ᠪᠦᠬᠦ ᠤᠯᠤᠰ ᠤᠨ ᠦᠨᠳᠦᠰᠦᠲᠡᠨ ᠦ ᠪᠥᠯᠬᠦᠮᠳᠡᠯ ᠢ ᠠᠬᠢᠭᠤᠯᠤᠭᠰᠠᠨ ᠵᠢᠱᠢᠶᠡᠴᠢ ︱ᠬᠡᠰᠢᠭ
2014 ᠣᠨ ᠳᠤ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠪᠠᠶᠢᠭᠤᠯᠭ᠎ᠠ 8 ᠡᠳᠦᠷ ᠦᠨ ᠬᠤᠭᠤᠴᠠᠭ᠎ᠠ ᠲᠠᠢ ᠮᠤᠩᠭᠤᠯ ᠬᠢᠲᠠᠳ ᠬᠣᠣᠰ ᠬᠡᠯᠡ ᠪᠠᠷ ᠬᠡᠷᠡᠭ ᠰᠢᠳᠬᠡᠭᠴᠢ ᠪᠠ ᠤᠷᠴᠢᠭᠤᠯᠭ᠎ᠠ ᠶᠢᠨ ᠠᠵᠢᠯᠲᠠᠨ ᠤ ᠳᠠᠪᠲᠠᠨ ᠪᠤᠯᠪᠠᠰᠤᠷᠠᠯ ᠤᠨ ᠬᠦᠳᠡᠯᠭᠡᠭᠡᠨ ᠢ ᠤᠯᠠᠭᠠᠨᠬᠠᠳᠠ ᠬᠤᠲᠠ ᠳᠤ ᠡᠷᠬᠢᠯᠡᠨ ᠶᠠᠪᠤᠭᠤᠯᠪᠠ ᠃ ᠬᠡᠰᠢᠭ ᠨᠥᠬᠦᠷ ᠲᠤᠰ ᠤᠳᠠᠭᠠᠨ ᠤ ᠬᠦᠳᠡᠯᠭᠡᠭᠡᠨ ᠦ ᠭᠣᠣᠯ ᠵᠤᠬᠢᠶᠠᠨ ᠪᠠᠶᠢᠭᠤᠯᠤᠭᠴᠢ ᠮᠥᠷᠲᠡᠭᠡᠨ ᠴᠢᠬᠤᠯᠠ ᠣᠷᠣᠯᠴᠠᠭᠴᠢ ᠪᠤᠯᠤᠭᠰᠠᠨ ᠤ ᠬᠤᠪᠢ ᠳᠤ ᠂ ᠬᠦᠳᠡᠯᠭᠡᠭᠡᠨ ᠦ ᠠᠬᠤᠢ ᠲᠠᠯᠠᠪᠠᠢ ᠳᠤ ᠲᠡᠭᠦᠨ ᠦ ᠶᠠᠭᠠᠷᠠᠯᠲᠠᠢ ᠪᠠᠷ᠎ᠠ ᠤᠯᠠᠨ ᠤ ᠬᠠᠷᠠᠭᠠᠨ ᠳᠦ ᠤᠷᠤᠨ᠎ᠠ ᠃ ᠥᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠳᠤ ᠬᠢᠲᠠᠳ ᠮᠤᠩᠭᠤᠯ ᠤᠷᠴᠢᠭᠤᠯᠭ᠎ᠠ ᠶᠢᠨ ᠠᠵᠢᠯ ᠬᠢᠭᠰᠡᠨ ᠭᠤᠴᠢ ᠰᠢᠬᠠᠮ ᠵᠢᠯ ᠦᠨ ᠲᠤᠷᠰᠢ ᠂ ᠲᠡᠷᠡ ᠬᠡᠷᠡᠭ ᠰᠢᠳᠬᠡᠬᠦ ᠲᠤᠬᠠᠢ ᠶᠢᠨ ᠲᠠᠯᠠᠪᠤᠷ ᠪᠤᠶᠤ ᠳᠠᠪᠲᠠᠨ ᠪᠤᠯᠪᠠᠰᠤᠷᠠᠯ ᠤᠨ ᠰᠠᠭᠤᠷᠢᠨ ᠭᠠᠵᠠᠷ ᠂ ᠮᠤᠩᠭᠤᠯ ᠦᠨᠳᠦᠰᠦᠲᠡᠨ ᠦ ᠬᠡᠷᠡᠭ ᠦᠨ ᠲᠤᠬᠠᠢ ᠶᠢᠨ ᠬᠦᠮᠦᠨ ᠳᠦ ᠬᠠᠤᠯᠢ ᠲᠠᠶᠢᠯᠪᠤᠷᠢᠯᠠᠵᠤ ᠶᠤᠰᠤ ᠶᠠᠷᠢᠬᠤ ᠪᠤᠶᠤ ᠮᠠᠯᠴᠢᠨ ᠲᠠᠷᠢᠶᠠᠴᠢᠨ ᠳᠤ ᠬᠠᠤᠯᠢ ᠶᠢᠨ ᠲᠤᠬᠠᠢ ᠤᠬᠠᠭᠤᠯᠭ᠎ᠠ ᠬᠢᠬᠦ ᠳᠦ ᠪᠦᠷ ᠴᠦ ᠶᠠᠳᠠᠷᠠᠬᠤ ᠶᠢ ᠮᠡᠳᠡᠬᠦ ᠦᠭᠡᠢ ᠰᠢᠭ ᠪᠠᠶᠢᠳᠠᠭ ᠃
1987 ᠣᠨ ᠳᠤ ᠬᠡᠰᠢᠭ ᠥᠪᠦᠷ ᠮᠤᠩᠭᠤᠯ ᠤᠨ ᠶᠡᠬᠡ ᠰᠤᠷᠭᠠᠭᠤᠯᠢ ᠶᠢᠨ ᠮᠤᠩᠭᠤᠯ ᠬᠡᠯᠡᠨ ᠦ ᠰᠠᠯᠪᠤᠷᠢ ᠠᠴᠠ ᠲᠡᠭᠦᠰᠦᠭᠰᠡᠨ ᠦ ᠳᠠᠷᠠᠭ᠎ᠠ ᠂ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠤᠷᠴᠢᠭᠤᠯᠭ᠎ᠠ ᠶᠢᠨ ᠭᠠᠵᠠᠷ ᠲᠤ ᠠᠵᠢᠯ ᠤᠨ ᠬᠤᠪᠢᠶᠠᠷᠢ ᠠᠪᠴᠠᠢ ᠃ ᠡᠭᠦᠨ ᠡᠴᠡ ᠰᠡᠭᠦᠯᠡᠷᠬᠢ14 ᠵᠢᠯ ᠦᠨ ᠲᠤᠷᠰᠢ ᠂ ᠲᠡᠷᠡ ᠶᠡᠬᠡ ᠬᠡᠮᠵᠢᠶᠡᠨ ᠦ ᠤᠷᠴᠢᠭᠤᠯᠭ᠎ᠠ ᠶᠢᠨ ᠠᠵᠢᠯ ᠢ ᠬᠢᠵᠦ ᠂ ᠡᠭᠦᠨ ᠵᠡᠷᠭᠡ ᠳᠦ ᠬᠠᠤᠯᠢ ᠴᠠᠭᠠᠵᠠ ᠳᠦᠷᠢᠮ ᠳᠤᠭᠲᠠᠭᠠᠯ ᠤᠨ ᠡᠮᠬᠢᠳᠬᠡᠯ ᠂ ᠵᠢᠭᠠᠬᠤ ᠮᠠᠲ᠋ᠧᠷᠢᠶᠠᠯ ᠢ ᠬᠠᠪᠰᠤᠷᠤᠨ ᠤᠷᠴᠢᠭᠤᠯᠬᠤ ᠪᠠ ᠡᠬᠡ ᠪᠢᠴᠢᠭ ᠢ ᠬᠢᠨᠠᠬᠤ ᠤᠯᠠᠨ ᠠᠵᠢᠯ ᠢ ᠬᠢᠵᠠᠢ ᠃ ᠡᠨᠡ ᠬᠤᠭᠤᠴᠠᠭᠠᠨ ᠳᠤ ᠲᠡᠷᠡ ᠪᠠᠰᠠ ᠤᠷᠤᠨ ᠤ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠤᠷᠴᠢᠭᠤᠯᠭ᠎ᠠ ᠶᠢᠨ ᠠᠵᠢᠯ ᠳᠤ ᠤᠯᠠᠨ ᠤᠳᠠᠭ᠎ᠠ ᠤᠷᠤᠯᠴᠠᠵᠤ ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠲᠥᠯᠦᠭᠡᠯᠡᠭᠴᠢᠳ ᠦᠨ ᠮᠠᠭᠲᠠᠭᠠᠯ ᠰᠠᠶᠢᠰᠢᠶᠠᠯ ᠢ ᠤᠯᠤᠭᠰᠠᠨ ᠪᠠᠶᠢᠨ᠎ᠠ ᠃
ᠪᠠᠶᠢᠴᠠᠭᠠᠬᠤ ᠠᠵᠢᠯ ᠤᠨ ᠱᠠᠭᠠᠷᠳᠠᠯᠭ᠎ᠠ ᠳᠤ ᠵᠤᠬᠢᠴᠠᠬᠤ ᠶᠢᠨ ᠲᠥᠯᠦᠭᠡ ᠬᠡᠰᠢᠭ ᠰᠣᠯᠠ ᠰᠡᠯᠡᠭᠦᠦ ᠴᠠᠭ ᠢᠶᠠᠨ ᠠᠰᠢᠭᠯᠠᠨ ᠳᠤᠮᠳᠠᠳᠦ ᠤᠯᠤᠰ ᠤᠨ ᠤᠯᠤᠰ ᠲᠥᠷᠦ ᠬᠠᠣᠯᠢ ᠴᠠᠭᠠᠵᠠ ᠶᠢᠨ ᠶᠡᠬᠡ ᠰᠤᠷᠭᠠᠭᠤᠯᠢ ᠶᠢᠨ ᠬᠠᠤᠯᠢ ᠶᠢᠨ ᠳᠡᠭᠡᠳᠦ ᠰᠤᠷᠭᠠᠭᠤᠯᠢ ᠳᠦ ᠰᠤᠷᠤᠯᠴᠠᠵᠤ ᠂ ᠰᠡᠭᠦᠯᠡᠷ ᠨᠢ ᠪᠠᠰᠠ ᠥᠪᠦᠷ ᠮᠤᠩᠭᠤᠯ ᠤᠨ ᠶᠡᠬᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠲᠡᠩᠴᠡᠭᠦᠦ ᠰᠤᠷᠤᠯᠭ᠎ᠠ ᠶᠢᠨ ᠨᠠᠮᠲᠠᠷ ᠲᠠᠢ ᠰᠤᠳᠤᠯᠬᠤ ᠰᠤᠷᠤᠭᠴᠢ ᠪᠠᠷ ᠰᠤᠷᠤᠯᠴᠠᠭᠰᠠᠨ ᠪᠠᠶᠢᠨ᠎ᠠ ᠃ ᠢᠩᠬᠢᠭᠡᠳ ᠲᠡᠷᠡ ᠨᠢᠭᠡᠨ ᠡᠩ ᠦᠨ ᠤᠷᠴᠢᠭᠤᠯᠤᠭᠴᠢ ᠠᠴᠠ ᠤᠷᠴᠢᠭᠤᠯᠭ᠎ᠠ ᠮᠡᠳᠡᠬᠦ ᠮᠥᠷᠲᠡᠭᠡᠨ ᠬᠡᠷᠡᠭ ᠰᠢᠳᠬᠡᠵᠦ ᠳᠡᠶᠢᠯᠬᠦ ᠬᠣᠣᠰ ᠬᠡᠯᠡᠨ ᠦ ᠪᠠᠶᠢᠴᠠᠭᠠᠬᠤ ᠳᠤᠰᠢᠶᠠᠯᠲᠠᠨ ᠪᠤᠯᠵᠤ ᠂ 2001 ᠤᠨ ᠳᠤ ᠠᠯᠪᠠᠨ ᠵᠠᠭᠠᠯᠳᠤᠯᠭ᠎ᠠ ᠶᠢᠨ ᠭᠠᠵᠠᠷ ᠰᠢᠯᠵᠢᠨ ᠂ ᠮᠤᠩᠭᠤᠯ ᠬᠢᠲᠡᠳ ᠬᠣᠣᠰ ᠬᠡᠯᠡᠨ ᠦ ᠵᠠᠭᠠᠯᠳᠤᠯᠭ᠎ᠠ ᠶᠢᠨ ᠠᠵᠢᠯ ᠢ ᠬᠢᠭᠰᠡᠨ ᠪᠠᠶᠢᠨ᠎ᠠ ᠃
ᠬᠤᠷᠢᠶᠠᠨ ᠤ ᠬᠣᠣᠰ ᠬᠡᠯᠡᠨ ᠦ ᠭᠤᠤᠯᠯᠠᠭᠴᠢ ᠬᠦᠴᠦᠨ ᠪᠤᠯᠤᠭᠰᠠᠨ ᠤ ᠬᠤᠪᠢ ᠳᠤ ᠬᠡᠰᠢᠭ ᠨᠥᠬᠦᠷ ᠦᠨ ᠰᠢᠢᠳᠪᠦᠷᠢᠯᠡᠭᠰᠡᠨ ᠬᠡᠷᠡᠭ ᠲᠦ ᠠᠳᠠᠯᠢ ᠪᠤᠰᠤ ᠦᠨᠳᠦᠰᠦᠲᠡᠨ ᠦ ᠲᠤᠬᠠᠢ ᠶᠢᠨ ᠬᠦᠮᠦᠨ ᠬᠤᠯᠪᠤᠭᠳᠠᠵᠤ ᠂ ᠵᠠᠷᠢᠮ ᠨᠢ ᠬᠢᠲᠠᠳ ᠬᠡᠯᠡ ᠮᠡᠳᠡᠬᠦ ᠦᠭᠡᠢ ᠬᠢᠲᠠᠳ ᠦᠰᠦᠭ ᠲᠠᠨᠢᠬᠤ ᠦᠭᠡᠢ ᠂ ᠵᠠᠷᠢᠮ ᠨᠢ ᠮᠤᠩᠭᠤᠯ ᠦᠭᠡ ᠮᠡᠳᠡᠬᠦ ᠦᠭᠡᠢ ᠮᠤᠩᠭᠤᠯ ᠦᠰᠦᠭ ᠲᠠᠨᠢᠬᠤ ᠦᠭᠡᠢ ᠃ ᠶᠠᠮᠠᠷ ᠪᠤᠳᠤᠯᠢᠶᠠᠨ ᠲᠠᠢ ᠪᠠᠶᠢᠳᠠᠯ ᠬᠠᠷᠭᠤᠭᠰᠠᠨ ᠴᠦ ᠬᠡᠰᠢᠭ ᠰᠡᠳᠬᠢᠯ ᠳᠦ ᠪᠡᠨ 《 ᠦᠭᠡ ᠬᠡᠯᠡᠨ ᠦ ᠬᠠᠷᠰᠢ ᠪᠠᠷ ᠲᠥᠪ ᠭᠤᠤᠯᠴᠢ ᠶᠢᠨ ᠵᠠᠮ ᠢ ᠰᠠᠭᠠᠲᠠᠭᠠᠵᠤ ᠪᠤᠯᠠᠬᠤ ᠦᠭᠡᠢ》 ᠭᠡᠵᠦ ᠵᠤᠷᠢᠭ ᠰᠢᠭᠤᠳᠳᠠᠭ ᠃
ᠪᠠᠶᠢᠭᠤᠯᠭ᠎ᠠ ᠶᠢᠨ ᠬᠡᠷᠡᠭ ᠰᠢᠳᠬᠡᠬᠦ ᠳᠦ ᠤᠷᠤᠯᠴᠠᠬᠤ ᠠᠴᠠ ᠭᠠᠳᠠᠨ᠎ᠠ ᠬᠡᠰᠢᠭ ᠮᠤᠩᠭᠤᠯ ᠬᠢᠲᠠᠳ ᠬᠣᠣᠰ ᠬᠡᠯᠡ ᠪᠠ ᠪᠠᠶᠢᠴᠠᠭᠠᠬᠤ ᠲᠤᠬᠠᠶᠢᠯᠠᠭᠰᠠᠨ ᠠᠵᠢᠯ ᠳᠤ ᠨᠡᠪᠲᠡᠷᠬᠡᠢ ᠮᠡᠷᠭᠡᠵᠢᠯ ᠢᠶᠡᠨ ᠭᠦᠢᠴᠡᠳ ᠪᠠᠳᠠᠷᠠᠭᠤᠯᠵᠤ ᠂ ᠥᠪᠡᠷᠲᠡᠭᠡᠨ ᠵᠠᠰᠠᠬᠤ ᠤᠷᠤᠨ ᠤ ᠤᠯᠤᠰ ᠲᠥᠷᠦ ᠬᠠᠤᠯᠢ ᠴᠠᠭᠠᠵᠠ ᠶᠢᠨ ᠬᠤᠷᠢᠶ᠎ᠠ ᠪᠠ ᠲᠤᠰ ᠬᠤᠷᠢᠶᠠᠨ ᠤ ᠳᠡᠭᠡᠭᠰᠢ ᠰᠤᠷᠪᠤᠯᠵᠢᠯᠠᠭ᠎ᠠ ᠶᠢᠨ ᠬᠦᠯᠢᠶᠡᠨ ᠠᠪᠬᠤ ᠠᠵᠢᠯ ᠳᠤ ᠢᠳᠡᠪᠬᠢᠲᠠᠢ ᠤᠷᠤᠯᠴᠠᠵᠠᠢ ᠃ ᠤᠶᠢᠷ᠎ᠠ ᠶᠢᠨ ᠵᠢᠯ ᠳᠦ ᠲᠡᠭᠦᠨ ᠦ ᠬᠦᠯᠢᠶᠡᠨ ᠠᠪᠴᠦ ᠠᠭᠤᠯᠵᠠᠭᠰᠠᠨ ᠳᠡᠭᠡᠭᠰᠢ ᠰᠤᠷᠪᠤᠯᠵᠢᠯᠠᠭ᠎ᠠ 160 ᠬᠦᠮᠦᠨ ᠤᠳᠠᠭ᠎ᠠ ᠪᠠᠶᠢᠵᠤ ᠂ ᠨᠡᠶᠢᠭᠡᠮ ᠦᠨ ᠳᠤᠭᠲᠠᠭᠤᠨ ᠢ ᠬᠠᠮᠠᠭᠠᠯᠠᠬᠤ ᠂ ᠡᠶ᠎ᠡ ᠨᠠᠶᠢᠷᠠᠮᠳᠠᠭᠤ ᠨᠡᠶᠢᠭᠡᠮ ᠢ ᠪᠦᠲᠦᠭᠡᠨ ᠪᠠᠶᠢᠭᠤᠯᠬᠤ ᠪᠠ ᠦᠨᠳᠦᠰᠦᠲᠡᠨ ᠦ ᠶᠡᠬᠡ ᠪᠥᠯᠬᠦᠮᠳᠡᠯ ᠳᠦ ᠥᠪᠡᠷ ᠦᠨ ᠭᠡᠰᠡᠨ ᠬᠤᠪᠢ ᠨᠡᠮᠡᠷᠢ ᠪᠡᠨ ᠦᠵᠡᠭᠦᠯᠦᠭᠰᠡᠨ ᠪᠠᠶᠢᠨ᠎ᠠ ᠃
ᠠᠯᠪᠠᠨ ᠵᠠᠭᠠᠯᠳᠤᠯᠭ᠎ᠠ ᠶᠢᠨ ᠭᠠᠵᠠᠷ ᠠᠵᠢᠯᠯᠠᠭᠰᠠᠨ 12 ᠵᠢᠯ ᠦᠨ ᠲᠤᠷᠰᠢ᠂ ᠬᠡᠰᠢᠭ ᠬᠡᠷᠡᠭ ᠰᠢᠳᠬᠡᠬᠦ ᠦᠢᠯᠡᠳᠦᠯᠭᠡ ᠶᠢᠨ ᠳᠤᠮᠳᠠ ᠬᠠᠤᠯᠢ ᠴᠠᠭᠠᠵᠠ ᠶᠢᠨ ᠨᠡᠷ᠎ᠡ ᠲᠤᠮᠢᠶ᠎ᠠ ᠶᠢ ᠤᠨᠤᠪᠴᠢᠲᠠᠢ ᠤᠷᠴᠢᠭᠤᠯᠬᠤ ᠪᠠ ᠬᠡᠷᠡᠭᠯᠡᠬᠦ ᠨᠢ ᠦᠨᠳᠦᠰᠦᠲᠡᠨ ᠦ ᠭᠠᠵᠠᠷ ᠤᠷᠤᠨ ᠤ ᠬᠠᠤᠯᠢ ᠶᠢᠨ ᠠᠵᠢᠯᠲᠠᠨ ᠳᠤ ᠠᠪᠴᠦ ᠬᠡᠯᠡᠪᠡᠯ ᠲᠦᠢᠯ ᠦᠨ ᠴᠢᠬᠤᠯᠠ ᠭᠡᠳᠡᠭ ᠢ ᠤᠬᠠᠵᠠᠢ ᠃ ᠢᠩᠬᠢᠭᠡᠳ ᠲᠡᠷᠡ ᠬᠠᠤᠯᠢ ᠴᠠᠭᠠᠵᠠ ᠶᠢᠨ ᠨᠡᠷ᠎ᠡ ᠲᠤᠮᠢᠶ᠎ᠠ ᠶᠢᠨ ᠤᠷᠴᠢᠭᠤᠯᠭ᠎ᠠ ᠶᠢᠨ ᠠᠵᠢᠯ ᠳᠤ ᠶᠡᠬᠡ ᠬᠡᠮᠵᠢᠶᠡᠨ ᠦ ᠬᠦᠴᠦ ᠬᠦᠯᠦᠰᠦ ᠪᠡᠨ ᠵᠠᠷᠤᠴᠠᠭᠤᠯᠵᠤ ᠡᠬᠢᠯᠡᠭᠰᠡᠨ ᠪᠠᠶᠢᠨ᠎ᠠ ᠃
2006 ᠤᠨ ᠠᠴᠠ 2007 ᠤᠨ ᠨᠢ ᠬᠡᠰᠢᠭ ᠨᠥᠬᠦᠷ ᠲᠦ ᠠᠪᠴᠦ ᠬᠡᠯᠡᠪᠡᠯ ᠶᠡᠷᠦ ᠪᠤᠰᠤ ᠶᠢᠨ ᠨᠢᠭᠡ ᠵᠢᠯ ᠪᠤᠯᠤᠨ᠎ᠠ ᠃ ᠡᠨᠡ ᠵᠢᠯ ᠲᠡᠷᠡ ᠠᠯᠪᠠᠨ ᠵᠠᠭᠠᠯᠳᠤᠯᠭ᠎ᠠ ᠶᠢᠨ ᠭᠠᠵᠠᠷ ᠤᠨ ᠡᠳᠦᠷ ᠳᠤᠲᠤᠮ ᠤᠨ ᠬᠡᠷᠡᠭ ᠰᠢᠳᠬᠡᠬᠦ ᠠᠵᠢᠯ ᠢᠶᠠᠨ ᠬᠠᠷᠰᠢᠯᠠᠭᠰᠠᠨ ᠦᠭᠡᠢ ᠤᠷᠢᠳᠠᠯ ᠳᠤᠤᠷ᠎ᠠ ᠴᠠᠭ ᠨᠡᠮᠡᠨ ᠠᠵᠢᠯᠯᠠᠵᠤ ᠂ 《 ᠬᠢᠲᠠᠳ ᠮᠤᠩᠭᠤᠯ ᠬᠠᠤᠯᠢ ᠴᠠᠭᠠᠵᠠ ᠶᠢᠨ ᠨᠡᠷ᠎ᠡ ᠲᠤᠮᠢᠶ᠎ᠠ ᠶᠢᠨ ᠲᠤᠯᠢ ᠪᠢᠴᠢᠭ》 ︵200 ᠲᠦᠮᠡᠨ ᠦᠰᠦᠭ ︶ ᠢ ᠨᠠᠶᠢᠷᠠᠭᠤᠯᠬᠤ ᠂ ᠡᠬᠡ ᠪᠢᠴᠢᠭ ᠬᠢᠨᠠᠬᠤ ᠵᠡᠷᠬᠡ ᠰᠢᠷᠢᠰ ᠠᠵᠢᠯ ᠢ ᠥᠨᠳᠦᠷ ᠴᠢᠨᠠᠷ ᠴᠢᠨᠰᠠᠭ᠎ᠠ ᠲᠠᠢ ᠬᠢᠵᠦ ᠳᠠᠭᠤᠰᠬᠠᠭᠰᠠᠨ ᠪᠠᠶᠢᠨ᠎ᠠ ᠃
《ᠲᠤᠯᠢ ᠪᠢᠴᠢᠭ》 ᠦᠨ ᠨᠠᠶᠢᠷᠠᠭᠤᠯᠬᠤ ᠺᠤᠮᠢᠰ ᠤᠨ ᠭᠡᠰᠢᠭᠦᠨ ᠪᠤᠯᠤᠭᠰᠠᠨ ᠤ ᠬᠤᠪᠢ ᠳᠤ ᠬᠡᠰᠢᠭ ᠨᠥᠬᠦᠷ ᠥᠪᠡᠷ ᠦᠨ ᠲᠤᠰᠬᠠᠢ ᠮᠡᠷᠭᠡᠵᠢᠯ ᠦᠨ ᠤᠨᠴᠠᠯᠢᠭ ᠢᠶᠠᠨ ᠭᠦᠢᠴᠡᠳ ᠪᠠᠳᠠᠷᠠᠭᠤᠯᠵᠤ ᠂ ᠤᠷᠴᠢᠭᠤᠯᠭ᠎ᠠ ᠶᠢᠨ ᠦᠭᠡᠰ ᠦᠨ ᠵᠤᠷᠪᠤᠰ 31478 ᠵᠤᠷᠪᠤᠰ ᠂ ᠨᠡᠶᠢᠲᠡ31 ᠲᠦᠮᠡᠨ ᠦᠰᠦᠭ ᠢ ᠡᠮᠬᠢᠳᠬᠡᠵᠠᠢ ᠃ ᠪᠢᠷ ᠦᠨ ᠵᠢᠷᠤᠯᠭ᠎ᠠ ᠶᠢᠨ ᠳᠠᠷᠠᠭᠠᠯᠠᠯ ᠢᠶᠠᠷ ᠭᠠᠷ ᠢᠶᠡᠷ ᠬᠠᠤᠯᠢ ᠶᠢᠨ ᠨᠡᠷᠡᠰ ᠦᠭᠡ ᠶᠢ 2 ᠲᠦᠮᠡ ᠭᠠᠷᠤᠢ ᠵᠤᠷᠪᠤᠰ ᠵᠢᠭᠰᠠᠭᠠᠵᠤ ᠂ ᠨᠡᠶᠢᠲᠡ 28 ᠭᠠᠷᠤᠢ ᠲᠦᠮᠡᠨ ᠦᠰᠦᠭ ᠃ ᠭᠠᠭᠴᠠᠭᠠᠷ 325 ᠲᠦᠮᠡᠨ ᠦᠰᠦᠭ ᠦᠨ ᠡᠬᠡ ᠪᠢᠴᠢᠭ ᠬᠢᠨᠠᠬᠤ ᠡᠭᠦᠷᠭᠡ ᠶᠢ ᠪᠡᠶᠡᠯᠡᠭᠦᠯᠵᠦ ᠂ ᠠᠳᠠᠯᠢ ᠪᠤᠰᠤ ᠤᠷᠴᠢᠭᠤᠯᠭ᠎ᠠ ᠶᠢ ᠨᠢᠭᠡᠲᠦᠯᠵᠡᠭᠦᠯᠵᠦ ᠂ ᠡᠭᠦᠨ ᠡᠴᠡ ᠭᠠᠳᠠᠨ᠎ᠠ 《 ᠲᠤᠯᠢ ᠪᠢᠴᠢᠭ》 ᠦᠨ ᠡᠮᠦᠨᠡᠬᠢ ᠦᠭᠡ ︵ ᠮᠤᠩᠭᠤᠯ ᠬᠢᠲᠠᠳ ︶ ᠶᠢ ᠨᠤᠤᠷᠠᠭᠯᠠᠵᠤ ᠂ ᠬᠡᠪᠯᠡᠯ ᠦᠨ ᠬᠤᠷᠢᠶ᠎ᠠ ᠲᠠᠢ ᠬᠠᠷᠢᠴᠠᠬᠤ ᠵᠡᠷᠭᠡ ᠶᠡᠬᠡ ᠬᠡᠮᠵᠢᠶᠡᠨ ᠦ ᠲᠤᠰᠠᠯᠠᠬᠤ ᠠᠵᠢᠯ ᠢ ᠬᠢᠵᠦ ᠂ 《 ᠲᠤᠯᠢ ᠪᠢᠴᠢᠭ》 ᠦᠨ ᠤᠷᠤᠭᠰᠢᠲᠠᠢ ᠬᠡᠪᠯᠡᠭᠳᠡᠬᠦ ᠶᠢ ᠪᠠᠲᠤᠯᠠᠵᠠᠢ ᠃
ᠬᠡᠰᠢᠭ ᠨᠥᠬᠦᠷ ᠤᠷᠴᠢᠭᠤᠯᠭ᠎ᠠ ᠶᠢᠨ ᠠᠵᠢᠯ ᠳᠤ ᠰᠢᠨ᠎ᠡ ᠶᠢ ᠡᠭᠦᠳᠬᠦ ᠵᠤᠷᠢᠭ ᠰᠠᠨᠠᠭ᠎ᠠ ᠪᠦᠷᠢᠨ ᠲᠡᠭᠦᠯᠳᠡᠷ ᠪᠠᠶᠢᠵᠤ ᠂ 《 ᠲᠤᠯᠢ ᠪᠢᠴᠢᠭ》 ᠢ ᠨᠠᠶᠢᠷᠠᠭᠤᠯᠬᠤ ᠶᠠᠪᠤᠴᠠ ᠳᠤ ᠡᠩ ᠦᠨ ᠵᠢᠷᠦᠮ ᠢ ᠡᠪᠳᠡᠵᠦ ᠂ ᠰᠢᠨ᠎ᠡ ᠨᠡᠷᠡᠰ ᠦᠭᠡ ᠂ ᠰᠢᠨ᠎ᠡ ᠮᠡᠷᠭᠡᠵᠢᠯ ᠦᠨ ᠦᠭᠡ ᠶᠢ ᠶᠡᠬᠡ ᠬᠡᠮᠵᠢᠶ᠎ᠡ ᠪᠡᠷ ᠨᠡᠷᠡᠯᠡᠵᠦ ᠂ ᠬᠠᠤᠯᠢ ᠴᠠᠭᠠᠵᠠ ᠶᠢᠨ ᠨᠡᠷ᠎ᠡ ᠲᠤᠮᠢᠶ᠎ᠠ ᠶᠢᠨ ᠲᠠᠯ᠎ᠠ ᠪᠠᠷ ᠰᠢᠨ᠎ᠡ ᠠᠬᠢᠯᠲᠠ ᠲᠠᠢ ᠪᠤᠯᠵᠤ ᠂ ᠤᠷᠴᠢᠭᠤᠯᠭ᠎ᠠ ᠶᠢᠨ ᠠᠵᠢᠯ ᠤᠨ ᠳᠤᠮᠳᠠᠬᠢ ᠵᠠᠷᠢᠮ ᠨᠡᠷ᠎ᠡ ᠲᠤᠮᠢᠶ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠠᠢ ᠃
《ᠲᠤᠯᠢ ᠪᠢᠴᠢᠭ》 ᠦᠨ ᠬᠡᠪᠯᠡᠭᠳᠡᠭᠰᠡᠨ ᠨᠢ ᠮᠠᠨ ᠤ ᠤᠯᠤᠰ ᠤᠨ ᠬᠢᠲᠡᠳ ᠮᠤᠩᠭᠤᠯ ᠬᠠᠤᠯᠢ ᠴᠠᠭᠠᠵᠠ ᠶᠢᠨ ᠨᠡᠷ᠎ᠡ ᠲᠤᠮᠢᠶ᠎ᠠ ᠶᠢᠨ ᠶᠡᠬᠡ ᠬᠡᠪᠴᠢᠶᠠᠨ ᠤ ᠲᠤᠯᠢ ᠪᠢᠴᠢᠭ ᠦᠨ ᠬᠣᠭᠤᠰᠤᠨ ᠢ ᠨᠥᠬᠦᠪᠦᠷᠢᠯᠡᠵᠦ ᠂ ᠮᠤᠩᠭᠤᠯ ᠬᠢᠲᠠᠳ ᠬᠣᠣᠰ ᠬᠡᠯᠡ ᠪᠡᠷ ᠬᠡᠷᠡᠭ ᠰᠢᠳᠬᠡᠬᠦ ᠬᠦᠮᠦᠰ ᠲᠦ ᠶᠡᠬᠡ ᠬᠡᠮᠵᠢᠶᠡᠨ ᠦ ᠳᠥᠭᠦᠮ ᠢ ᠬᠠᠩᠭᠠᠵᠠᠢ ᠃ 2007 ᠣᠨ ᠳᠤ ᠡᠨᠡᠬᠦ 《 ᠲᠤᠯᠢ ᠪᠢᠴᠢᠭ》 ᠨᠢ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ 《 ᠠᠷᠪᠠᠨ ᠶᠡᠬᠡ ᠬᠠᠤᠯᠢ ᠴᠠᠭᠠᠵᠠ ᠶᠢᠨ ᠬᠡᠷᠡᠭ ᠤᠴᠢᠷ》 ᠲᠤ ᠰᠤᠩᠭᠤᠭᠳᠠᠨ ᠤᠷᠤᠵᠠᠢ ᠃
ᠥᠪᠦᠷ ᠮᠤᠩᠭᠤᠯ ᠤᠨ ᠤᠯᠠᠩᠬᠢ ᠭᠠᠵᠠᠷ ᠲᠤ ᠬᠡᠷᠪᠡ ᠦᠨᠳᠦᠰᠦᠲᠡᠨ ᠦ ᠦᠭᠡ ᠬᠡᠯᠡ ᠮᠡᠳᠡᠬᠦ ᠦᠭᠡᠢ ᠳᠦ ᠬᠦᠷᠪᠡᠯ ᠬᠠᠮᠤᠭ ᠤᠨ ᠦᠨᠳᠦᠰᠦᠨ ᠯᠠᠪᠯᠠᠨ ᠠᠰᠠᠭᠤᠬᠤ ᠂ ᠰᠢᠭᠦᠨ ᠠᠰᠠᠭᠤᠬᠤ ᠶᠢ ᠪᠡᠶᠡᠯᠡᠭᠦᠯᠬᠦ ᠳᠦ ᠬᠦᠴᠢᠷ ᠂ ᠡᠶᠢᠮᠦ ᠡᠴᠡ ᠦᠨᠳᠦᠰᠦᠲᠡᠨ ᠦ ᠦᠭᠡ ᠬᠡᠯᠡ ᠪᠡᠷ ᠬᠡᠷᠡᠭ ᠰᠢᠳᠬᠡᠬᠦ ᠬᠦᠮᠦᠰ ᠲᠦ ᠪᠤᠯᠪᠠᠰᠤᠷᠠᠯ ᠬᠢᠬᠦ ᠨᠢ ᠲᠦᠢᠯ ᠦᠨ ᠴᠢᠬᠤᠯᠠ ᠃ ᠭᠡᠪᠡᠴᠦ ᠪᠤᠳᠠᠲᠠᠢ ᠪᠠᠶᠢᠳᠠᠯ ᠳᠤ ᠮᠤᠩᠭᠤᠯ ᠬᠡᠯᠡᠨ ᠦ ᠵᠢᠭᠠᠬᠤ ᠮᠠᠲ᠋ᠧᠷᠢᠶᠠᠯ ᠪᠠ ᠬᠠᠤᠯᠢ ᠴᠠᠭᠠᠵᠠ ᠶᠢᠨ ᠨᠣᠮ ᠪᠢᠴᠢᠭ ᠬᠣᠮᠰᠠ ᠠᠴᠠ ᠡᠨᠡ ᠲᠥᠷᠦᠯ ᠦᠨ ᠠᠵᠢᠯ ᠢ ᠨᠢᠭᠡ ᠬᠡᠮᠵᠢᠶᠡᠨ ᠳᠦ ᠬᠠᠷᠰᠢᠯᠠᠵᠠᠢ ᠃ ᠡᠨᠡᠬᠦ ᠠᠰᠠᠭᠤᠳᠠᠯ ᠢ ᠰᠢᠢᠳᠪᠦᠷᠢᠯᠡᠬᠦ ᠶᠢᠨ ᠲᠥᠯᠦᠭᠡ ᠂ ᠬᠡᠰᠢᠭ ᠨᠥᠭᠦᠷ ᠪᠠ ᠲᠡᠭᠦᠨ ᠦ ᠬᠠᠮᠲᠦ ᠠᠵᠢᠯᠲᠠᠨ ᠬᠠᠤᠯᠢ ᠴᠠᠭᠠᠵᠠ ᠳᠦᠷᠢᠮ ᠳᠤᠭᠲᠠᠭᠠᠯ ᠪᠠ ᠵᠢᠭᠠᠬᠤ ᠮᠠᠲ᠋ᠧᠷᠢᠶᠠᠯ ᠤᠨ ᠤᠷᠴᠢᠭᠤᠯᠭ᠎ᠠ ᠶᠢᠨ ᠠᠵᠢᠯ ᠢ ᠡᠬᠢᠯᠡᠭᠦᠯᠵᠦ ᠂ ᠤᠷᠢᠳ ᠬᠤᠵᠢᠳ 20 ᠭᠠᠷᠤᠢ ᠬᠠᠤᠯᠢ ᠴᠠᠭᠠᠵᠠ ᠳᠦᠷᠢᠮ ᠳᠤᠭᠲᠠᠭᠠᠯ ᠪᠠ ᠵᠢᠭᠠᠬᠤ ᠮᠠᠲ᠋ᠧᠷᠢᠶᠠᠯ ᠤᠨ ᠤᠷᠴᠢᠭᠤᠯᠭ᠎ᠠ ᠳᠤ ᠤᠷᠤᠯᠴᠠᠵᠠᠢ ᠃ 2012 ᠣᠨ ᠤ 7 ᠰᠠᠷ᠎ᠠ ᠠᠴᠠ 2013 ᠣᠨ ᠪᠤᠯᠲᠠᠯ᠎ᠠ ᠂ ᠲᠡᠷᠡ ᠰᠢᠨ᠎ᠡ ᠬᠡᠪ ᠦᠨ ᠡᠷᠡᠭᠦᠦ ᠶᠢᠨ ᠬᠠᠤᠯᠢ ᠂ ᠡᠷᠡᠭᠦᠦ ᠶᠢᠨ ᠵᠠᠷᠭᠤ ᠶᠢᠨ ᠬᠠᠤᠯᠢ ᠶᠢ ᠴᠠᠭ ᠲᠤᠬᠠᠢ ᠳᠤ ᠨᠢ ᠤᠷᠴᠢᠭᠤᠯᠵᠤ ᠂ ᠥᠪᠡᠷᠲᠡᠭᠡᠨ ᠵᠠᠰᠠᠬᠤ ᠤᠷᠤᠨ ᠲᠡᠷᠡᠴᠢᠯᠡᠨ ᠰᠢᠨᠵᠢᠶᠠᠩ ᠂ ᠬᠥᠬᠡᠨᠠᠭᠤᠷ ᠵᠡᠷᠭᠡ ᠭᠠᠳᠠᠷ ᠮᠤᠵᠢ ᠤᠷᠤᠨ ᠤ ᠬᠣᠣᠰ ᠬᠡᠯᠡᠨ ᠦ ᠤᠯᠤᠰ ᠲᠥᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠬᠡᠷᠡᠭ ᠰᠢᠳᠬᠡᠬᠦ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ ᠃
2014 ᠣᠨ ᠤ 3 ᠰᠠᠷ᠎ᠠ ᠶᠢᠨ ᠡᠬᠢᠨ ᠳᠦ ᠬᠡᠰᠢᠭ ᠤᠷᠤᠨ ᠤ ᠪᠠᠶᠢᠴᠠᠭᠠᠬᠤ ᠬᠤᠷᠢᠶ᠎ᠠ ᠶᠢᠨ ᠤᠷᠴᠢᠭᠤᠯᠭ᠎ᠠ ᠶᠢᠨ ᠭᠠᠵᠠᠷ ᠲᠤ ᠪᠤᠴᠠᠨ ᠢᠷᠡᠵᠦ ᠂ ᠳᠡᠳ᠋ ᠭᠠᠵᠠᠷ ᠤᠨ ᠳᠠᠷᠤᠭ᠎ᠠ ᠶᠢᠨ ᠳᠤᠰᠢᠶᠠᠯ ᠢ ᠡᠭᠦᠷᠭᠡᠯᠡᠵᠠᠢ ᠃ ᠡᠨᠡ ᠤᠳᠠᠭ᠎ᠠ ᠲᠡᠷᠡ ᠨᠢᠭᠡ ᠠᠯᠳᠠᠷ ᠬᠦᠨᠳᠦ ᠲᠠᠢ ᠤᠷᠴᠢᠭᠤᠯᠤᠭᠴᠢ ᠪᠠᠷ ᠪᠠᠷᠠᠬᠤ ᠦᠭᠡᠢ ᠤᠷᠴᠢᠭᠤᠯᠭ᠎ᠠ ᠶᠢᠨ ᠬᠡᠷᠡᠭᠯᠡᠭᠡᠨ ᠢ ᠨᠢᠭᠡᠳᠬᠡᠬᠦ ᠪᠠ ᠳᠦᠷᠢᠮᠵᠢᠭᠦᠯᠬᠦ ᠂ ᠤᠷᠴᠢᠭᠤᠯᠭ᠎ᠠ ᠶᠢᠨ ᠲᠤᠬᠠᠶᠢᠯᠠᠭᠰᠠᠨ ᠠᠵᠢᠯ ᠢ ᠴᠢᠩᠭᠠᠳᠬᠠᠬᠤ ᠪᠦᠲᠦᠭᠡᠨ ᠪᠠᠶᠢᠭᠤᠯᠤᠯᠲᠠ ᠂ ᠤᠷᠴᠢᠭᠤᠯᠭ᠎ᠠ ᠶᠢᠨ ᠡᠩᠨᠡᠭᠡ ᠶᠢ ᠴᠢᠩᠭᠠᠳᠬᠠᠬᠤ ᠬᠦᠨᠳᠦ ᠡᠭᠦᠷᠭᠡ ᠶᠢ ᠡᠭᠦᠷᠭᠡᠯᠡᠵᠦ ᠪᠤᠢ ᠃
ᠤᠬᠤᠷᠬᠠᠨ ᠬᠡᠳᠦᠨ ᠰᠠᠷ᠎ᠠ ᠶᠢᠨ ᠬᠤᠭᠤᠴᠠᠭᠠᠨ ᠳᠤ ᠬᠡᠰᠢᠭ ᠨᠥᠬᠦᠷ ᠪᠠ ᠲᠡᠭᠦᠨ ᠤ ᠬᠠᠮᠲᠦ ᠠᠵᠢᠯᠲᠠᠨ ᠤ ᠬᠠᠮᠲᠦ ᠶᠢᠨ ᠴᠢᠷᠮᠠᠶᠢᠯᠭ᠎ᠠ ᠳᠤᠤᠷ᠎ᠠ ᠂ ᠤᠷᠴᠢᠭᠤᠯᠭ᠎ᠠ ᠶᠢᠨ ᠭᠠᠵᠠᠷ ᠤᠨ ᠠᠵᠢᠯ ᠰᠢᠨ᠎ᠡ ᠡᠭᠦᠳᠦᠯᠲᠡ ᠰᠢᠨ᠎ᠡ ᠭᠢᠯᠠᠰ ᠴᠢᠭ ᠲᠠᠢ ᠪᠤᠯᠵᠠᠢ ᠄ ᠲᠤᠰ ᠭᠠᠵᠠᠷ ᠤᠨ ᠢᠳᠡᠪᠬᠢᠲᠠᠢ ᠴᠢᠷᠮᠠᠶᠢᠯᠭ᠎ᠠ ᠳᠤᠤᠷ᠎ᠠ ᠤᠷᠤᠨ ᠤ ᠪᠠᠶᠢᠴᠠᠭᠠᠬᠤ ᠬᠤᠷᠢᠶ᠎ᠠ 《 ᠪᠠᠶᠢᠴᠠᠭᠠᠬᠤ ᠪᠠᠶᠢᠭᠤᠯᠭ᠎ᠠ ᠶᠢᠨ ᠮᠤᠩᠭᠤᠯ ᠬᠡᠯᠡᠨ ᠦ ᠲᠤᠭᠠᠴᠢᠯᠠᠭᠰᠠᠨ ᠲᠠᠪᠴᠠᠩ ᠤᠨ ᠪᠦᠲᠦᠭᠡᠨ ᠪᠠᠶᠢᠭᠤᠯᠤᠯᠲᠠ》 ᠶᠢᠨ ᠲᠦᠷᠦᠯ ᠵᠦᠢᠯ ᠢ ᠣᠯᠵᠠᠢ ᠃ ᠲᠤᠰ ᠲᠥᠷᠦᠯ ᠵᠦᠢᠯ ᠨᠢ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠳᠤᠲᠤᠭᠠᠳᠦ ᠭᠠᠳᠠᠭᠠᠳᠦ ᠰᠦᠯᠵᠢᠶ᠎ᠡ ᠳᠡᠭᠡᠷ᠎ᠡ ᠮᠤᠩᠭᠤᠯ ᠬᠡᠯᠡ ᠪᠡᠷ ᠬᠡᠷᠡᠭ ᠰᠢᠳᠬᠡᠬᠦ ᠪᠠ ᠠᠯᠪᠠᠯᠠᠬᠤ ᠰᠢᠰᠲ᠋ᠧᠮ ᠢ ᠡᠭᠦᠳᠦᠨ ᠂ 《 ᠬᠢᠲᠠᠳ ᠮᠤᠩᠭᠤᠯ ᠬᠠᠤᠯᠢ ᠶᠢᠨ ᠨᠡᠷ᠎ᠡ ᠲᠤᠮᠢᠶ᠎ᠠ ᠶᠢᠨ ᠲᠤᠯᠢ ᠪᠢᠴᠢᠭ》 ᠲᠦ ᠲᠤᠭᠠᠴᠢᠯᠠᠭᠰᠠᠨ ᠨᠡᠭᠡᠭᠡᠯᠲᠡ ᠬᠢᠵᠦ ᠂ ᠭᠤᠷᠪᠠᠨ ᠱᠠᠲᠦᠨ ᠤ ᠬᠤᠷᠢᠶ᠎ᠠ ᠡᠬᠢ ᠪᠠᠶᠠᠯᠢᠭ ᠢ ᠬᠠᠮᠲᠦ ᠪᠠᠷ ᠬᠤᠪᠢᠶᠠᠯᠴᠠᠬᠤ ᠶᠢ ᠪᠡᠶᠡᠯᠡᠬᠦᠯᠬᠦ ᠪᠤᠯᠤᠨ᠎ᠠ ᠃ ᠤᠷᠤᠨ ᠤ 12 ᠠᠶᠢᠮᠠᠭ ᠬᠤᠲᠠ ᠶᠢᠨ ᠬᠤᠷᠢᠶ᠎ᠠ ᠵᠢᠴᠢ 27 ᠬᠤᠰᠢᠭᠤ ᠰᠢᠶᠠᠨ ᠤ ᠬᠤᠷᠢᠶ᠎ᠠ ᠳᠤ ᠪᠠᠶᠢᠴᠠᠭᠠᠨ ᠰᠤᠳᠤᠯᠤᠯᠲᠠ ᠬᠢᠵᠦ ᠂ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠮᠤᠩᠭᠤᠯ ᠬᠢᠲᠠᠳ ᠬᠣᠣᠰ ᠬᠡᠯᠡᠨ ᠦ ᠬᠡᠷᠡᠭᠯᠡᠭᠡᠨ ᠦ ᠪᠠᠶᠢᠳᠠᠯ ᠢ ᠪᠠᠶᠢᠴᠠᠭᠠᠨ ᠂ ᠬᠠᠯᠠᠨ ᠰᠠᠶᠢᠵᠢᠷᠠᠭᠤᠯᠵᠠᠢ ᠃
ᠥᠨᠥ ᠪᠤᠯᠠᠬᠤ ᠳᠤ ᠂ ᠬᠡᠰᠢᠭ ᠨᠥᠬᠦᠷ ᠲᠦ ᠠᠪᠴᠦ ᠬᠡᠯᠡᠪᠡᠯ ᠂ ᠲᠡᠭᠦᠨ ᠳᠦ ᠥᠷᠲᠡᠭᠦ ᠴᠠᠭ ᠲᠦᠢᠯ ᠦᠨ ᠪᠠᠭ᠎ᠠ ᠪᠤᠯᠵᠠᠢ ᠃ ᠭᠡᠪᠡᠴᠦ ᠴᠠᠭ ᠯᠡ ᠤᠯᠳᠠᠪᠠᠯ ᠲᠡᠷᠡ ᠮᠦᠨ ᠯᠡ ᠮᠤᠩᠭᠤᠯ ᠬᠢᠲᠠᠳ ᠤᠷᠴᠢᠭᠤᠯᠭ᠎ᠠ ᠶᠢᠨ ᠬᠦᠷᠢᠶ᠎ᠡ ᠬᠡᠪᠴᠢᠶ᠎ᠡ ᠶᠢᠨ ᠰᠢᠨ᠎ᠡ ᠮᠡᠳᠡᠯᠭᠡ ᠂ ᠰᠢᠨ᠎ᠡ ᠴᠢᠭᠯᠡᠯ ᠢ ᠠᠩᠬᠠᠷᠴᠦ ᠪᠤᠢ ᠃ ᠲᠡᠭᠦᠨ ᠳᠦ ᠠᠪᠴᠦ ᠬᠡᠯᠡᠪᠡᠯ ᠬᠠᠤᠯᠢ ᠶᠢᠨ ᠡᠷᠬᠡ ᠰᠦᠷ ᠢ ᠬᠠᠮᠠᠭᠠᠯᠠᠬᠤ ᠂ ᠦᠨᠳᠦᠰᠦᠲᠡᠨ ᠦ ᠪᠥᠯᠬᠦᠮᠳᠡᠯ ᠢ ᠬᠠᠮᠠᠭᠠᠯᠠᠵᠤ ᠂ 《 ᠬᠣᠣᠰ ᠬᠡᠯᠡᠨ ᠦ ᠡᠯᠴᠢ》 ᠪᠤᠯᠠᠬᠤ ᠨᠢ ᠨᠢᠭᠡ ᠨᠠᠰᠤᠨ ᠤ ᠡᠷᠢᠯ ᠬᠥᠭᠡᠭᠡᠴᠡᠯᠳᠦᠯ ᠮᠦᠨ ᠃
ᠶᠠᠭ ᠡᠶᠢᠮᠦᠷᠬᠦ ᠢᠲᠡᠭᠡᠯ ᠪᠢᠰᠢᠷᠡᠯ ᠡᠴᠡ ᠂ ᠬᠡᠰᠢᠭ ᠨᠥᠬᠦᠷ ᠠᠵᠢᠯ ᠤᠨ ᠳᠤᠮᠳᠠ ᠤᠯᠠᠨ ᠤᠳᠠᠭ᠎ᠠ ᠥᠨᠳᠦᠷ ᠪᠦᠲᠦᠮᠵᠢ ᠣᠯᠵᠤ ᠂ ᠤᠯᠠᠨ ᠤᠳᠠᠭ᠎ᠠ ᠪᠦᠬᠦ ᠬᠤᠷᠢᠶ᠎ᠠ ᠂ ᠪᠦᠬᠦ ᠤᠷᠤᠨ ᠤ ᠲᠡᠷᠢᠭᠦᠨ ᠦ ᠠᠵᠢᠯᠲᠠᠨ ᠢᠶᠠᠷ ᠦᠨᠡᠯᠡᠭᠳᠡᠵᠦ ᠂ 2008 ᠣᠨ ᠳᠤ ᠤᠷᠤᠨ ᠤ ᠪᠠᠶᠢᠴᠠᠭᠠᠬᠤ ᠬᠤᠷᠢᠶ᠎ᠠ ᠶᠢᠨ ᠬᠤᠪᠢ ᠬᠦᠮᠦᠨ ᠦ ᠬᠤᠶᠠᠳᠤᠭᠠᠷ ᠲᠡᠰ ᠦᠨ ᠭᠠᠪᠢᠶ᠎ᠠ ᠲᠡᠮᠳᠡᠭᠯᠡᠭᠦᠯᠪᠡ ᠃ 2012 ᠣᠨ ᠳᠤ ᠥᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠦ ᠪᠥᠯᠬᠦᠮᠳᠡᠯ ᠢ ᠠᠬᠢᠭᠤᠯᠤᠭᠰᠠᠨ ᠲᠡᠷᠢᠭᠦᠨ ᠦ ᠬᠤᠪᠢ ᠬᠦᠮᠦᠨ ᠢᠶᠡᠷ ᠦᠨᠡᠯᠡᠭᠳᠡᠵᠦ ᠂ 2014 ᠣᠨ ᠤ 9 ᠰᠠᠷ᠎ᠠ ᠳᠤ ᠲᠥᠷᠦ ᠶᠢᠨ ᠶᠠᠪᠤᠳᠠᠯ ᠤᠨ ᠬᠤᠷᠢᠶ᠎ᠠ ᠠᠴᠠ ᠪᠦᠬᠦ ᠤᠯᠤᠰ ᠤᠨ ᠦᠨᠳᠦᠰᠦᠲᠡᠨ ᠦ ᠪᠥᠯᠬᠦᠮᠳᠡᠯ ᠢ ᠠᠬᠢᠭᠤᠯᠤᠭᠰᠠᠨ ᠵᠢᠱᠢᠶᠡᠴᠢ ᠪᠡᠷ ᠦᠨᠡᠯᠡᠪᠡ ᠃