪᠡᠷ ᠪᠠᠶᠢᠴᠠᠭᠠᠬᠤ ᠬᠤᠷᠢᠶ᠎ᠠ ᠶᠢᠨ ᠬᠠᠮᠢᠶᠠᠷᠤᠯᠲᠠ ᠶᠢᠨ ᠬᠡᠪᠴᠢᠶᠡᠨ ᠳᠦ ᠦᠭᠡᠢ ᠴᠦ ᠲᠡᠷᠡ ᠮᠦᠨ ᠬᠦᠯᠢᠴᠡᠩᠭᠦᠢ ᠰᠤᠨᠤᠰᠴᠦ  ᠬᠠᠷᠢᠭᠤᠯᠲᠠ  ᠥᠭᠴᠡᠢ ᠃ ᠲᠡᠷᠡ ᠨᠠᠰᠤᠲᠠᠨ ᠤ  ᠶᠠᠪᠤᠳᠠᠯ ᠢ ᠰᠢᠢᠳᠪᠦᠷᠢᠯᠡᠬᠦ ᠶᠢᠨ ᠲᠥᠯᠦᠭᠡ ᠤᠯᠠᠨ ᠤᠳᠠᠭ᠎ᠠ ᠭᠠᠴᠠᠭ᠎ᠠ ᠂ ᠰᠤᠮᠤ ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠮ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭ᠎ᠠ ᠳᠤ ᠬᠦᠷᠴᠦ ᠪᠠᠶᠢᠳᠠᠯ ᠢ ᠤᠶᠢᠯᠠᠭᠠᠵᠤ ᠂ ᠠᠰᠠᠭᠤᠳᠠᠯ ᠤᠨ ᠦᠨᠳᠦᠰᠦ ᠶᠢ ᠡᠷᠢᠵᠦ ᠂ ᠬᠠᠮᠤᠭ ᠡᠴᠦᠰ ᠲᠦ ᠰᠣᠮᠣ ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ  ᠰᠠᠭᠠᠳ ᠦᠭᠡᠢ ᠨᠡᠪᠲᠡᠷᠡᠭᠦᠯᠵᠦ ᠂ ᠤ ᠭᠤᠸᠠᠢ ᠶᠢᠨ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠪᠠᠶᠢᠨ᠎ᠠ ᠃ ᠲᠡᠷᠡ ᠬᠤᠯᠠ ᠠᠴᠠ ᠢᠷᠡᠭᠰᠡᠨ ᠳᠡᠭᠡᠭᠰᠢ  ᠰᠤᠷᠪᠤᠯᠵᠢᠯᠠᠯ  ᠤᠨ ᠬᠦᠮᠦᠨ ᠦ ᠠᠰᠠᠭᠤᠳᠠᠯ ᠢ ᠰᠢᠢᠳᠪᠦᠷᠢᠯᠡᠬᠦ ᠶᠢᠨ ᠲᠥᠯᠦᠭᠡ ᠦᠷᠭᠦᠯᠵᠢ ᠴᠠᠭ ᠢᠶᠠᠨ ᠤᠷᠲᠤᠳᠬᠠᠨ ᠠᠵᠢᠯᠯᠠᠵᠤ ᠂ ᠠᠵᠤ ᠠᠬᠤᠢ ᠬᠦᠴᠢᠷᠲᠠᠢ ᠳᠡᠭᠡᠭᠰᠢ  ᠰᠤᠷᠪᠤᠯᠵᠢᠯᠠᠯ  ᠬᠢᠵᠦ ᠪᠠᠶᠢᠭ᠎ᠠ ᠬᠦᠮᠦᠨ ᠳᠦ ᠬᠠᠪᠰᠤᠷᠤᠯᠭ᠎ᠠ ᠦᠵᠡᠭᠦᠯᠵᠦ ᠂ ᠴᠢᠨᠠᠭᠰᠢᠳᠠ ᠥᠪᠡᠷ ᠦᠨ ᠴᠠᠯᠢᠩ ᠪᠠ ᠬᠤᠪᠴᠠᠰᠤ ᠬᠤᠨᠠᠷ ᠢᠶᠠᠷ ᠲᠡᠳᠡᠨ ᠢ ᠬᠠᠪᠰᠤᠷᠤᠨ ᠲᠤᠰᠠᠯᠠᠳᠠᠭ ᠪᠠᠶᠢᠨ᠎ᠠ ᠃  ᠮᠠᠯᠴᠢᠳ ᠤᠨ ᠳᠤᠮᠳᠠ ᠄ ᠬᠦᠴᠢᠷ ᠠᠰᠠᠭᠤᠳᠠᠯ ᠲᠤᠯᠭᠠᠷᠠᠪᠠᠯ ᠴᠤᠯᠮᠤᠨ ᠳᠠᠷᠤᠭ᠎ᠠ ᠶᠢ ᠡᠷᠢ ᠭᠡᠳᠡᠭ ᠦᠭᠡ ᠳᠠᠮᠵᠢᠨ ᠳᠡᠯᠭᠡᠷᠡᠵᠠᠢ ᠃

    ᠴᠤᠯᠮᠤᠨ ᠮᠠᠯᠵᠢᠬᠤ ᠤᠷᠤᠨ ᠤ ᠪᠠᠶᠢᠴᠠᠭᠠᠬᠤ ᠤᠨᠴᠠᠯᠢᠭ ᠲᠤ ᠳᠤᠬᠢᠷᠠᠭᠰᠠᠨ ᠡᠷᠡᠭᠦᠦ ᠶᠢᠨ ᠬᠡᠷᠡᠭ ᠦᠨ ᠬᠤᠤᠷᠯᠠᠭᠳᠠᠭᠴᠢ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠡᠷᠢᠨ ᠰᠦᠪᠡᠭᠴᠢᠯᠡᠵᠦ ᠂ ᠠᠵᠤ ᠠᠬᠤᠢ ᠂ ᠬᠠᠤᠯᠢ ᠴᠠᠭᠠᠵᠠ ᠂ ᠰᠡᠳᠬᠢᠴᠡ ᠶᠢᠨ 《 ᠭᠤᠷᠪᠠᠨ ᠬᠠᠪᠰᠤᠷᠬᠤ》 ᠬᠡᠯᠪᠡᠷᠢ ᠶᠢ ᠪᠤᠢ ᠪᠤᠯᠭᠠᠵᠠᠢ ᠃ ᠬᠠᠤᠯᠢ ᠴᠠᠭᠠᠵᠠ ᠶᠢᠨ ᠬᠠᠪᠰᠤᠷᠤᠯᠭ᠎ᠠ ᠦᠵᠡᠭᠦᠯᠬᠦ ᠂ ᠬᠠᠮᠤᠭ ᠤᠨ ᠳᠤᠤᠷ᠎ᠠ ᠠᠮᠢᠳᠤᠷᠠᠯ ᠤᠨ ᠪᠠᠲᠤᠯᠠᠭ᠎ᠠ ᠶᠢ ᠰᠢᠢᠳᠪᠦᠷᠢᠯᠡᠬᠦ ᠂ ᠰᠤᠷᠤᠯᠭ᠎ᠠ ᠶᠢᠨ ᠵᠠᠷᠤᠳᠠᠯ ᠮᠦᠩᠭᠦ ᠶᠢ ᠬᠡᠯᠲᠦᠷᠡᠭᠦᠯᠬᠦ ᠂ ᠰᠡᠳᠬᠢᠴᠡ ᠶᠢᠨ  ᠲᠠᠶᠢᠳᠬᠤᠷᠠᠭᠤᠯᠤᠯ ᠵᠡᠷᠭᠡ ᠠᠷᠭ᠎ᠠ ᠬᠡᠯᠪᠡᠷᠢ ᠪᠡᠷ ᠂ ᠤᠯᠠᠨ ᠬᠠᠷᠠᠭᠠᠰᠤ ᠂ ᠤᠯᠠᠨ ᠠᠷᠭ᠎ᠠ ᠵᠠᠮ ᠢᠶᠠᠷ ᠣᠴᠢᠵᠤ ᠠᠪᠤᠷᠠᠨ ᠲᠤᠰᠠᠯᠠᠬᠤ ᠠᠵᠢᠯ ᠬᠢᠵᠦ ᠂ ᠬᠠᠮᠤᠭ ᠤᠨ ᠶᠡᠬᠡ ᠬᠢᠵᠠᠭᠠᠷ ᠢᠶᠠᠷ ᠡᠷᠡᠭᠦᠦ ᠶᠢᠨ ᠬᠡᠷᠡᠭ ᠦᠨ ᠬᠤᠤᠷᠯᠠᠭᠳᠠᠭᠴᠢ ᠶᠢᠨ ᠭᠡᠷ ᠪᠦᠯᠢ ᠶᠢᠨ ᠪᠤᠳᠠᠲᠠᠢ ᠬᠦᠴᠢᠷᠳᠡᠯ ᠢ ᠰᠢᠢᠳᠪᠦᠷᠢᠯᠡᠵᠦ ᠥᠭᠴᠡᠢ ᠃  ᠨᠠᠰᠤᠨ ᠳᠤ ᠥᠯᠥ ᠬᠦᠷᠤᠭ᠍ᠰᠡᠳ ᠬᠠ‍  ᠭᠤᠸᠠᠢ ᠪᠤᠯ ᠨᠢᠭᠡᠨ ᠬᠦᠴᠦᠷᠬᠡᠭᠯᠡᠨ ᠨᠦᠵᠢᠳᠯᠡᠭᠰᠡᠨ ᠬᠡᠷᠡᠭ ᠦᠨ ᠬᠤᠤᠷᠯᠠᠭᠳᠠᠭᠴᠢ ᠂ ᠪᠡᠶ᠎ᠡ ᠰᠡᠳᠬᠢᠯ ᠬᠦᠨᠳᠦ ᠨᠤᠴᠢᠲᠠᠢ ᠰᠢᠷᠬᠠᠳᠤᠵᠤ ᠂ ᠠᠪᠤ ᠨᠢ ᠬᠦᠨᠳᠦ ᠡᠪᠡᠳᠴᠢᠨ ᠲᠠᠢ ᠂ ᠨᠠᠰᠤ ᠪᠠᠭ᠎ᠠ ᠳᠡᠭᠦᠦ ᠂ ᠬᠡᠦᠬᠡᠨ ᠳᠡᠭᠦᠦ ᠲᠠᠢ ᠂ ᠠᠮᠢᠳᠤᠷᠠᠯ ᠲᠦᠢᠯ ᠦᠨ ᠬᠦᠴᠢᠷᠲᠠᠢ ᠂ ᠲᠤᠰ ᠬᠡᠷᠡᠭ ᠦᠨ ᠵᠠᠭᠠᠯᠳᠤᠭᠳᠠᠭᠴᠢ ᠶᠠᠮᠠᠷᠴᠦ ᠲᠦᠯᠦᠪᠦᠷᠢ ᠮᠥᠩᠭᠦ ᠥᠭᠴᠦ ᠳᠡᠶᠢᠯᠬᠦ ᠦᠭᠡᠢ ᠃ ᠲᠡᠷᠡ ᠡᠨᠡ ᠪᠠᠶᠢᠳᠠᠯ ᠳᠤ ᠵᠤᠷᠢᠭᠤᠯᠤᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠡᠬᠢᠯᠡᠭᠦᠯᠵᠦ ᠂ ᠠᠪᠤᠷᠠᠨ ᠲᠤᠰᠠᠯᠠᠬᠤ ᠮᠥᠩᠭᠦ ᠶᠢ ᠭᠠᠷᠳᠠᠭᠤᠯᠵᠤ ᠂ ᠠᠮᠢᠳᠤᠷᠠᠯ ᠤᠨ ᠬᠡᠷᠡᠭᠰᠡᠯ ᠢ ᠬᠦᠷᠭᠡᠵᠦ ᠂ ᠠᠷᠠᠳ ᠤᠨ ᠶᠠᠪᠤᠳᠠᠯ ᠤᠨ ᠲᠤᠪᠴᠢᠶ᠎ᠠ ᠲᠠᠢ ᠨᠡᠪᠲᠡᠷᠡᠯᠴᠡᠵᠦ ᠤᠨᠴᠠᠭᠠᠢ ᠬᠠᠷᠠᠭᠠᠯᠵᠠᠯ ᠦᠵᠡᠭᠦᠯᠬᠦ ᠡᠲᠡᠭᠡᠳ ᠪᠤᠯᠭᠠᠵᠤ ᠂ ᠰᠡᠳᠬᠢᠴᠡ ᠶᠢᠨ ᠲᠠᠶᠢᠳᠬᠤᠷᠤᠯ ᠥᠭᠴᠦ ᠂ ᠬᠠ‍‍ ᠭᠤᠸᠠᠢ ᠶᠢᠨ ᠨᠢᠭᠡ ᠭᠡᠷ ᠦᠨ ᠬᠢᠨ ᠳᠦ ᠠᠮᠢᠳᠤᠷᠠᠯ ᠤᠨ ᠢᠲᠡᠭᠡᠯ ᠵᠤᠷᠢᠭ ᠢ ᠤᠯᠭᠤᠭᠰᠠᠨ ᠪᠠᠶᠢᠨ᠎ᠠ ᠃  ᠮᠠᠯᠴᠢᠳ ᠤᠨ ᠬᠦᠷᠭᠡᠭᠰᠡᠨ 《  ᠶᠡᠬᠡ ᠬᠠᠶᠢᠷ᠎ᠠ ᠬᠢᠵᠠᠭᠠᠷ ᠦᠭᠡᠢ ᠂ ᠨᠢᠭᠡ ᠰᠡᠳᠬᠢᠯ ᠢᠶᠡᠷ ᠠᠷᠠᠳ ᠲᠤ ᠵᠤᠷᠢᠭᠤᠯᠤᠭᠰᠠᠨ》 ᠦᠰᠦᠭ ᠲᠠᠢ ᠬᠡᠮᠡᠷᠯᠢᠭ ᠲᠤᠭ ᠨᠢ  ᠴᠤᠯᠮᠤᠨ ᠪᠠ ᠪᠠᠶᠢᠴᠠᠭᠠᠬᠤ ᠪᠠᠶᠢᠭᠤᠯᠭ᠎ᠠ  ᠳᠤ ᠵᠤᠷᠢᠭᠤᠯᠤᠭᠰᠠᠨ ᠢᠲᠡᠭᠡᠯ ᠪᠠ ᠬᠥᠨᠳᠦᠳᠬᠡᠯ ᠢ ᠢᠯᠡᠳᠬᠡᠵᠦ ᠪᠤᠢ ᠃

W020150724392375210055.jpg



ᠢᠷᠡᠯᠲᠡ
ᠪᠠᠭᠠᠷᠢᠨ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠬᠠᠰᠨᠠᠪᠴᠢ ᠤᠷᠴᠢᠭᠤᠯᠪᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro