ᠢᠯᠡᠴᠢᠯᠡᠡ ᠮᠡᠳᠡᠭᠦᠯᠭᠦ ᠳᠤ ᠮᠡᠳᠡᠬᠦ ᠴᠢᠬᠤᠯᠠᠳᠠᠢ ᠵᠦᠢᠯ
ᠨᠢᠭᠡ᠂ ᠠᠷᠠᠳ ᠤᠨ ᠪᠠᠶᠢᠴᠠᠭᠠᠬᠤ ᠬᠤᠷᠢᠶᠠᠨ ᠤ ᠢᠯᠡᠴᠢᠯᠡᠠ ᠮᠡᠳᠡᠭᠦᠯᠥᠯᠳᠡ ᠶᠢ ᠬᠦᠯᠢᠶᠠᠨ ᠰᠢᠢᠳᠪᠦᠷᠢᠯᠡᠬᠦ ᠬᠦᠷᠢᠶ᠎ᠠ ᠬᠡᠪᠴᠢᠶ᠎ᠠ᠄
ᠠᠷᠠᠳ ᠤᠨ ᠪᠠᠶᠢᠴᠠᠭᠠᠬᠤ ᠬᠤᠷᠢᠶᠠᠨ ᠤ ᠢᠯᠡᠴᠢᠯᠡᠨ ᠮᠡᠳᠡᠭᠦᠯᠥᠯᠳᠡ ᠶᠢ ᠰᠢᠭᠤᠳ ᠬᠦᠯᠢᠶᠡᠨ ᠰᠢᠢᠳᠪᠦᠷᠢᠯᠡᠬᠦ ᠬᠦᠷᠢᠶ᠎ᠠ ᠬᠡᠪᠴᠢᠶ᠎ᠠ ᠪᠤᠯ᠄ ᠱᠠᠮᠰᠢᠬᠰᠠᠨ ᠪᠠ ᠬᠡᠭᠡᠯᠢ ᠬᠠᠭ᠋ᠤᠤᠯᠢ ᠢᠳᠡᠭᠰᠡᠨ ᠶᠠᠯ᠎ᠠ᠂ ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠤ ᠲᠤᠰᠢᠶᠠᠯ ᠢᠶᠠᠨ ᠭᠤᠳᠤᠭᠠᠭᠰᠠᠨ ᠶᠠᠯ᠎ᠠ᠂ ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠡᠷᠭᠡ ᠲᠤᠰᠢᠶᠠᠯ ᠢᠶᠠᠨ ᠠᠰᠢᠭᠯᠠᠨ ᠬᠠᠤᠯᠢ ᠪᠤᠰᠥ ᠪᠠᠷ ᠬᠤᠷᠢᠭᠰᠠᠨ᠂ ᠡᠷᠡᠭᠦᠳᠡᠨ ᠦᠴᠢᠭᠯᠡᠭᠦᠯᠥᠭᠰᠡᠨ᠂ ᠦᠰᠢᠶ᠎ᠠ ᠠᠪᠴᠤ ᠭᠦᠵᠢᠷᠯᠡᠨ ᠬᠤᠤᠷᠯᠠᠭᠰᠡᠨ᠂ ᠬᠠᠤᠯᠢ ᠪᠤᠰᠥ ᠪᠠᠷ ᠨᠡᠩᠵᠢᠭᠰᠡᠨ ᠵᠡᠷᠭᠡ ᠠᠷᠠᠳ ᠢᠷᠭᠡᠨ ᠤ ᠪᠡᠶ᠎ᠠ ᠶᠢᠨ ᠡᠷᠬᠡ ᠳᠤ ᠬᠠᠯᠳᠠᠬᠰᠠᠨ ᠶᠠᠯ᠎ᠠ ᠵᠢᠴᠢ ᠠᠷᠠᠳ ᠢᠷᠭᠡᠨ ᠤ ᠠᠷᠠᠳᠴᠢᠯᠠᠯ ᠤᠨ ᠡᠷᠬᠡ ᠳᠤ ᠬᠠᠯᠳᠠᠭᠰᠠᠨ ᠶᠠᠯ᠎ᠠ᠃
ᠠᠷᠠᠳ ᠤᠨ ᠪᠠᠶᠢᠴᠠᠭᠠᠬᠤ ᠬᠤᠷᠢᠶ᠎ᠠ ᠶᠠᠯ᠎ᠠ ᠬᠢᠭᠰᠡᠨ ᠭᠡᠷᠡᠭ ᠤᠨ ᠰᠡᠵᠢᠭᠲᠡᠨ ᠤ ᠬᠡᠷᠡᠭ ᠢᠶᠠᠨ ᠴᠠᠭᠠᠪᠤᠷᠢᠯᠠᠨ ᠪᠡᠶ᠎ᠠ ᠪᠠᠨ ᠲᠤᠰᠢᠶᠠᠬᠤ ᠶᠢ ᠬᠦᠯᠢᠶᠠᠨ ᠠᠪᠦᠨᠠ᠃
ᠬᠤᠶᠠᠷ᠂ ᠱᠠᠮᠰᠢᠭᠰᠠᠨ ᠪᠡ ᠬᠡᠭᠡᠯᠢ ᠬᠠᠭ᠋ᠤᠤᠯᠢ ᠢᠳᠡᠭᠰᠡᠨ ᠶᠠᠯ᠎ᠠ ᠳᠤᠤᠷᠠᠬᠢ ᠶᠠᠯ᠎ᠠ ᠤᠳ ᠢ ᠪᠠᠭᠳᠠᠭᠠᠨ᠎ᠠ
ᠱᠠᠮᠰᠢᠭᠰᠠᠨ ᠶᠠᠯ᠎ᠠ ︵︽ᠡᠷᠡᠭᠦᠤ ᠶᠢᠨ ᠬᠠᠤᠯᠢ︾ ᠶᠢᠨ 382 ᠳ᠋ᠤᠭᠠᠷ ᠵᠦᠢᠯ︶
2. ᠠᠯᠪᠡᠨ ᠤ ᠵᠤᠭᠤᠰ ᠢ ᠨᠠᠬᠦᠯᠭᠡᠨ ᠭᠡᠷᠡᠭᠯᠡᠭᠰᠡᠨ ᠶᠠᠯ᠎ᠠ ︵︽ᠡᠷᠡᠭᠦᠤ ᠶᠢᠨ ᠬᠠᠤᠯᠢ︾ ᠶᠢᠨ 384 ᠳ᠋ᠤᠭᠡᠷ ᠵᠦᠢᠯ︶
3. ᠬᠠᠭ᠋ᠤᠤᠯᠢ ᠢᠳᠡᠭᠰᠡᠨ ᠶᠠᠯ᠎ᠠ ︵︽ᠡᠷᠡᠭᠦᠤ ᠶᠢᠨ ᠬᠠᠤᠯᠢ︾ ᠶᠢᠨ 385 ᠳ᠋ᠤᠭᠠᠷ ᠵᠦᠢᠯ︶
4. ᠨᠢᠭᠡᠴᠢ ᠬᠠᠭ᠋ᠤᠤᠯᠢ ᠢᠳᠡᠭᠰᠡᠨ ᠶᠠᠯ᠎ᠠ ︵︽ᠡᠷᠡᠭᠦᠤ ᠶᠢᠨ ᠬᠠᠤᠯᠢ︾ ᠶᠢᠨ 387 ᠳ᠋ᠤᠭᠠᠷ ᠵᠦᠢᠯ︶
5. ᠨᠦᠯᠦᠭᠡᠯᠬᠦ ᠬᠦᠴᠦᠨ ᠢ ᠠᠰᠢᠭᠯᠠᠨ ᠬᠠᠭ᠋ᠤᠤᠯᠢ ᠢᠳᠡᠭᠰᠡᠨ ᠶᠠᠯ᠎ᠠ ︵︽ᠡᠷᠡᠭᠦᠤ ᠶᠢᠨ ᠬᠠᠤᠯᠢ︾ ᠶᠢᠨ 388 ᠳ᠋ᠤᠭᠠᠷ ᠵᠦᠢᠯ︶
6. ᠬᠡᠬᠡᠯᠢ ᠲᠦᠯᠬᠢᠭᠰᠡᠨ ᠶᠠᠯ᠎ᠠ ︵︽ᠡᠷᠡᠭᠦᠤ ᠶᠢᠨ ᠬᠠᠤᠯᠢ︾ ᠶᠢᠨ 389 ᠳ᠋ᠤᠭᠡᠷ ᠵᠦᠢᠯ︶
7. ᠨᠢᠭᠡᠴᠢ ᠳᠤ ᠬᠡᠬᠡᠯᠢ ᠲᠦᠯᠬᠢᠭᠰᠡᠨ ᠶᠠᠯ᠎ᠠ ︵︽ᠡᠷᠡᠭᠦᠤ ᠶᠢᠨ ᠬᠠᠤᠯᠢ︾ ᠶᠢᠨ 391 ᠳ᠋ᠤᠭᠡᠷ ᠵᠦᠢᠯ︶
8. ᠬᠡᠬᠡᠯᠢ ᠬᠠᠭ᠋ᠤᠤᠯᠢ ᠳᠠᠨᠢᠯᠴᠠᠭᠤᠯᠤᠭᠰᠠᠨ ᠶᠠᠯ᠎ᠠ ︵︽ᠡᠷᠡᠭᠦᠤ ᠶᠢᠨ ᠬᠠᠤᠯᠢ︾ ᠶᠢᠨ 392 ᠳ᠋ᠤᠭᠠᠷ ᠵᠦᠢᠯ︶
9. ᠨᠢᠭᠡᠴᠢ ᠬᠡᠬᠡᠯᠢ ᠲᠦᠯᠬᠢᠭᠰᠡᠨ ᠶᠠᠯ᠎ᠠ ︵︽ᠡᠷᠡᠭᠦᠤ ᠶᠢᠨ ᠬᠠᠤᠯᠢ︾ ᠶᠢᠨ 393 ᠳ᠋ᠤᠭᠠᠷ ᠵᠦᠢᠯ︶
10. ᠯᠣᠲᠥ ᠶᠡᠭᠡ ᠡᠳ᠋ ᠬᠦᠷᠦᠩᠭᠡ ᠶᠢᠨ ᠢᠷᠡᠯᠳᠡ ᠳᠣᠲᠥᠷᠬᠠᠢ ᠦᠭᠡᠢ ᠶᠠᠯ᠎ᠠ ︵︽ᠡᠷᠡᠭᠦᠤ ᠶᠢᠨ ᠬᠠᠤᠯᠢ︾ ᠶᠢᠨ 395 ᠳ᠋ᠤᠭᠠᠷ ᠵᠦᠢᠯ︶
11. ᠬᠢᠯᠢ ᠶᠢᠨ ᠭᠠᠳᠠᠨᠠᠬᠢ ᠬᠠᠳᠠᠭᠠᠯᠠᠮᠵᠢ ᠪᠠᠨ ᠨᠢᠭᠤᠨ ᠳᠠᠷᠣᠭᠰᠡᠨ ᠶᠠᠯ᠎ᠠ ︵︽ᠡᠷᠡᠭᠦᠤ ᠶᠢᠨ ᠬᠠᠤᠯᠢ︾ ᠶᠢᠨ 395 ᠳ᠋ᠤᠭᠠᠷ ᠵᠦᠢᠯ︶
12. ᠤᠯᠤᠰ ᠤᠨ ᠦᠮᠴᠢᠯᠡᠯ ᠤᠨ ᠬᠦᠷᠦᠩᠬᠡ ᠶᠢ ᠠᠮᠢᠨ ᠳᠤ ᠪᠠᠨ ᠬᠤᠪᠢᠶᠠᠭᠰᠠᠨ ᠶᠠᠯ᠎ᠠ ︵︽ᠡᠷᠡᠭᠦᠤ ᠶᠢᠨ ᠬᠠᠤᠯᠢ︾ ᠶᠢᠨ 396 ᠳ᠋ᠤᠭᠠᠷ ᠵᠦᠢᠯ︶
13. ᠲᠣᠷᠭᠠᠵᠤ ᠬᠤᠷᠢᠶᠠᠭᠰᠠᠨ ᠡᠳ᠋ ᠬᠦᠷᠦᠩᠭᠡ ᠶᠢ ᠠᠮᠢᠨ ᠳᠤ ᠪᠠᠨ ᠬᠤᠪᠢᠶᠠᠰᠠᠨ ᠶᠠᠯ᠎ᠠ ︵︽ᠡᠷᠡᠭᠦᠤ ᠶᠢᠨ ᠬᠠᠤᠯᠢ︾ ᠶᠢᠨ 396 ᠳ᠋ᠤᠭᠠᠷ ᠵᠦᠢᠯ︶
ᠭᠤᠷᠪᠠ᠂ ᠱᠠᠮᠰᠢᠭᠰᠠᠨ ᠪᠠ ᠬᠡᠬᠡᠯᠢ ᠬᠠᠭ᠋ᠤᠤᠯᠢ ᠢᠳᠡᠭᠰᠠᠨ ᠭᠡᠷᠡᠭ ᠤᠨ ᠶᠠᠯ᠎ᠠ ᠬᠢᠭᠰᠡᠨ ᠭᠤᠣᠯ ᠴᠣᠭᠴᠠ᠄ ᠳᠦᠷᠦ ᠶᠢᠨ ᠪᠠᠶᠢᠭᠤᠯᠭ᠎ᠠ ᠶᠢᠨ ᠠᠵᠢᠯᠳᠠᠨ᠃
ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠬᠡᠳᠡᠭ ᠨᠢ ᠳᠦᠷᠥ ᠶᠢᠨ ᠪᠠᠶᠢᠭᠤᠯᠭ᠎ᠠ᠂ ᠠᠵᠤ ᠠᠬᠤᠢᠢᠯᠠᠯ᠂ ᠠᠵᠢᠯ ᠦᠢᠯᠡᠰ ᠤᠨ ᠨᠢᠭᠡᠴᠢ ᠠᠯᠪᠠᠨ ᠠᠵᠢᠯ ᠬᠢᠵᠦ ᠪᠠᠶᠢᠭ᠎ᠠ ᠬᠦᠮᠦᠨ ᠪᠠ ᠬᠠᠣᠯᠢ ᠶᠣᠰᠥᠭᠠᠷ ᠠᠯᠪᠠᠨ ᠠᠵᠢᠯ ᠢ ᠬᠦᠢᠴᠡᠳᠭᠡᠳᠡᠭ ᠪᠣᠰᠥᠳ ᠬᠦᠮᠦᠰ ᠢ ᠵᠢᠭᠠᠨ᠎ᠠ᠃ ᠲᠦᠷᠦ ᠶᠢᠨ ᠡᠯ᠎ᠠ ᠱᠠᠳᠣᠨ ᠤ ᠡᠷᠬᠡᠲᠦ ᠪᠠᠶᠢᠭᠤᠯᠭ᠎ᠠ᠂ ᠡᠯ᠎ᠠ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠡᠯ᠎ᠠ ᠱᠠᠲᠥᠨ ᠤ ᠬᠠᠥᠯᠢ ᠴᠠᠭᠠᠵᠠ ᠶᠢᠨ ᠪᠠᠶᠢᠭᠤᠯᠭ᠎ᠠ᠂ ᠴᠡᠷᠢᠭ ᠠᠩᠬᠢ᠂ ᠣᠯᠣᠰ ᠤᠨ ᠠᠵᠤ ᠠᠬᠤᠢᠢᠯᠠᠯ᠂ ᠤᠯᠤᠰ ᠤᠨ ᠠᠵᠢᠯ ᠦᠢᠯᠡᠰ ᠤᠨ ᠪᠠᠶᠢᠭᠤᠯᠤᠮᠵᠢ ᠳᠤ ᠠᠵᠢᠯᠠᠯᠵᠤ ᠪᠠᠶᠢᠭ᠎ᠠ ᠬᠦᠮᠤᠨ ᠵᠢᠴᠢ ᠤᠯᠤᠰ ᠤᠨ ᠦᠮᠴᠢᠯᠡᠯᠳᠦ ᠠᠵᠤ ᠠᠬᠤᠢᠢᠯᠠᠯ ᠳᠠᠬᠢ ᠬᠠᠮᠢᠶᠠᠷᠤᠯᠳᠠ ᠶᠢᠨ ᠠᠵᠢᠯ ᠬᠢᠭᠴᠦ ᠂ ᠵᠠᠰᠠᠭ ᠤᠨ ᠤᠷᠳᠤᠨ ᠤ ᠡᠷᠬᠢᠯᠡᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠠᠴᠠ ᠬᠠᠷᠢᠶ᠎ᠠ ᠺᠤᠮᠫᠠᠨᠢ᠂ ᠠᠵᠤ ᠠᠬᠤᠢᠢᠯᠠᠯ ᠠᠴᠠ ᠬᠤᠪᠢ ᠤᠷᠤᠭᠤᠯᠤᠭᠰᠠᠨ ᠪᠠ ᠬᠤᠷᠰᠢᠭᠰᠠᠨ ᠺᠤᠮᠫᠠᠨᠢ᠂ ᠠᠵᠤ ᠠᠬᠤᠢᠢᠯᠠᠯ ᠳᠤ ᠳᠣᠮᠢᠯᠠᠭᠰᠠᠨ ᠬᠠᠮᠢᠶᠠᠷᠤᠯᠳᠠ ᠶᠢᠨ ᠡᠬᠦᠷᠭᠡ ᠲᠤᠰᠢᠶᠠᠯ ᠬᠦᠢᠴᠡᠳᠭᠡᠭᠴᠢ ᠪᠠ ᠬᠠᠤᠯᠢ ᠶᠤᠰᠤᠭᠠᠷ ᠠᠯᠪᠠᠨ ᠠᠵᠢᠯ ᠭᠦᠢᠴᠡᠳᠭᠡᠭᠴᠢ ᠪᠤᠰᠤᠳ ᠬᠦᠮᠦᠨ ᠢ ᠪᠠᠭᠳᠠᠭᠠᠨ᠎ᠠ᠃
ᠣᠨᠴᠠᠭᠠᠢ ᠳᠣᠭᠳᠠᠭᠠᠯ᠄ ᠲᠤᠰᠬᠤᠨ ᠤ ᠠᠷᠠᠳ ᠤᠨ ᠵᠦᠪᠯᠡᠯ ᠵᠡᠷᠭᠡ ᠦᠨᠳᠦᠰᠦᠨ ᠱᠠᠲᠥᠨ ᠤ ᠵᠤᠬᠢᠶᠠᠨ ᠪᠠᠶᠢᠭᠤᠯᠤᠭᠴᠢ ᠲᠤᠤᠷᠠᠬᠢ ᠠᠵᠢᠯ ᠢ ᠡᠷᠬᠢᠯᠡᠨ ᠡᠭᠦᠷᠭᠡ ᠲᠤᠰᠢᠶᠠᠯ ᠤᠨ ᠳᠦᠭᠦᠮ ᠢ ᠠᠰᠢᠭᠯᠠᠨ ᠨᠡᠶᠢᠳᠡ ᠶᠢᠨ ᠡᠳ᠋ ᠬᠦᠷᠦᠩᠭᠡ ᠶᠢ ᠬᠠᠤᠯᠢ ᠪᠤᠰᠤ ᠪᠠᠷ ᠦᠮᠴᠢᠷᠬᠡᠭᠰᠡᠨ᠂ ᠠᠯᠪᠠᠨ ᠤ ᠵᠤᠭᠤᠰ ᠢ ᠨᠡᠭᠦᠯᠭᠡᠨ ᠭᠡᠷᠡᠭᠯᠡᠭᠰᠡᠨ᠂ ᠪᠤᠰᠤᠳ ᠤᠨ ᠡᠳ᠋ ᠬᠦᠷᠦᠩᠭᠡ ᠶᠢ ᠬᠢᠬᠠᠬᠰᠠᠨ ᠪᠤᠶᠤ ᠪᠤᠰᠤᠳ ᠤᠨ ᠡᠳ᠋ ᠭᠦᠷᠦᠩᠭᠡ ᠶᠢ ᠬᠠᠤᠯᠢ ᠪᠤᠰᠤ ᠪᠠᠷ ᠬᠤᠷᠢᠶᠠᠮᠵᠢᠯᠠᠭᠠᠳ ᠶᠠᠯ᠎ᠠ ᠬᠢᠭᠰᠡᠨ ᠳᠤ ᠲᠤᠭᠠᠴᠢᠭᠳᠠᠪᠠᠯ᠂ ᠡᠷᠡᠬᠦᠤ ᠶᠢᠨ ᠬᠠᠤᠯᠢ ᠶᠢᠨ ᠬᠠᠮᠢᠶ᠎ᠠ ᠪᠦᠬᠦᠢ ᠱᠠᠮᠰᠢᠭᠰᠠᠨ ᠶᠠᠯ᠎ᠠ᠂ ᠠᠯᠪᠠᠨ ᠤ ᠵᠤᠭᠤᠰ ᠢ ᠨᠡᠬᠦᠯᠭᠡᠨ ᠬᠡᠷᠡᠭᠯᠡᠭᠰᠡᠨ ᠶᠠᠯ᠎ᠠ᠂ ᠬᠠᠭ᠋ᠤᠤᠯᠢ ᠢᠳᠡᠭᠰᠡᠨ ᠶᠠᠯ᠎ᠠ ᠤᠨ ᠲᠤᠭᠳᠠᠭᠠᠯ ᠢ ᠲᠤᠬᠢᠷᠠᠭᠤᠯᠥᠨ ᠬᠡᠷᠡᠭᠯᠡᠨ᠎ᠠ᠃
1. ᠭᠠᠮᠰᠢᠭ ᠠᠴᠠ ᠠᠪᠦᠷᠠᠬᠤ᠂ ᠠᠶᠤᠯ ᠠᠴᠠ ᠠᠪᠦᠷᠠᠬᠤ᠂ ᠦᠶᠠᠷ ᠢ ᠰᠡᠷᠭᠡᠶᠢᠯᠡᠬᠦ᠂ ᠪᠠᠭᠤᠷᠠᠢ ᠶᠢ ᠬᠠᠷᠠᠭᠠᠯᠵᠠᠬᠤ᠂ ᠶᠠᠳᠠᠭᠤ ᠶᠢ ᠳᠡᠳᠬᠦᠬᠦ᠂ ᠠᠷᠠᠳ ᠢ ᠨᠡᠭᠦᠯᠭᠡᠬᠦ ᠲᠤᠰᠠᠯᠠᠮᠵᠢ ᠶᠢᠨ ᠮᠦᠩᠭᠦᠨ ᠤ ᠬᠠᠮᠢᠶᠠᠷᠥᠯᠳᠠ︔
2. ᠨᠡᠶᠢᠭᠡᠮ ᠠᠴᠠ ᠬᠠᠨᠳᠢᠪᠯᠠᠭᠰᠠᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠡᠳ᠋ ᠮᠦᠩᠬᠦᠨ ᠤ ᠬᠠᠮᠢᠶᠠᠷᠥᠯᠳᠠ︔
3. ᠣᠯᠥᠰ ᠤᠨ ᠦᠮᠴᠢᠯᠡᠯᠳᠦ ᠭᠠᠵᠠᠷ ᠰᠢᠷᠥᠢ ᠶᠢᠨ ᠡᠵᠡᠩᠨᠡᠯᠳᠡ ᠪᠠ ᠬᠠᠮᠢᠶᠠᠷᠥᠯᠳᠠ︔
4. ᠭᠠᠵᠠᠷ ᠰᠢᠷᠥᠢ ᠶᠢᠨ ᠳᠠᠳᠠᠪᠦᠷᠢᠯᠡᠨ ᠬᠡᠷᠡᠭᠯᠡᠯᠳᠠ ᠶᠢᠨ ᠨᠦᠬᠦᠪᠦᠷᠢ ᠮᠦᠩᠬᠦᠨ ᠤ ᠬᠠᠮᠢᠶᠠᠷᠥᠯᠳᠠ︔
5. ᠭᠠᠶᠢᠯᠢ ᠶᠢᠨ ᠮᠦᠩᠬᠦ ᠶᠢ ᠣᠷᠤᠯᠠᠨ ᠳᠠᠳᠠᠪᠤᠷᠢᠯᠠᠬᠤ ᠪᠠ ᠤᠷᠤᠯᠠᠨ ᠲᠤᠰᠢᠶᠠᠬᠤ︔
6.ᠲᠦᠯᠦᠪᠯᠡᠭᠡᠲᠦ ᠦᠷᠡᠵᠢᠯ᠂ ᠡᠷᠦᠬᠡ ᠠᠮᠠ᠂ ᠴᠡᠷᠢᠭ ᠡᠯᠰᠡᠬᠦ ᠲᠠᠢ ᠬᠤᠯᠪᠤᠭᠳᠠᠯ ᠪᠦᠬᠦᠢ ᠠᠵᠢᠯ︔
7. ᠠᠷᠠᠳ ᠤᠨ ᠵᠠᠰᠠᠭ ᠤᠨ ᠣᠷᠳᠣᠨ ᠢ ᠲᠤᠰᠠᠯᠠᠨ ᠪᠤᠰᠥᠳ ᠵᠠᠰᠠᠭ ᠵᠠᠬᠢᠷᠭᠠᠨ ᠤ ᠬᠠᠮᠢᠶᠠᠷᠥᠯᠳᠠ ᠶᠢᠨ ᠠᠵᠢᠯ ᠢ ᠡᠷᠬᠢᠯᠡᠬᠦ᠃
ᠲᠦᠷᠪᠡ᠂ ᠱᠠᠮᠰᠢᠭᠰᠠᠨ ᠪᠠ ᠬᠡᠬᠡᠯᠢ ᠬᠠᠭ᠋ᠣᠤᠯᠢ ᠢᠳᠡᠭᠰᠡᠨ ᠬᠡᠷᠡᠭ ᠢ ᠬᠡᠷᠡᠭ ᠪᠤᠯᠭᠠᠬᠤ ᠪᠠᠷᠢᠮᠵᠢᠶ᠎ᠠ ︵ᠰᠣᠩᠭᠤᠮᠠᠯ︶
︵ᠨᠢᠭᠡ︶ ᠱᠠᠮᠰᠢᠭᠰᠠᠨ ᠶᠠᠯ᠎ᠠ
1. ᠬᠤᠪᠢ ᠬᠦᠮᠦᠨ ᠤ ᠱᠠᠮᠰᠢᠭᠰᠠᠨ ᠲᠤᠭ᠎ᠠ ᠮᠠᠭᠠᠳ ᠨᠢ ᠳᠠᠪᠦᠨ ᠮᠢᠩᠭᠠᠨ ᠲᠦᠬᠦᠷᠢᠭ ᠠᠴᠠ ᠳᠡᠭᠡᠭᠰᠢ︔
2. ᠬᠤᠪᠢ ᠬᠦᠮᠦᠨ ᠤ ᠱᠠᠮᠰᠢᠭᠰᠠᠨ ᠲᠤᠭ᠎ᠠ ᠮᠠᠭᠠᠳ ᠨᠢ ᠳᠠᠪᠦᠨ ᠮᠢᠩᠭᠠᠨ ᠲᠦᠬᠦᠷᠢᠭ ᠦᠯᠦ ᠬᠦᠷᠬᠦ ᠪᠤᠯᠪᠠᠴᠤ ᠭᠠᠮᠰᠢᠭ ᠠᠴᠠ ᠠᠪᠦᠷᠠᠬᠤ᠂ ᠠᠶᠤᠯ ᠠᠴᠠ ᠠᠪᠦᠷᠠᠬᠤ᠂ ᠦᠶᠠᠷ ᠢ ᠰᠡᠷᠭᠡᠶᠢᠯᠡᠬᠦ᠂ ᠬᠢᠵᠢᠭ ᠠᠴᠠ ᠰᠠᠷᠭᠡᠶᠢᠯᠡᠬᠦ᠂ ᠪᠠᠭᠤᠷᠠᠢ ᠶᠢ ᠬᠠᠷᠠᠭᠠᠯᠵᠠᠬᠤ ᠂ ᠶᠠᠳᠠᠭᠤ ᠶᠢ ᠳᠡᠳᠬᠦᠬᠦ᠂ ᠠᠷᠠᠳ ᠢ ᠨᠡᠭᠦᠯᠭᠡᠬᠦ ᠲᠤᠰᠠᠯᠠᠮᠵᠢ ᠶᠢᠨ ᠡᠳ᠋ ᠮᠥᠩᠬᠦ᠂ ᠪᠤᠵᠠᠷ ᠵᠤᠭᠤᠰ ᠪᠤᠵᠠᠷ ᠡᠳ᠋᠂ ᠲᠤᠷᠭᠠᠵᠤ ᠬᠤᠷᠢᠶᠠᠭᠰᠠᠨ ᠡᠳ᠋ ᠮᠦᠩᠬᠦ᠂ ᠲᠦᠷ ᠬᠤᠷᠢᠶᠠᠮᠵᠢᠯᠠᠭᠰᠠᠨ ᠡᠳ᠋ ᠮᠦᠩᠬᠦ ᠶᠢ ᠱᠠᠮᠰᠢᠭᠰᠠᠨ ᠪᠦᠬᠡᠳ ᠱᠠᠮᠰᠢᠭᠰᠠᠨ ᠠᠷᠭ᠎ᠠ ᠪᠠᠷᠢᠯ ᠨᠢ ᠬᠠᠷ᠎ᠠ ᠬᠤᠤᠷᠳᠠᠢ᠂ ᠬᠡᠷᠡᠴᠢ ᠪᠠᠷᠢᠮᠳᠠ ᠶᠢ ᠣᠰᠠᠳᠬᠠᠭᠰᠠᠨ᠂ ᠪᠤᠵᠠᠷ ᠡᠳ᠋ ᠢ ᠰᠢᠯᠵᠢᠬᠦᠯᠦᠭᠰᠡᠨ ᠵᠡᠷᠬᠡ ᠪᠠᠶᠢᠳᠠᠯ ᠲᠠᠢ᠃
︵ᠬᠤᠶᠠᠷ︶ ᠠᠯᠪᠡᠨ ᠤ ᠵᠤᠭᠤᠰ ᠢ ᠨᠡᠭᠦᠯᠭᠡᠨ ᠬᠡᠷᠡᠭᠯᠡᠭᠰᠡᠨ
1. ᠠᠯᠪᠠᠨ ᠤ ᠵᠤᠭᠤᠰ ᠢ ᠨᠠᠭᠦᠯᠭᠡᠨ ᠬᠤᠪᠢᠨ ᠳᠤ ᠪᠠᠨ ᠵᠠᠷᠣᠴᠠᠭᠤᠯᠣᠭᠰᠠᠨ᠂ ᠲᠤᠭ᠎ᠠ ᠮᠠᠭᠠᠳ ᠨᠢ ᠳᠠᠪᠤᠨ ᠮᠢᠩᠭᠠᠨ ᠲᠦᠭᠦᠷᠢᠭ ᠠᠴᠠ ᠨᠢᠭᠡ ᠲᠦᠮᠡᠨ ᠲᠦᠬᠦᠷᠢᠭ ᠪᠤᠶᠤ ᠨᠢᠭᠡ ᠲᠦᠮᠡᠨ ᠲᠦᠬᠦᠷᠢᠭ ᠠᠴᠠ ᠳᠡᠭᠡᠭᠰᠢ︔
2. ᠬᠤᠪᠢ ᠬᠦᠮᠦᠨ ᠤ ᠬᠠᠭ᠋ᠤᠤᠯᠢ ᠢᠳᠡᠭᠰᠡᠨ ᠳᠤᠭ᠎ᠠ ᠮᠠᠭᠠᠳ ᠨᠢ ᠲᠠᠪᠤᠨ ᠮᠢᠩᠭᠠᠨ ᠲᠦᠭᠦᠷᠢᠭ ᠦᠯᠦ ᠭᠦᠷᠬᠦ ᠪᠤᠯᠪᠠᠴᠤ ᠬᠠᠭ᠋ᠤᠤᠯᠢ ᠢᠳᠡᠭᠰᠡᠨ ᠤᠢᠢᠯᠡ ᠠᠵᠢᠯᠯᠠᠭᠠᠠ ᠠᠴᠠ ᠪᠤᠯᠵᠤ ᠤᠯᠥᠰ ᠪᠤᠶᠤ ᠨᠡᠶᠢᠬᠡᠮ ᠳᠤ ᠬᠦᠨᠳᠤ ᠶᠡᠭᠡ ᠬᠤᠬᠢᠷᠠᠯ ᠤᠴᠠᠷᠠᠭᠤᠯᠤᠭᠰᠠᠨ ᠪᠤᠶᠤ ᠰᠠᠨᠠᠭᠠᠴᠢᠯᠠᠭ᠎ᠠ ᠲᠠᠢ ᠪᠠᠷ ᠭᠠᠴᠢᠭᠰᠠᠨ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ᠂ ᠬᠤᠪᠢ ᠬᠦᠮᠦᠨ ᠢ ᠰᠦᠷᠳᠠᠭᠦᠯᠦᠨ ᠮᠠᠭᠤ ᠨᠦᠯᠦᠭᠡ ᠭᠠᠷᠭᠠᠭᠰᠠᠨ ᠪᠤᠶᠤ ᠡᠳ᠋ ᠪᠤᠳᠠᠰ ᠢ ᠠᠯᠪᠠᠳᠠᠨ ᠬᠢᠬᠠᠭᠰᠠᠨ ᠵᠡᠷᠭᠡ ᠪᠠᠶᠢᠳᠠᠯ ᠤᠨ ᠲᠤᠮᠳᠠᠬᠢ ᠢᠯᠡᠷᠡᠯ ᠲᠠᠢ᠃
ᠲᠠᠪᠦ᠂ ᠲᠤᠰᠢᠶᠠᠯ ᠢᠶᠠᠨ ᠭᠤᠳᠥᠭᠠᠭᠰᠠᠨ ᠪᠠ ᠡᠷᠭᠡ ᠳᠤ ᠬᠠᠯᠳᠠᠭᠰᠠᠨ ᠶᠠᠯ᠎ᠠ ᠤᠳ ᠢ ᠪᠠᠭᠳᠠᠭᠠᠨ᠎ᠠ᠄
︵ᠨᠢᠭᠡ︶ ᠡᠷᠠᠬᠦᠦ ᠶᠢᠨ ᠬᠠᠥᠯᠢ ᠶᠢᠨ ᠬᠤᠪᠢᠶᠠᠷᠢ ᠲᠦᠷᠢᠮ ᠤᠨ ᠶᠢᠰᠤᠳᠤᠭᠡᠷ ᠪᠦᠯᠥᠭ ᠲᠤ ᠳᠤᠭᠳᠠᠭᠠᠭᠰᠠᠨ ᠲᠤᠰᠢᠶᠠᠯ ᠢᠶᠠᠨ ᠭᠤᠳᠤᠭᠠᠭᠰᠠᠨ ᠶᠠᠯ᠎ᠠ᠄
1. ᠡᠷᠭᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ ︵︽ᠡᠷᠠᠬᠦᠦ ᠶᠢᠨ ᠬᠠᠥᠯᠢ︾ ᠶᠢᠨ 397 ᠳ᠋ᠤᠭᠠᠷ ᠵᠥᠢᠯ ᠤᠨ ᠨᠢᠭᠡᠳᠤᠭᠡᠷ ᠪᠠᠳᠠᠭ︶
2. ᠲᠤᠰᠢᠶᠠᠯ ᠶᠢᠨ ᠤᠮᠳᠥᠭᠠᠢᠢᠯᠠᠵᠦ ᠬᠠᠷᠢᠭᠤᠴᠠᠯᠭ᠎ᠠ ᠪᠠᠨ ᠠᠯᠳᠠᠭᠰᠠᠨ ᠶᠠᠯ᠎ᠠ ︵︽ᠡᠷᠠᠬᠦᠦ ᠶᠢᠨ ᠬᠠᠥᠯᠢ︾ ᠶᠢᠨ 397 ᠳ᠋ᠤᠭᠠᠷ ᠵᠥᠢᠯ ᠤᠨ ᠨᠢᠭᠡᠳᠤᠭᠡᠷ ᠪᠠᠳᠠᠭ︶
3. ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠤ ᠬᠤᠪᠢ ᠶᠢᠨ ᠨᠠᠶᠢᠷ ᠢᠶᠠᠷ ᠭᠡᠮ ᠤᠢᠢᠯᠡᠳᠦᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 397 ᠳ᠋ᠤᠭᠠᠷ ᠵᠦᠢᠯ ᠤᠨ ᠬᠤᠶᠠᠳᠤᠭᠠᠷ ᠪᠠᠳᠠᠭ︶
4. ᠵᠤᠷᠢᠭᠤᠳᠠ ᠤᠯᠤᠰ ᠤᠨ ᠨᠢᠭᠤᠴᠠ ᠶᠢ ᠵᠠᠳᠠᠷᠠᠭᠤᠯᠤᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 398 ᠳ᠋ᠤᠭᠠᠷ ᠵᠦᠢᠯ︶
5. ᠠᠳᠠᠯ ᠢᠶᠠᠷ ᠤᠯᠤᠰ ᠤᠨ ᠨᠢᠭᠤᠴᠠ ᠶᠢ ᠵᠠᠳᠠᠷᠠᠭᠤᠯᠤᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 398 ᠳ᠋ᠤᠭᠠᠷ ᠵᠦᠢᠯ︶
6. ᠬᠤᠪᠢ ᠶᠢᠨ ᠨᠠᠶᠢᠷ ᠢᠶᠠᠷ ᠬᠠᠤᠯᠢ ᠶᠢ ᠭᠠᠵᠢᠭᠤᠳᠠᠭᠤᠯᠤᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 399 ᠳ᠋ᠤᠭᠡᠷ ᠵᠦᠢᠯ ᠤᠨ ᠨᠢᠭᠡᠳᠦᠭᠡᠷ ᠪᠠᠳᠠᠭ︶
7. ᠰᠢᠬᠦᠨ ᠲᠠᠰᠤᠯᠤᠯᠳᠠ᠂ ᠬᠢᠨᠠᠨ ᠲᠤᠭᠳᠠᠭᠠᠯᠳᠠ ᠶᠢ ᠬᠦᠢᠴᠡᠳᠭᠡᠬᠦ ᠳᠤ ᠪᠠᠨ ᠬᠠᠷᠢᠭᠤᠴᠠᠯᠭ᠎ᠠ ᠪᠠᠨ ᠠᠯᠳᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 399 ᠳ᠋ᠤᠭᠠᠷ ᠵᠦᠢᠯ ᠤᠨ ᠭᠤᠷᠪᠠᠳᠤᠭᠠᠷ ᠪᠠᠳᠠᠭ︶
12. ᠬᠠᠷᠢᠭᠤᠴᠠᠯᠭ᠎ᠠ ᠪᠠᠨ ᠠᠯᠳᠠᠭᠠᠳ ᠬᠤᠷᠢᠭᠳᠠᠭᠰᠠᠳ ᠢ ᠤᠷᠭᠤᠨ ᠲᠤᠳᠠᠭᠠᠯᠭᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 400 ᠳ᠋ᠤᠭᠠᠷ ᠵᠦᠢᠯ ᠤᠨ ᠬᠤᠶᠠᠳᠤᠭᠠᠷ ᠪᠠᠳᠠᠭ︶
13. ᠬᠤᠪᠢ ᠶᠢᠨ ᠨᠠᠶᠢᠷ ᠢᠶᠠᠷ ᠭᠡᠮ ᠤᠢᠢᠯᠡᠳᠦᠭᠡᠳ ᠡᠷᠡᠬᠦᠦ ᠰᠢᠳᠭᠡᠯ ᠢ ᠨᠢ ᠬᠦᠡᠭᠭᠡᠷᠡᠬᠦᠯᠦᠭᠰᠡᠨ᠂ ᠲᠡᠩᠰᠡᠨ ᠰᠤᠯᠠᠯᠠᠭᠰᠠᠨ᠂ ᠬᠢᠨᠳᠠᠨ ᠤ ᠭᠠᠳᠠᠨ᠎ᠠ ᠲᠦᠷ ᠬᠦᠢᠴᠡᠳᠭᠡᠬᠦᠯᠦᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 401 ᠳ᠋ᠤᠭᠡᠷ ᠵᠦᠢᠯ︶
14. ᠬᠤᠪᠢ ᠶᠢᠨ ᠨᠠᠶᠢᠷ ᠢᠶᠠᠷ ᠭᠡᠮ ᠤᠢᠢᠯᠡᠳᠴᠦ᠂ ᠡᠷᠡᠬᠦᠦ ᠶᠢᠨ ᠭᠡᠷᠡᠭ ᠢ ᠦᠯᠦ ᠰᠢᠯᠵᠢᠬᠦᠯᠦᠨ ᠲᠤᠰᠢᠶᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 402 ᠳ᠋ᠤᠭᠠᠷ ᠵᠦᠢᠯ︶
15. ᠺᠤᠮᠫᠠᠨᠢ ᠪᠠ ᠲᠡᠮᠳᠡᠭᠳᠦ ᠬᠠᠮᠢᠶᠠᠷᠬᠤ ᠡᠷᠭᠡ ᠲᠤᠰᠢᠶᠠᠯ ᠢᠶᠠᠨ ᠲᠤᠷ᠎ᠠ ᠪᠠᠷ ᠢᠶᠠᠨ ᠭᠡᠷᠡᠭᠯᠡᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 403 ᠳ᠋ᠤᠭᠠᠷ ᠵᠦᠢᠯ︶
16. ᠬᠤᠪᠢ ᠶᠢᠨ ᠨᠠᠶᠢᠷ ᠢᠶᠠᠷ ᠭᠡᠮ ᠤᠢᠢᠯᠡᠳᠴᠦ᠂ ᠭᠠᠶᠢᠯᠢ ᠶᠢᠨ ᠮᠦᠡᠭᠭᠦ ᠶᠢ ᠦᠯᠦ ᠲᠠᠳᠠᠪᠤᠷᠢᠯᠠᠭᠰᠠᠨ᠂ ᠲᠤᠳᠠᠭᠤ ᠲᠠᠳᠠᠪᠤᠷᠢᠯᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 404 ᠳ᠋ᠤᠭᠡᠷ ᠵᠦᠢᠯ︶
17. ᠬᠤᠪᠢ ᠶᠢᠨ ᠨᠠᠶᠢᠷ ᠢᠶᠠᠷ ᠭᠡᠮ ᠤᠢᠢᠯᠡᠳᠴᠦ ᠪᠠᠷᠢᠮᠳᠠ ᠬᠤᠳᠠᠯᠳᠤᠭᠰᠠᠨ᠂ ᠭᠠᠶᠢᠯᠢ ᠶᠢᠨ ᠮᠦᠡᠭᠭᠦ ᠲᠤᠯᠭᠠᠨ ᠰᠠᠭᠤᠳᠬᠠᠭᠰᠠᠨ᠂ ᠭᠠᠳᠠᠭᠠᠳᠤ ᠭᠠᠷᠭᠠᠯᠳᠠ ᠶᠢᠨ ᠭᠠᠶᠢᠯᠢ ᠪᠤᠴᠠᠭᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 405 ᠳ᠋ᠤᠭᠠᠷ ᠵᠦᠢᠯ ᠤᠨ ᠨᠢᠭᠡᠳᠦᠭᠡᠷ ᠪᠠᠳᠠᠭ︶
18. ᠬᠠᠤᠯᠢ ᠠᠴᠠ ᠵᠦᠷᠢᠴᠡᠵᠦ ᠭᠠᠳᠠᠭᠠᠳᠤ ᠭᠠᠷᠭᠠᠯᠳᠠ ᠶᠢᠨ ᠭᠠᠶᠢᠯᠢ ᠶᠢᠨ ᠪᠤᠴᠠᠭᠠᠯᠳᠠ ᠶᠢᠨ ᠪᠠᠷᠢᠮᠳᠠ ᠤᠯᠭᠤᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 405 ᠳ᠋ᠤᠭᠠᠷ ᠵᠦᠢᠯ ᠤᠨ ᠬᠤᠶᠠᠳᠤᠭᠠᠷ ᠪᠠᠳᠠᠭ︶
19. ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠭᠡᠷ᠎ᠠ ᠲᠤᠭᠳᠠᠬᠤ᠂ ᠬᠦᠢᠴᠡᠳᠭᠡᠬᠦ ᠳᠤ ᠪᠠᠨ ᠬᠠᠷᠢᠭᠤᠴᠠᠯᠭ᠎ᠠ ᠠᠯᠳᠠᠵᠤ ᠮᠡᠭᠡᠯᠡᠭᠳᠡᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 406 ᠳ᠋ᠤᠭᠠᠷ ᠵᠦᠢᠯ︶
20. ᠬᠠᠤᠯᠢ ᠠᠴᠠ ᠵᠦᠷᠢᠴᠡᠵᠦ ᠤᠢ ᠮᠤᠳᠤ ᠤᠭᠳᠤᠯᠬᠤ ᠵᠦᠪᠰᠢᠶᠡᠷᠡᠯ ᠤᠨ ᠲᠡᠮᠳᠡᠭ ᠤᠯᠭᠤᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 407 ᠳ᠋ᠤᠭᠠᠷ ᠵᠦᠢᠯ︶
21. ᠤᠷᠴᠢᠨ ᠲᠤᠭᠤᠷᠢᠨ ᠤ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠪᠠᠨ ᠠᠯᠳᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 408 ᠳ᠋ᠤᠭᠠᠷ ᠵᠦᠢᠯ︶
22. ᠢᠳᠡᠭᠡᠨ ᠤ ᠬᠢᠨᠠᠨ ᠬᠠᠮᠢᠶᠠᠷᠤᠯᠳᠠ ᠳᠤ ᠲᠤᠰᠢᠶᠠᠯ ᠢᠶᠠᠨ ᠭᠤᠳᠤᠭᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 408 ᠳ᠋ᠤᠭᠠᠷ ᠵᠦᠢᠯ︶
23. ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠪᠠᠨ ᠠᠯᠳᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 409 ᠳ᠋ᠤᠭᠡᠷ ᠵᠦᠢᠯ︶
24. ᠭᠠᠵᠠᠷ ᠰᠢᠷᠤᠢ ᠶᠢ ᠲᠠᠳᠠᠪᠤᠷᠢᠯᠠᠨ ᠭᠡᠷᠡᠭᠯᠡᠬᠦ᠂ ᠡᠵᠡᠯᠡᠨ ᠭᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 410 ᠳ᠋ᠤᠭᠠᠷ ᠵᠦᠢᠯ︶
25. ᠤᠯᠤᠰ ᠤᠨ ᠦᠮᠴᠢᠯᠡᠯᠳᠦ ᠭᠠᠵᠠᠷ ᠰᠢᠷᠦᠢ ᠶᠢᠨ ᠭᠡᠷᠡᠭᠯᠡᠬᠦ ᠡᠷᠭᠡ ᠶᠢ ᠬᠠᠤᠯᠢ ᠪᠤᠰᠤ ᠪᠠᠷ ᠲᠤᠷ᠎ᠠ ᠪᠠᠷ ᠭᠠᠷᠭᠠᠵᠤ ᠦᠭᠬᠦᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 410 ᠳ᠋ᠤᠭᠠᠷ ᠵᠦᠢᠯ︶
26. ᠲᠠᠯᠳᠠᠭᠤᠷ ᠠᠷᠠᠯᠵᠢᠶᠠᠯᠠᠬᠤ ᠶᠢ ᠲᠤᠷ᠎ᠠ ᠪᠠᠷ ᠨᠢ ᠲᠠᠯᠪᠢᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 411 ᠳ᠋ᠤᠭᠡᠷ ᠵᠦᠢᠯ︶
27. ᠲᠠᠸᠠᠷ ᠤᠨ ᠰᠢᠯᠭᠠᠨ ᠪᠠᠶᠢᠴᠠᠭᠠᠯᠳᠠ ᠳᠤ ᠬᠤᠪᠢ ᠶᠢᠨ ᠨᠠᠶᠢᠷ ᠢᠶᠠᠷ ᠭᠡᠮ ᠤᠢᠢᠯᠡᠳᠦᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 412 ᠳ᠋ᠤᠭᠠᠷ ᠵᠦᠢᠯ ᠤᠨ ᠨᠢᠭᠡᠳᠦᠭᠡᠷ ᠪᠠᠳᠠᠭ︶
28. ᠲᠠᠸᠠᠷ ᠤᠨ ᠰᠢᠯᠭᠠᠨ ᠪᠠᠶᠢᠴᠠᠭᠠᠯᠳᠠ ᠳᠤ ᠬᠠᠷᠢᠭᠤᠴᠠᠯᠭ᠎ᠠ ᠠᠯᠳᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 412 ᠳ᠋ᠤᠭᠠᠷ ᠵᠦᠢᠯ ᠤᠨ ᠬᠤᠶᠠᠳᠤᠭᠠᠷ ᠪᠠᠳᠠᠭ︶
29. ᠠᠮᠢᠳᠠᠨ ᠤᠷᠭᠤᠮᠠᠯ ᠤᠨ ᠬᠢᠵᠢᠭ ᠤᠨ ᠪᠠᠶᠢᠴᠠᠭᠠᠯᠳᠠ ᠳᠤ ᠬᠤᠪᠢ ᠶᠢᠨ ᠨᠠᠶᠢᠷ ᠢᠶᠠᠷ ᠭᠡᠮ ᠤᠢᠢᠯᠡᠳᠦᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 413 ᠳ᠋ᠤᠭᠠᠷ ᠵᠦᠢᠯ ᠤᠨ ᠨᠢᠭᠡᠳᠦᠭᠡᠷ ᠪᠠᠳᠠᠭ︶
30. ᠠᠮᠢᠳᠠᠨ ᠤᠷᠭᠤᠮᠠᠯ ᠤᠨ ᠬᠢᠵᠢᠭ ᠤᠨ ᠪᠠᠶᠢᠴᠠᠭᠠᠯᠳᠠ ᠳᠤ ᠬᠠᠷᠢᠭᠤᠴᠠᠯᠭ᠎ᠠ ᠪᠠᠨ ᠠᠯᠳᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 413 ᠳ᠋ᠤᠭᠠᠷ ᠵᠦᠢᠯ ᠤᠨ ᠬᠤᠶᠠᠳᠤᠭᠠᠷ ᠪᠠᠳᠠᠭ︶
31. ᠬᠠᠭᠤᠷᠮᠠᠭ ᠴᠢᠨᠠᠷ ᠮᠠᠭᠤᠳᠠᠢ ᠲᠠᠸᠠᠷ ᠤᠢᠢᠯᠡᠳᠴᠦ ᠪᠤᠷᠤᠯᠠᠭᠤᠯᠬᠤ ᠶᠠᠯᠠᠳᠤ ᠤᠢᠢᠯᠡ ᠠᠵᠢᠯᠯᠠᠭ᠎ᠠ ᠶᠢ ᠲᠤᠷ᠎ᠠ ᠪᠠᠷ ᠨᠢ ᠲᠠᠯᠪᠢᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 414 ᠳ᠋ᠤᠭᠡᠷ ᠵᠦᠢᠯ︶
32. ᠤᠯᠤᠰ ᠤᠨ ᠬᠢᠯᠢ ︵ᠬᠢᠵᠠᠭᠠᠷ︶ ᠶᠢ ᠬᠤᠯᠭᠤᠨ ᠲᠠᠪᠠᠭᠰᠠᠳ ᠲᠤ ᠬᠢᠯᠢ ᠪᠠᠷ ᠭᠠᠷᠴᠤ ᠤᠷᠤᠬᠤ ᠭᠡᠷᠡᠴᠢ ᠲᠡᠮᠳᠡᠭ ᠬᠢᠵᠤ ᠦᠭᠬᠦᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 415 ᠳ᠋ᠤᠭᠠᠷ ᠵᠦᠢᠯ︶
33. ᠤᠯᠤᠰ ᠤᠨ ᠬᠢᠯᠢ ︵ᠬᠢᠵᠠᠭᠠᠷ︶ ᠶᠢ ᠬᠤᠯᠭᠤᠨ ᠲᠠᠪᠠᠭᠰᠠᠳ ᠢ ᠲᠠᠯᠪᠢᠵᠤ ᠶᠠᠪᠤᠭᠤᠯᠤᠭᠰᠠᠨ ︵ᠭᠠᠷᠭᠠᠭᠰᠠᠨ︶ ᠶᠠᠯ᠎ᠠ ︵︽ᠡᠷᠡᠬᠦᠦ ᠶᠢᠨ ᠬᠠᠤᠯᠢ︾ ᠶᠢᠨ 415 ᠳ᠋ᠤᠭᠠᠷ ᠵᠦᠢᠯ︶
34. ᠮᠡᠭᠡᠯᠡᠭᠳᠡᠨ ᠬᠤᠳᠠᠯᠳᠤᠭᠳᠠᠭᠰᠠᠨ᠂ ᠪᠠᠷᠢᠴᠠᠭᠠᠯᠠᠭᠳᠠᠭᠰᠠᠨ ᠡᠮᠡᠭᠳᠡᠶᠢᠴᠦᠳ ᠪᠠ ᠪᠠᠭᠠᠴᠤᠳ ᠭᠡᠦᠭᠡᠳ ᠢ ᠦᠯᠦ ᠠᠪᠤᠷᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 416 ᠳ᠋ᠤᠭᠠᠷ ᠵᠦᠢᠯ ᠤᠨ ᠨᠢᠭᠡᠳᠦᠭᠡᠷ ᠪᠠᠳᠠᠭ︶
35. ᠮᠡᠭᠡᠯᠡᠭᠳᠡᠨ ᠬᠤᠳᠠᠯᠳᠤᠭᠳᠠᠭᠰᠠᠨ᠂ ᠪᠠᠷᠢᠴᠠᠭᠠᠯᠠᠭᠳᠠᠭᠰᠠᠨ ᠡᠮᠡᠭᠳᠡᠶᠢᠴᠦᠳ ᠪᠠ ᠪᠠᠭᠠᠴᠤᠳ ᠭᠡᠦᠭᠡᠳ ᠢ ᠠᠪᠤᠷᠠᠬᠤ ᠶᠢ ᠬᠠᠷᠰᠢᠯᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 416 ᠳ᠋ᠤᠭᠠᠷ ᠵᠦᠢᠯ ᠤᠨ ᠬᠤᠶᠠᠳᠤᠭᠠᠷ ᠪᠠᠳᠠᠭ︶
36. ᠶᠠᠯᠠᠳᠤ ᠡᠳᠡᠭᠡᠳ ᠢ ᠬᠠᠪᠰᠤᠷᠤᠨ ᠰᠢᠳᠭᠡᠯᠳᠡ ᠠᠴᠠ ᠮᠤᠯᠳᠤᠷᠠᠭᠤᠯᠤᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 417 ᠳ᠋ᠤᠭᠠᠷ ᠵᠦᠢᠯ︶
37. ᠠᠯᠪᠠᠳᠠᠨ ᠪᠤᠶᠤ ᠰᠤᠷᠤᠭᠴᠢ ᠡᠯᠰᠡᠬᠦ ᠳᠤ ᠪᠠᠨ ᠬᠤᠪᠢ ᠶᠢᠨ ᠨᠠᠶᠢᠷ ᠢᠶᠠᠷ ᠭᠡᠮ ᠤᠢᠢᠯᠡᠳᠦᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 418 ᠳ᠋ᠤᠭᠠᠷ ᠵᠦᠢᠯ︶
38. ᠬᠠᠷᠢᠭᠤᠴᠠᠯᠭ᠎ᠠ ᠪᠠᠨ ᠠᠯᠳᠠᠭᠠᠳ ᠬᠤᠪᠤᠷ ᠦᠨᠡᠳᠦ ᠲᠡᠦᠭᠡ ᠶᠢᠨ ᠲᠤᠷᠠᠰᠬᠠᠯᠳᠤ ᠵᠦᠢᠯ ᠢ ᠡᠪᠳᠡᠨ ᠰᠦᠢᠳᠭᠡᠬᠦᠯᠦᠭᠰᠡᠨ᠂ ᠭᠡᠭᠡᠭᠳᠡᠬᠦᠯᠦᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 419 ᠳ᠋ᠤᠭᠡᠷ ᠵᠦᠢᠯ︶
︵ᠬᠤᠶᠠᠷ︶ ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠡᠷᠭᠡ ᠲᠤᠰᠢᠶᠠᠯ ᠤᠨ ᠢᠶᠠᠨ ᠢᠯᠳᠠᠷ ᠲᠦᠬᠦᠮ ᠢ ᠠᠰᠢᠭᠯᠠᠨ ᠠᠷᠠᠳ ᠢᠷᠭᠡᠨ ᠤ ᠪᠡᠶ᠎ᠡ ᠶᠢᠨ ᠡᠷᠭᠡ ᠪᠡ ᠠᠷᠠᠳᠴᠢᠯᠠᠯ ᠤᠨ ᠡᠷᠭᠡ ᠳᠤ ᠬᠠᠯᠳᠠᠭᠰᠠᠨ ᠶᠠᠯ᠎ᠠ
1. ᠬᠠᠤᠯᠢ ᠪᠤᠰᠤ ᠪᠠᠷ ᠬᠤᠷᠢᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 238 ᠳ᠋ᠤᠭᠠᠷ ᠵᠦᠢᠯ︶
2. ᠬᠠᠤᠯᠢ ᠪᠤᠰᠤ ᠪᠠᠷ ᠨᠡᠩᠵᠢᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 245 ᠳ᠋ᠤᠭᠠᠷ ᠵᠦᠢᠯ︶
3. ᠡᠷᠡᠬᠦᠳᠡᠨ ᠦᠴᠢᠭᠯᠡᠬᠦᠯᠦᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 247 ᠳ᠋ᠤᠭᠠᠷ ᠵᠦᠢᠯ︶
4. ᠬᠦᠴᠦᠷᠭᠡᠭᠯᠡᠯ ᠢᠶᠠᠷ ᠭᠡᠷᠡᠴᠢ ᠠᠪᠤᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 247 ᠳ᠋ᠤᠭᠠᠷ ᠵᠦᠢᠯ︶
5. ᠬᠢᠨᠠᠭᠳᠠᠨ ᠵᠠᠬᠢᠷᠤᠭᠳᠠᠭᠰᠠᠳ ᠲᠤ ᠬᠠᠯᠠ ᠦᠵᠡᠬᠦᠯᠦᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 248 ᠳ᠋ᠤᠭᠠᠷ ᠵᠦᠢᠯ︶
6. ᠬᠠᠷᠢᠭᠤ ᠠᠪᠴᠤ ᠬᠤᠤᠷᠯᠠᠭᠰᠠᠨ ᠶᠠᠯ᠎ᠠ ︵︽ᠡᠷᠡᠬᠦᠦ ᠶᠢᠨ ᠬᠠᠤᠯᠢ︾ ᠶᠢᠨ 254 ᠳ᠋ᠤᠭᠡᠷ ᠵᠦᠢᠯ︶
7. ᠰᠤᠩᠭᠤᠭᠤᠯᠢ ᠶᠢ ᠡᠪᠳᠡᠭᠰᠡᠨ ᠶᠠᠯ᠎ᠠ ︵︽ᠡᠷᠡᠬᠦᠦ ᠶᠢᠨ ᠬᠠᠤᠯᠢ︾ ᠶᠢᠨ 256 ᠳ᠋ᠤᠭᠠᠷ ᠵᠦᠢᠯ︶
︵ᠭᠤᠷᠪᠠ︶ ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠡᠷᠭᠡ ᠲᠤᠰᠢᠶᠠᠯ ᠤᠨ ᠢᠶᠠᠨ ᠲᠦᠬᠦᠮ ᠢ ᠠᠰᠢᠭᠯᠠᠨ ᠪᠤᠰᠤᠳ ᠬᠦᠨᠳᠦ ᠶᠡᠭᠡ ᠶᠠᠯᠠᠳᠤ ᠭᠡᠷᠡᠭ ᠤᠢᠢᠯᠡᠳᠴᠦ ᠠᠷᠠᠳ ᠤᠨ ᠪᠠᠶᠢᠴᠠᠭᠠᠬᠤ ᠬᠤᠷᠢᠶᠠᠨ ᠠᠴᠠ ᠰᠢᠭᠤᠳ ᠬᠦᠯᠢᠶᠡᠨ ᠰᠢᠢᠳᠪᠦᠷᠢᠯᠡᠬᠦ ᠴᠢᠬᠤᠯᠠᠳᠠᠢ ᠪᠤᠯᠪᠠᠯ᠂ ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ ᠪᠠᠶᠢᠴᠠᠭᠠᠬᠤ ᠬᠤᠷᠢᠶ᠎ᠡ ᠪᠠᠷ ᠲᠤᠭᠳᠠᠭᠠᠯᠭᠠᠭᠠᠳ ᠠᠷᠠᠳ ᠤᠨ ᠪᠠᠶᠢᠴᠠᠭᠠᠬᠤ ᠬᠤᠷᠢᠶᠠᠨ ᠠᠴᠠ ᠭᠡᠷᠡᠭ ᠪᠤᠯᠭᠠᠵᠤ ᠲᠤᠷᠰᠢᠨ ᠪᠠᠶᠢᠴᠠᠭᠠᠵᠤ ᠪᠤᠯᠤᠨ᠎ᠠ᠃
ᠵᠢᠷᠭᠤᠭ᠎ᠠ᠂ ᠲᠤᠰᠢᠶᠠᠯ ᠢᠶᠠᠨ ᠭᠤᠳᠤᠭᠠᠨ ᠡᠷᠭᠡ ᠳᠤ ᠬᠠᠯᠳᠠᠭᠰᠠᠨ
ᠭᠡᠷᠡᠭ ᠤᠨ ᠶᠠᠯ᠎ᠠ ᠬᠢᠭᠰᠡᠨ ᠭᠤᠤᠯ ᠴᠤᠭᠴᠠ᠄
ᠲᠦᠷᠦ ᠶᠢᠨ ᠪᠠᠶᠢᠭᠤᠯᠭ᠎ᠠ ᠶᠢᠨ ᠠᠵᠢᠯᠳᠠᠨ
ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠭᠡᠳᠡᠭ ᠨᠢ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠳᠠᠭᠠᠯ ᠢ ᠦᠨᠳᠦᠰᠦᠯᠡᠨ ᠲᠦᠷᠦ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠡᠷᠭᠡ ᠲᠤᠰᠢᠶᠠᠯ ᠢ ᠭᠡᠷᠡᠭᠵᠢᠬᠦᠯᠦᠭᠴᠢ ᠵᠤᠬᠢᠶᠠᠨ ᠪᠠᠶᠢᠭᠤᠯᠤᠯᠳᠠ ᠳᠠᠬᠢ ᠠᠯᠪᠠᠨ ᠠᠵᠢᠯ ᠢ ᠬᠢᠵᠤ ᠪᠠᠶᠢᠭ᠎ᠠ ᠬᠦᠮᠦᠰ ᠪᠤᠶᠤ ᠲᠦᠷᠦ ᠶᠢᠨ ᠪᠠᠶᠢᠭᠤᠯᠭ᠎ᠠ ᠶᠢᠨ ᠨᠠᠶᠢᠳᠠᠯᠭ᠎ᠠ ᠪᠠᠷ ᠲᠦᠷᠦ ᠶᠢᠨ ᠪᠠᠶᠢᠭᠤᠯᠭ᠎ᠠ ᠶᠢᠨ ᠡᠷᠭᠡ ᠲᠤᠰᠢᠶᠠᠯ ᠢ ᠲᠦᠯᠦᠭᠡᠯᠡᠨ ᠭᠡᠷᠡᠭᠵᠢᠬᠦᠯᠦᠭᠴᠢ ᠵᠤᠬᠢᠶᠠᠨ ᠪᠠᠶᠢᠭᠤᠯᠤᠯᠳᠠ ᠳᠠᠬᠢ ᠠᠯᠪᠠᠯᠠᠵᠤ ᠪᠠᠶᠢᠭ᠎ᠠ ᠬᠦᠮᠤᠰ ᠪᠤᠶᠤ ᠭᠡᠳᠦ᠋ᠢᠪᠡᠷ ᠲᠦᠷᠦ ᠶᠢᠨ ᠪᠠᠶᠢᠭᠤᠯᠭ᠎ᠠ ᠶᠢᠨ ᠤᠷᠤᠨ ᠲᠤᠭᠠᠨ ᠳᠤ ᠦᠯᠦ ᠲᠠᠩᠰᠠᠯᠠᠭᠤᠯᠤᠭᠰᠠᠨ ᠴᠤ ᠲᠦᠷᠦ ᠶᠢᠨ ᠪᠠᠶᠢᠭᠤᠯᠭ᠎ᠠ ᠳᠤ ᠠᠯᠪᠠᠯᠠᠵᠤ ᠪᠠᠶᠢᠭ᠎ᠠ ᠬᠦᠮᠤᠰ ᠢ ᠵᠢᠭᠠᠨ᠎ᠠ᠃
ᠲᠤᠯᠤᠭ᠎ᠠ᠂ ᠲᠤᠰᠢᠶᠠᠯ ᠢᠶᠠᠨ ᠭᠤᠳᠤᠭᠠᠭᠰᠠᠨ ᠪᠠ ᠡᠷᠭᠡ ᠳᠤ ᠬᠠᠯᠳᠠᠭᠰᠠᠨ ᠭᠡᠷᠡᠭ ᠤᠨ ᠭᠡᠷᠡᠭ ᠪᠤᠯᠭᠠᠬᠤ ᠪᠠᠷᠢᠮᠵᠢᠶ᠎ᠠ ︵ᠰᠤᠩᠭᠤᠮᠠᠯ︶
︵ᠨᠢᠭᠡ︶ ᠡᠷᠭᠡ ᠲᠤᠰᠢᠶᠠᠯ ᠢᠶᠠᠨ ᠲᠤᠷ᠎ᠠ ᠪᠠᠷ ᠢᠶᠠᠨ ᠭᠡᠷᠡᠭᠯᠡᠭᠰᠡᠨ ᠶᠠᠯ᠎ᠠ
1. ᠨᠢᠭᠡ ᠠᠴᠠ ᠲᠡᠭᠡᠭᠰᠢᠬᠢ ᠬᠦᠮᠦᠨ ᠢ ᠦᠬᠦᠬᠦᠯᠦᠭᠰᠡᠨ ᠪᠤᠶᠤ ᠬᠤᠶᠠᠷ ᠠᠴᠠ ᠲᠡᠭᠡᠭᠰᠢᠬᠢ ᠬᠦᠮᠦᠨ ᠢ ᠬᠦᠨᠳᠦ ᠰᠢᠷᠬᠠᠳᠤᠭᠤᠯᠤᠭᠰᠠᠨ ᠪᠤᠶᠤ ᠨᠢᠭᠡ ᠬᠦᠮᠦᠨ ᠢ ᠬᠦᠨᠳᠦ ᠰᠢᠷᠬᠠᠳᠤᠭᠤᠯᠤᠨ ᠭᠤᠷᠪᠠ ᠠᠴᠠ ᠲᠡᠭᠡᠭᠰᠢᠬᠢ ᠬᠦᠮᠦᠨ ᠢ ᠬᠦᠡᠭᠭᠡᠨ ᠰᠢᠷᠬᠠᠳᠤᠭᠤᠯᠤᠭᠰᠠᠨ ᠪᠤᠶᠤ ᠲᠠᠪᠤ ᠠᠴᠠ ᠲᠡᠭᠡᠭᠰᠢᠬᠢ ᠬᠦᠮᠦᠨ ᠢ ᠬᠦᠡᠭᠭᠡᠨ ᠰᠢᠷᠬᠠᠳᠤᠭᠤᠯᠤᠭᠰᠠᠨ︔
2. ᠠᠷᠪᠠ ᠠᠴᠠ ᠲᠡᠭᠡᠭᠰᠢᠬᠢ ᠬᠦᠮᠦᠨ ᠢ ᠬᠦᠨᠳᠦ ᠬᠤᠤᠷᠳᠠᠭᠤᠯᠤᠭᠰᠠᠨ︔
3. ᠬᠤᠪᠢ ᠬᠦᠮᠦᠨ ᠤ ᠡᠳ᠋ ᠬᠦᠷᠦᠩᠭᠡ ᠶᠢᠨ ᠠᠵᠤ ᠠᠬᠤᠢ ᠶᠢᠨ ᠰᠢᠭᠤᠳ ᠬᠤᠬᠢᠷᠠᠯ ᠨᠢ 10 ᠲᠦᠮᠡᠨ ᠲᠦᠬᠦᠷᠢᠭ ᠠᠴᠠ ᠲᠡᠭᠡᠭᠰᠢ ᠪᠤᠯᠤᠭᠰᠠᠨ ᠪᠤᠶᠤ ᠠᠵᠤ ᠠᠬᠤᠢ ᠶᠢᠨ ᠰᠢᠭᠤᠳ ᠬᠤᠬᠢᠷᠠᠯ ᠨᠢ 10 ᠲᠦᠮᠡᠨ ᠲᠦᠬᠦᠷᠢᠭ ᠦᠯᠦ ᠬᠦᠷᠬᠦ ᠪᠤᠯᠪᠠᠴᠤ ᠠᠵᠤ ᠠᠬᠤᠢ ᠶᠢᠨ ᠲᠠᠮ ᠬᠤᠬᠢᠷᠠᠯ ᠨᠢ 50 ᠲᠦᠮᠡᠨ ᠲᠦᠬᠦᠷᠢᠭ ᠠᠴᠠ ᠲᠡᠭᠡᠭᠰᠢ ᠪᠤᠯᠤᠭᠰᠠᠨ︔
4. ᠨᠡᠶᠢᠳᠡ ᠶᠢᠨ ᠡᠳ᠋ ᠬᠦᠷᠦᠩᠭᠡ ᠪᠤᠶᠤ ᠬᠠᠤᠯᠢ ᠶᠢᠨ ᠡᠷᠭᠡᠳᠡᠨ᠂ ᠪᠤᠰᠤᠳ ᠵᠤᠬᠢᠶᠠᠨ ᠪᠠᠶᠢᠭᠤᠯᠤᠯᠳᠠ ᠶᠢᠨ ᠠᠵᠤ ᠠᠬᠤᠢ ᠶᠢᠨ ᠰᠢᠭᠤᠳ ᠬᠤᠬᠢᠷᠠᠯ ᠨᠢ 20 ᠲᠦᠮᠡᠨ ᠲᠦᠬᠦᠷᠢᠭ ᠠᠴᠠ ᠲᠡᠭᠡᠭᠰᠢ ᠪᠤᠯᠤᠭᠰᠠᠨ ᠪᠤᠶᠤ ᠠᠵᠤ ᠠᠬᠤᠢ ᠶᠢᠨ ᠰᠢᠭᠤᠳ ᠬᠤᠬᠢᠷᠠᠯ ᠨᠢ 20 ᠲᠦᠮᠡᠨ ᠲᠦᠬᠦᠷᠢᠭ ᠦᠯᠦ ᠬᠦᠷᠬᠦ ᠪᠤᠯᠪᠠᠴᠤ ᠠᠵᠤ ᠠᠬᠤᠢ ᠶᠢᠨ ᠲᠠᠮ ᠬᠤᠬᠢᠷᠠᠯ ᠨᠢ 100 ᠲᠦᠮᠡᠨ ᠲᠦᠬᠦᠷᠢᠭ ᠠᠴᠠ ᠲᠡᠭᠡᠭᠰᠢ ᠪᠤᠯᠤᠭᠰᠠᠨ︔
5. ᠬᠡᠳᠦ᠋ᠢᠪᠡᠷ ᠭᠤᠷᠪᠠ ᠪᠠ ᠲᠦᠷᠪᠡᠳᠦᠭᠡᠷ ᠬᠤᠶᠠᠷ ᠲᠦᠷᠦᠯ ᠤᠨ ᠲᠤᠭ᠎ᠠ ᠮᠠᠭᠠᠳ ᠤᠨ ᠪᠠᠷᠢᠮᠵᠢᠶᠠᠨ ᠳᠤ ᠦᠯᠦ ᠬᠦᠷᠦᠭᠰᠡᠨ ᠪᠤᠯᠪᠠᠴᠤ ᠭᠤᠷᠪᠠ ᠪᠠ ᠲᠦᠷᠪᠡᠳᠦᠭᠡᠷ ᠬᠤᠶᠠᠷ ᠲᠦᠷᠦᠯ ᠤᠨ ᠠᠵᠤ ᠠᠬᠤᠢ ᠶᠢᠨ ᠰᠢᠭᠤᠳ ᠬᠤᠬᠢᠷᠠᠯ ᠤᠨ ᠨᠡᠶᠢᠯᠡᠪᠦᠷᠢ ᠨᠢ 20 ᠲᠦᠮᠡᠨ ᠲᠦᠬᠦᠷᠢᠭ ᠠᠴᠠ ᠲᠡᠭᠡᠭᠰᠢ ᠪᠤᠯᠤᠭᠰᠠᠨ ᠪᠤᠶᠤ ᠠᠵᠤ ᠠᠬᠤᠢ ᠶᠢᠨ ᠰᠢᠭᠤᠳ ᠬᠤᠬᠢᠷᠠᠯ ᠤᠨ ᠨᠡᠶᠢᠯᠡᠪᠦᠷᠢ ᠨᠢ 20 ᠲᠦᠮᠡᠨ ᠲᠦᠬᠦᠷᠢᠭ ᠲᠤ ᠦᠯᠦ ᠬᠦᠷᠦᠭᠰᠡᠨ ᠴᠤ ᠠᠵᠤ ᠠᠬᠤᠢ ᠶᠢᠨ ᠲᠡᠮ ᠬᠤᠬᠢᠷᠠᠯ ᠤᠨ ᠨᠡᠶᠢᠯᠡᠪᠦᠷᠢ ᠨᠢ 100 ᠲᠦᠮᠡᠨ ᠲᠦᠬᠦᠷᠢᠭ ᠠᠴᠠ ᠲᠡᠭᠡᠭᠰᠢ ᠪᠤᠯᠤᠭᠰᠠᠨ︔
6. ᠺᠤᠮᠫᠠᠨᠢ᠂ ᠠᠵᠤ ᠠᠬᠤᠢᠢᠯᠠᠯ ᠵᠡᠷᠭᠡ ᠨᠢᠭᠡᠴᠢ ᠶᠢᠨ ᠡᠵᠡᠩᠨᠡᠯᠳᠡ ᠪᠠ ᠤᠢᠢᠯᠡᠳᠪᠦᠷᠢᠯᠡᠯ ᠢ ᠨᠢ 6 ᠰᠠᠷ᠎ᠠ ᠠᠴᠠ ᠲᠡᠭᠡᠭᠰᠢ ᠵᠤᠭᠰᠤᠭᠠᠯᠭᠠᠭᠰᠠᠨ︔
7. ᠬᠤᠳᠠᠯ ᠬᠠᠭᠤᠷᠮᠠᠭ ᠢᠶᠠᠷ ᠵᠤᠬᠢᠶᠠᠭᠰᠠᠨ᠂ ᠦᠯᠦ ᠮᠡᠳᠡᠬᠦᠯᠦᠭᠰᠡᠨ᠂ ᠬᠤᠶᠢᠰᠢᠯᠠᠭᠤᠯᠤᠨ ᠮᠡᠳᠡᠬᠦᠯᠦᠭᠰᠡᠨ᠂ ᠬᠤᠳᠠᠯ ᠢᠶᠠᠷ ᠮᠡᠳᠡᠬᠦᠯᠦᠭᠰᠡᠨ ᠪᠤᠶᠤ ᠪᠤᠰᠤᠳ ᠤᠨ ᠵᠢᠭᠠᠪᠤᠷᠢᠯᠠᠭᠠ᠂ ᠲᠤᠬᠢᠯᠭᠠ᠂ ᠵᠠᠷᠯᠢᠭᠳᠠᠯᠭᠠ ᠪᠠᠷ ᠦᠯᠦ ᠮᠡᠳᠡᠬᠦᠯᠦᠭᠰᠡᠨ᠂ ᠬᠤᠶᠢᠰᠢᠯᠠᠭᠤᠯᠤᠨ ᠮᠡᠳᠡᠬᠦᠯᠦᠭᠰᠡᠨ᠂ ᠬᠤᠳᠠᠯ ᠢᠶᠠᠷ ᠮᠡᠳᠡᠬᠦᠯᠦᠭᠰᠡᠨ ᠪᠠᠶᠢᠳᠠᠯ ᠲᠠᠢ ᠠᠴᠠ ᠪᠤᠯᠵᠤ ᠤᠨᠴᠠ ᠬᠦᠨᠳᠦ ᠶᠡᠭᠡ ᠭᠡᠨᠡᠳᠡᠯ ᠭᠡᠷᠡᠭ ᠤᠨ ᠬᠤᠤᠷ ᠬᠦᠨᠦᠭᠡᠯ ᠨᠢ ᠦᠷᠬᠦᠯᠵᠢᠯᠡᠭᠰᠡᠨ᠂ ᠶᠡᠭᠡᠳᠦᠭᠰᠡᠨ ᠪᠤᠶᠤ ᠠᠶᠤᠯ ᠠᠴᠠ ᠠᠪᠤᠷᠠᠬᠤ᠂ ᠪᠠᠶᠢᠴᠠᠭᠠᠯᠳᠠ ᠬᠢᠬᠦ᠂ ᠰᠢᠢᠳᠪᠦᠷᠢᠯᠡᠬᠦ ᠠᠵᠢᠯ ᠢ ᠰᠠᠭᠠᠳᠠᠭᠤᠯᠤᠭᠰᠠᠨ︔
8. ᠤᠯᠤᠰ ᠤᠨ ᠨᠡᠷ᠎ᠡ ᠲᠦᠷᠦ ᠶᠢ ᠬᠦᠨᠳᠦ ᠨᠤᠴᠢᠳᠠᠢ ᠬᠤᠬᠢᠷᠠᠭᠤᠯᠤᠭᠰᠠᠨ ᠪᠤᠶᠤ ᠨᠡᠶᠢᠭᠡᠮ ᠤᠨ ᠮᠠᠭᠤ ᠨᠦᠯᠦᠭᠡ ᠶᠢ ᠪᠤᠢ ᠪᠤᠯᠭᠠᠭᠰᠠᠨ︔
9. ᠨᠡᠶᠢᠳᠡ ᠶᠢᠨ ᠡᠳ᠋ ᠬᠦᠷᠦᠩᠭᠡ᠂ ᠤᠯᠤᠰ ᠪᠠ ᠠᠷᠠᠳ ᠲᠦᠮᠡᠨ ᠤ ᠠᠰᠢᠭ ᠲᠤᠰᠠ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠤᠰᠤᠳ ᠪᠠᠶᠢᠳᠠᠯ᠃
︵ᠬᠤᠶᠠᠷ︶ ᠲᠤᠰᠢᠶᠠᠯ ᠢᠶᠠᠨ ᠤᠮᠳᠤᠭᠠᠢᠢᠯᠠᠵᠤ ᠬᠠᠷᠢᠭᠤᠴᠠᠯᠭ᠎ᠠ ᠪᠠᠨ ᠠᠯᠳᠠᠭᠰᠠᠨ ᠶᠠᠯ᠎ᠠ
1. ᠨᠢᠭᠡ ᠠᠴᠠ ᠲᠡᠭᠡᠭᠰᠢᠬᠢ ᠬᠦᠮᠦᠨ ᠢ ᠦᠬᠦᠬᠦᠯᠦᠭᠰᠡᠨ ᠪᠤᠶᠤ ᠭᠤᠷᠪᠠ ᠠᠴᠠ ᠲᠡᠭᠡᠭᠰᠢᠬᠢ ᠬᠦᠮᠦᠨ ᠢ ᠬᠦᠨᠳᠦ ᠰᠢᠷᠬᠠᠳᠤᠭᠤᠯᠤᠭᠰᠠᠨ ᠪᠤᠶᠤ ᠬᠤᠶᠠᠷ ᠬᠦᠮᠦᠨ ᠢ ᠬᠦᠨᠳᠦ ᠰᠢᠷᠬᠠᠳᠤᠭᠤᠯᠤᠨ ᠲᠦᠷᠪᠡ ᠠᠴᠠ ᠲᠡᠭᠡᠭᠰᠢᠬᠢ ᠬᠦᠮᠦᠨ ᠢ ᠬᠦᠡᠭᠭᠡᠨ ᠰᠢᠷᠬᠠᠳᠤᠭᠤᠯᠤᠭᠰᠠᠨ ᠪᠤᠶᠤ ᠨᠢᠭᠡᠨ ᠬᠦᠮᠦᠨ ᠢ ᠬᠦᠨᠳᠦ ᠰᠢᠷᠬᠠᠳᠤᠭᠤᠯᠤᠨ ᠲᠤᠯᠤᠭ᠎ᠠ ᠠᠴᠠ ᠲᠡᠭᠡᠭᠰᠢᠬᠢ ᠬᠦᠮᠦᠨ ᠢ ᠬᠦᠡᠭᠭᠡᠨ ᠰᠢᠷᠬᠠᠳᠤᠭᠤᠯᠤᠭᠰᠠᠨ ᠪᠤᠶᠤ ᠠᠷᠪᠠ ᠠᠴᠠ ᠲᠡᠭᠡᠭᠰᠢᠬᠢ ᠬᠦᠮᠦᠨ ᠢ ᠬᠦᠡᠭᠭᠡᠨ ᠰᠢᠷᠬᠠᠳᠤᠭᠤᠯᠤᠭᠰᠠᠨ︔
2. ᠬᠤᠷᠢ ᠠᠴᠠ ᠲᠡᠭᠡᠭᠰᠢᠬᠢ ᠬᠦᠮᠦᠨ ᠢ ᠬᠦᠨᠳᠦ ᠬᠤᠤᠷᠳᠠᠭᠤᠯᠤᠭᠰᠠᠨ︔
3. ᠬᠤᠪᠢ ᠬᠦᠮᠦᠨ ᠤ ᠠᠵᠤ ᠠᠬᠤᠢ ᠶᠢᠨ ᠰᠢᠭᠤᠳ ᠬᠤᠬᠢᠷᠠᠯ ᠨᠢ 15 ᠲᠦᠮᠡᠨ ᠲᠦᠬᠦᠷᠢᠭ ᠠᠴᠠ ᠲᠡᠭᠡᠭᠰᠢ ᠪᠤᠯᠤᠭᠰᠠᠨ ᠪᠤᠶᠤ ᠠᠵᠤ ᠠᠬᠤᠢ ᠶᠢᠨ ᠰᠢᠭᠤᠳ ᠬᠤᠬᠢᠷᠠᠯ ᠨᠢ 15 ᠲᠦᠮᠡᠨ ᠲᠦᠬᠦᠷᠢᠭ ᠦᠯᠦ ᠬᠦᠷᠬᠦ ᠪᠤᠯᠪᠠᠴᠤ ᠠᠵᠤ ᠠᠬᠤᠢ ᠶᠢᠨ ᠲᠠᠮ ᠬᠤᠬᠢᠷᠠᠯ ᠨᠢ 75 ᠲᠦᠮᠡᠨ ᠲᠦᠬᠦᠷᠢᠭ ᠠᠴᠠ ᠲᠡᠭᠡᠭᠰᠢ ᠪᠤᠯᠤᠭᠰᠠᠨ︔
4. ᠨᠡᠶᠢᠳᠡ ᠶᠢᠨ ᠡᠳ᠋ ᠬᠦᠷᠦᠩᠭᠡ ᠪᠤᠶᠤ ᠬᠠᠤᠯᠢ ᠶᠢᠨ ᠡᠷᠭᠡᠳᠡᠨ᠂ ᠪᠤᠰᠤᠳ ᠵᠤᠬᠢᠶᠠᠨ ᠪᠠᠶᠢᠭᠤᠯᠤᠯᠳᠠ ᠶᠢᠨ ᠠᠵᠤ ᠠᠬᠤᠢ ᠶᠢᠨ ᠰᠢᠭᠤᠳ ᠬᠤᠬᠢᠷᠠᠯ ᠨᠢ 30 ᠲᠦᠮᠡᠨ ᠲᠦᠬᠦᠷᠢᠭ ᠠᠴᠠ ᠲᠡᠭᠡᠭᠰᠢ ᠪᠤᠯᠤᠭᠰᠠᠨ ᠪᠤᠶᠤ ᠠᠵᠤ ᠠᠬᠤᠢ ᠶᠢᠨ ᠰᠢᠭᠤᠳ ᠬᠤᠬᠢᠷᠠᠯ ᠨᠢ 30 ᠲᠦᠮᠡᠨ ᠲᠦᠬᠦᠷᠢᠭ ᠦᠯᠦ ᠬᠦᠷᠬᠦ ᠪᠤᠯᠪᠠᠴᠤ ᠠᠵᠤ ᠠᠬᠤᠢ ᠶᠢᠨ ᠲᠠᠮ ᠬᠤᠬᠢᠷᠠᠯ ᠨᠢ 150 ᠲᠦᠮᠡᠨ ᠲᠦᠬᠦᠷᠢᠭ ᠠᠴᠠ ᠲᠡᠭᠡᠭᠰᠢ ᠪᠤᠯᠤᠭᠰᠠᠨ︔
5. ᠬᠡᠳᠦ᠋ᠢᠪᠡᠷ ᠭᠤᠷᠪᠠᠳᠤᠭᠠᠷ ᠪᠠ ᠲᠦᠷᠪᠡᠳᠦᠭᠡᠷ ᠬᠤᠶᠠᠷ ᠲᠦᠷᠦᠯ ᠤᠨ ᠲᠤᠭ᠎ᠠ ᠮᠠᠭᠠᠳ ᠤᠨ ᠪᠠᠷᠢᠮᠵᠢᠶᠠᠨ ᠳᠤ ᠦᠯᠦ ᠬᠦᠷᠦᠭᠰᠡᠨ ᠪᠤᠯᠪᠠᠴᠤ ᠭᠤᠷᠪᠠᠳᠤᠭᠠᠷ ᠪᠠ ᠲᠦᠷᠪᠡᠳᠦᠭᠡᠷ ᠬᠤᠶᠠᠷ ᠲᠦᠷᠦᠯ ᠤᠨ ᠠᠵᠤ ᠠᠬᠤᠢ ᠶᠢᠨ ᠰᠢᠭᠤᠳ ᠬᠤᠬᠢᠷᠠᠯ ᠤᠨ ᠨᠡᠶᠢᠯᠡᠪᠦᠷᠢ ᠨᠢ 30 ᠲᠦᠮᠡᠨ ᠲᠦᠬᠦᠷᠢᠭ ᠠᠴᠠ ᠲᠡᠭᠡᠭᠰᠢ ᠪᠤᠯᠤᠭᠰᠠᠨ ᠪᠤᠶᠤ ᠠᠵᠤ ᠠᠬᠤᠢ ᠶᠢᠨ ᠰᠢᠭᠤᠳ ᠬᠤᠬᠢᠷᠠᠯ ᠤᠨ ᠨᠡᠶᠢᠯᠡᠪᠦᠷᠢ ᠨᠢ 30 ᠲᠦᠮᠡᠨ ᠲᠦᠬᠦᠷᠢᠭ ᠲᠤ ᠦᠯᠦ ᠬᠦᠷᠦᠭᠰᠡᠨ ᠪᠤᠯᠪᠠᠴᠤ ᠠᠵᠤ ᠠᠬᠤᠢ ᠶᠢᠨ ᠲᠡᠮ ᠬᠤᠬᠢᠷᠠᠯ ᠤᠨ ᠨᠡᠶᠢᠯᠡᠪᠦᠷᠢ ᠨᠢ 150 ᠲᠦᠮᠡᠨ ᠲᠦᠬᠦᠷᠢᠭ ᠠᠴᠠ ᠲᠡᠭᠡᠭᠰᠢ ᠪᠤᠯᠤᠭᠰᠠᠨ︔
6. ᠺᠤᠮᠫᠠᠨᠢ᠂ ᠠᠵᠤ ᠠᠬᠤᠢᠢᠯᠠᠯ ᠵᠡᠷᠭᠡ ᠪᠠᠶᠢᠭᠤᠯᠭ᠎ᠠ ᠨᠢᠭᠡᠴᠡ ᠶᠢᠨ ᠡᠵᠡᠩᠨᠡᠯᠳᠡ ᠪᠠ ᠤᠢᠢᠯᠡᠳᠪᠦᠷᠢᠯᠡᠯ ᠢ ᠨᠢ ᠨᠢᠭᠡ ᠵᠢᠯ ᠠᠴᠠ ᠲᠡᠭᠡᠭᠰᠢ ᠵᠤᠭᠰᠤᠯᠭᠠᠭᠰᠠᠨ ᠪᠤᠶᠤ ᠲᠠᠮᠫᠤᠷᠠᠭᠤᠯᠤᠭᠰᠠᠨ︔
7. ᠪᠤᠭᠤᠮᠳᠠ ᠶᠢᠨ ᠪᠠ ᠭᠠᠳᠠᠭᠠᠳᠤ ᠭᠤᠪᠢᠭᠤᠯᠭ᠎ᠠ ᠶᠢᠨ ᠰᠠᠯᠠᠭ᠎ᠠ ᠮᠦᠴᠢᠷ ᠤᠨ ᠠᠵᠢᠯᠳᠠᠨ ᠬᠦᠨᠳᠦ ᠨᠤᠴᠢᠳᠠᠢ ᠬᠠᠷᠢᠭᠤᠴᠠᠯᠭ᠎ᠠ ᠠᠯᠳᠠᠭᠰᠠᠨ ᠠᠴᠠ ᠪᠤᠯᠵᠤ᠂ 100 ᠲᠦᠮᠡᠨ ᠳ᠋ᠤᠯᠯᠠᠷ ᠠᠴᠠ ᠲᠡᠭᠡᠭᠰᠢᠬᠢ ᠭᠠᠳᠠᠭᠠᠳᠤ ᠭᠤᠪᠢᠭᠤᠯᠭ᠎ᠠ ᠮᠡᠭᠡᠯᠡᠭᠳᠡᠨ ᠬᠤᠳᠠᠯᠳᠤᠭᠳᠠᠭᠰᠠᠨ ᠪᠤᠶᠤ 100 ᠲᠦᠮᠡᠨ ᠳ᠋ᠤᠯᠯᠠᠷ ᠠᠴᠠ ᠲᠡᠭᠡᠭᠰᠢᠬᠢ ᠭᠤᠪᠢᠭᠤᠯᠭ᠎ᠠ ᠵᠠᠶᠢᠯᠠᠭᠤᠯᠤᠭᠳᠠᠭᠰᠠᠨ︔
8. ᠤᠯᠤᠰ ᠤᠨ ᠨᠡᠷ᠎ᠡ ᠲᠦᠷᠦ ᠶᠢ ᠬᠦᠨᠳᠦ ᠨᠤᠴᠢᠳᠠᠢ ᠬᠤᠬᠢᠷᠠᠭᠤᠯᠤᠭᠰᠠᠨ ᠪᠤᠶᠤ ᠨᠡᠶᠢᠭᠡᠮ ᠤᠨ ᠮᠠᠭᠤ ᠨᠦᠯᠦᠭᠡ ᠶᠢ ᠪᠤᠢ ᠪᠤᠯᠭᠠᠭᠰᠠᠨ︔
9. ᠨᠡᠶᠢᠳᠡ ᠶᠢᠨ ᠡᠳ᠋ ᠬᠦᠷᠦᠩᠭᠡ᠂ ᠤᠯᠤᠰ ᠪᠠ ᠠᠷᠠᠳ ᠲᠦᠮᠡᠨ ᠤ ᠠᠰᠢᠭ ᠲᠤᠰᠠ ᠬᠦᠨᠳᠦ ᠶᠡᠭᠡ ᠬᠤᠬᠢᠷᠠᠯ ᠳᠤ ᠤᠴᠠᠷᠠᠭᠤᠯᠤᠭᠰᠠᠨ ᠪᠤᠰᠤᠳ ᠪᠠᠶᠢᠳᠠᠯ᠃
ᠨᠠᠢᠮᠠ᠂ ᠢᠯᠡᠴᠢᠯᠡᠨ ᠮᠡᠳᠡᠬᠦᠯᠬᠦ ᠠᠷᠭ᠎ᠠ ᠭᠡᠯᠪᠡᠷᠢ
1. ᠪᠢᠴᠢᠭ ᠤᠨ ᠭᠡᠯᠪᠡᠷᠢ — — ᠰᠢᠤᠳᠠᠨ ᠢᠶᠠᠷ ᠢᠯᠡᠭᠡᠬᠦ᠂ ᠭᠠᠷᠳᠠᠭᠤᠯᠬᠤ᠃
2. ᠰᠢᠤᠳᠠᠨ ᠢᠶᠠᠷ ᠬᠠᠷᠢᠶ᠎ᠠ ᠬᠤᠰᠢᠭᠤ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠢᠯᠡᠴᠢᠯᠡᠨ ᠮᠡᠳᠡᠬᠦᠯᠬᠦ ᠲᠦᠪ ᠲᠤ ᠢᠯᠡᠭᠡᠨ᠎ᠡ᠃
3. ᠠᠮᠠ ᠪᠠᠷ ᠶᠠᠷᠢᠬᠤ ᠭᠡᠯᠪᠡᠷᠢ — — ᠠᠵᠢᠯᠯᠠᠬᠤ ᠴᠠᠭ ᠲᠤ᠃
4. ᠤᠳᠠᠰᠤ ᠪᠠᠷ ᠢᠯᠡᠴᠢᠯᠡᠬᠦ ᠭᠡᠯᠪᠡᠷᠢ — — ᠪᠦᠬᠦ ᠤᠯᠤᠰ ᠤᠨ ᠢᠯᠡᠴᠢᠯᠡᠨ ᠮᠡᠳᠡᠬᠦᠯᠬᠦ ᠨᠢᠭᠡᠳᠦᠯᠳᠡᠢ ᠤᠳᠠᠰᠤ 12309᠂ ᠤᠨᠳᠤᠤ ᠭᠠᠵᠠᠷ ᠲᠠᠬᠢ ᠪᠤᠯ ᠡᠮᠦᠨ᠎ᠡ ᠨᠢ ᠲᠤᠭᠤᠷᠢᠭ ᠤᠨ ᠳ᠋ᠤᠭᠠᠷ ᠢ ᠨᠡᠮᠡᠨ ᠤᠳᠠᠰᠤᠳᠠᠭᠠᠷᠠᠢ᠃
5. ᠰᠦᠯᠵᠢᠶᠠᠨ ᠤ ᠢᠮᠧᠯ᠄ esjcyb@163.com
ᠶᠢᠰᠦ᠂ ᠢᠯᠡᠴᠢᠯᠡᠨ ᠮᠡᠳᠡᠬᠦᠯᠦᠭᠴᠢ ᠳᠤ ᠠᠪᠬᠤ ᠬᠠᠮᠠᠭᠠᠯᠠᠯᠳᠠ
1. ᠠᠷᠠᠳ ᠤᠨ ᠪᠠᠶᠢᠴᠠᠭᠠᠬᠤ ᠬᠤᠷᠢᠶᠠᠨ ᠠᠴᠠ ᠢᠯᠡᠴᠢᠯᠡᠨ ᠮᠡᠳᠡᠬᠦᠯᠦᠭᠴᠢ ᠵᠢᠴᠢ ᠲᠡᠬᠦᠨ ᠤ ᠤᠢᠢᠷ᠎ᠠ ᠲᠦᠷᠦᠯ ᠰᠠᠳᠤᠨ ᠤ ᠠᠮᠤᠷ ᠲᠦᠪᠰᠢᠨ ᠢ ᠪᠠᠳᠤᠯᠠᠬᠤ ᠶᠤᠰᠤᠳᠠᠢ᠂ ᠬᠠᠤᠯᠢ ᠶᠤᠰᠤᠭᠠᠷ ᠬᠦᠮᠦᠨ ᠤ ᠪᠡᠶ᠎ᠡ ᠶᠢᠨ ᠡᠷᠭᠡ᠂ ᠠᠷᠠᠳᠴᠢᠯᠠᠯ ᠤᠨ ᠡᠷᠭᠡ ᠪᠠ ᠪᠤᠰᠤᠳ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠭᠡᠷᠡᠭᠳᠡᠢ᠃
2. ᠢᠯᠡᠴᠢᠯᠡᠨ ᠮᠡᠳᠡᠬᠦᠯᠦᠭᠴᠢ ᠶᠢᠨ ᠤᠪᠤᠭ ᠨᠡᠷ᠎ᠡ᠂ ᠠᠵᠢᠯᠯᠠᠵᠤ ᠪᠠᠶᠢᠭ᠎ᠠ ᠪᠠᠶᠢᠭᠤᠯᠭ᠎ᠠ ᠨᠢᠭᠡᠴᠢ᠂ ᠠᠶᠢᠯ ᠡᠷᠦᠭᠡ ᠶᠢᠨ ᠰᠠᠭᠤᠭ᠎ᠠ ᠭᠠᠵᠠᠷ ᠵᠡᠷᠭᠡ ᠪᠠᠶᠢᠳᠠᠯ ᠢ ᠡᠷᠡᠰ ᠴᠠᠭᠠᠵᠠᠯᠠᠨ᠎ᠠ︔ ᠢᠯᠡᠴᠢᠯᠡᠨ ᠮᠡᠳᠡᠬᠦᠯᠦᠭᠰᠡᠨ ᠮᠠᠲ᠋ᠧᠷᠢᠶᠠᠯ ᠪᠠ ᠢᠯᠡᠴᠢᠯᠡᠨ ᠮᠡᠳᠡᠬᠦᠯᠦᠭᠴᠢ ᠶᠢᠨ ᠬᠠᠮᠢᠶ᠎ᠠ ᠪᠦᠬᠦᠢ ᠪᠠᠶᠢᠳᠠᠯ ᠢ ᠢᠯᠡᠴᠢᠯᠡᠬᠦᠯᠦᠨ ᠮᠡᠳᠡᠬᠦᠯᠦᠭᠳᠡᠭᠰᠡᠨ ᠨᠢᠭᠡᠴᠢ ᠪᠠ ᠬᠤᠪᠢ ᠬᠦᠮᠦᠨ ᠳᠤ ᠵᠠᠳᠠᠷᠠᠭᠤᠯᠬᠤ ᠪᠤᠶᠤ ᠲᠠᠮᠵᠢᠭᠤᠯᠬᠤ ᠶᠢ ᠡᠷᠡᠰ ᠴᠠᠭᠠᠵᠠᠯᠠᠨ᠎ᠠ᠃
3. ᠪᠠᠶᠢᠳᠠᠯ ᠢ ᠪᠠᠶᠢᠴᠠᠭᠠᠨ ᠬᠠᠷᠭᠤᠭᠤᠯᠬᠤ ᠦᠶᠡᠰ᠂ ᠢᠯᠡᠴᠢᠯᠡᠨ ᠮᠡᠳᠡᠬᠦᠯᠦᠭᠰᠡᠨ ᠤᠭ ᠮᠠᠲ᠋ᠧᠷᠢᠶᠠᠯ ᠪᠤᠶᠤ ᠬᠠᠭᠤᠯᠪᠤᠷᠢ ᠮᠠᠲ᠋ᠧᠷᠢᠶᠠᠯ ᠢ ᠭᠠᠷᠭᠠᠵᠤ ᠪᠤᠯᠬᠤ ᠦᠭᠡᠢ᠂ ᠢᠯᠡᠴᠢᠯᠡᠨ ᠮᠡᠳᠡᠬᠦᠯᠦᠭᠴᠢ ᠶᠢ ᠯᠡᠪᠡᠷᠡᠬᠦᠯᠵᠦ ᠪᠤᠯᠬᠤ ᠦᠭᠡᠢ︔ ᠨᠡᠷ᠎ᠡ ᠦᠭᠡᠢ ᠵᠠᠬᠢᠳᠠᠯ ᠢ ᠲᠤᠷᠰᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠦᠭᠡᠢ ᠪᠤᠯ ᠲᠡᠮᠳᠡᠭᠯᠡᠯ ᠢ ᠰᠢᠯᠭᠠᠨ ᠲᠤᠭᠳᠠᠭᠠᠬᠤ ᠶᠢ ᠵᠦᠪᠰᠢᠶᠡᠷᠡᠬᠦ ᠦᠭᠡᠢ᠃
4. ᠲᠤᠰ ᠬᠦᠮᠦᠨ ᠤ ᠬᠢᠨᠢ ᠵᠦᠪᠰᠢᠶᠡᠷᠡᠯ ᠦᠭᠡᠢ ᠪᠠᠷ ᠭᠠᠪᠢᠶ᠎ᠠ ᠲᠠᠢ ᠢᠯᠡᠴᠢᠯᠡᠨ ᠮᠡᠳᠡᠬᠦᠯᠦᠭᠴᠢᠳ ᠢ ᠤᠬᠠᠭᠤᠯᠤᠨ ᠰᠤᠷᠳᠠᠯᠴᠢᠯᠠᠬᠤ ᠪᠠ ᠱᠠᠩᠨᠠᠨ ᠬᠦᠬᠢᠬᠦᠯᠬᠦ ᠳᠤ ᠲᠡᠬᠦᠨ ᠤ ᠤᠪᠤᠭ ᠨᠡᠷ᠎ᠡ᠂ ᠠᠵᠢᠯᠯᠠᠵᠤ ᠪᠠᠶᠢᠭ᠎ᠠ ᠨᠢᠭᠡᠴᠢ ᠶᠢ ᠨᠡᠶᠢᠳᠡᠯᠡᠵᠦ ᠪᠤᠯᠬᠤ ᠦᠭᠡᠢ᠃
5. ᠢᠯᠡᠴᠢᠯᠡᠨ ᠮᠡᠳᠡᠬᠦᠯᠦᠭᠴᠢᠳ ᠲᠤ ᠴᠤᠬᠢᠯᠳᠠ ᠦᠭᠴᠦ ᠬᠠᠷᠢᠭᠤ ᠠᠪᠤᠭᠰᠠᠳ ᠲᠤ ᠭᠡᠷᠪᠡ ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠡᠷᠭᠡ ᠲᠤᠰᠢᠶᠠᠯ ᠢᠶᠠᠨ ᠲᠤᠷ᠎ᠠ ᠪᠠᠷ ᠢᠶᠠᠨ ᠭᠡᠷᠡᠭᠯᠡᠭᠰᠡᠨ᠂ ᠠᠯᠪᠠᠨ ᠤ ᠨᠠᠷ᠎ᠡ ᠪᠠᠷ ᠠᠮᠢ ᠪᠠᠨ ᠪᠤᠷᠤᠯᠠᠭᠤᠯᠤᠭᠰᠠᠨ ᠳᠤ ᠬᠠᠷᠢᠶᠠᠯᠠᠭᠳᠠᠪᠠᠯ᠂ ᠢᠯᠡᠴᠢᠯᠡᠨ ᠮᠡᠳᠡᠬᠦᠯᠦᠭᠰᠡᠳ ᠠᠴᠠ ᠦᠰᠢᠶ᠎ᠡ ᠠᠪᠴᠤ ᠬᠦᠵᠢᠷᠯᠡᠨ ᠬᠤᠤᠷᠯᠠᠭᠠᠳ ᠶᠠᠯ᠎ᠠ ᠬᠢᠭᠰᠡᠨ ᠳᠤ ᠲᠤᠭᠠᠴᠢᠭᠳᠠᠪᠠᠯ᠂ ᠬᠠᠤᠯᠢ ᠶᠤᠰᠤᠭᠠᠷ ᠭᠡᠷᠡᠭ ᠪᠤᠯᠭᠠᠨ ᠲᠤᠷᠰᠢᠨ ᠪᠠᠶᠢᠴᠠᠭᠠᠵᠤ ᠬᠠᠷᠢᠭᠤᠴᠠᠯᠭᠠᠳᠤ ᠬᠦᠮᠦᠨ ᠠᠴᠠ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠬᠦ ᠶᠤᠰᠤᠳᠠᠢ᠃ ᠭᠡᠷᠪᠡ ᠢᠯᠡᠴᠢᠯᠡᠨ ᠮᠡᠳᠡᠬᠦᠯᠦᠭᠰᠡᠳ ᠲᠤ ᠴᠤᠬᠢᠯᠳᠠ ᠦᠭᠴᠦ ᠬᠠᠷᠢᠭᠤ ᠠᠪᠤᠭᠠᠳ ᠶᠠᠯ᠎ᠠ ᠬᠢᠭᠰᠡᠨ ᠳᠤ ᠦᠯᠦ ᠲᠤᠭᠠᠴᠢᠭᠳᠠᠪᠠᠯ᠂ ᠡᠷᠬᠢᠯᠡᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠲᠤ ᠰᠢᠯᠵᠢᠬᠦᠯᠦᠨ ᠰᠢᠢᠳᠪᠦᠷᠢᠯᠡᠬᠦᠯᠬᠦ ᠶᠤᠰᠤᠳᠠᠢ᠃
ᠠᠷᠪᠠ᠂ ᠢᠯᠡᠴᠢᠯᠡᠨ ᠮᠡᠳᠡᠬᠦᠯᠦᠭᠴᠢᠳ ᠲᠤ ᠱᠠᠩᠨᠠᠯ ᠤᠯᠭᠤᠬᠤ ᠢᠯᠡᠴᠢᠯᠡᠬᠦᠯᠦᠨ ᠮᠡᠳᠡᠬᠦᠯᠦᠭᠳᠡᠭᠰᠡᠳ ᠬᠠᠤᠯᠢ ᠶᠤᠰᠤᠭᠠᠷ ᠨᠡᠭᠡᠷᠡᠨ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠭᠳᠡᠪᠡᠯ᠂ ᠠᠷᠠᠳ ᠤᠨ ᠪᠠᠶᠢᠴᠠᠭᠠᠬᠤ ᠬᠤᠷᠢᠶᠠᠨ ᠠᠴᠠ ᠢᠯᠡᠴᠢᠯᠡᠨ ᠮᠡᠳᠡᠬᠦᠯᠦᠭᠴᠢᠳ ᠲᠤ ᠵᠤᠬᠢᠬᠤ ᠭᠡᠮᠵᠢᠶᠡᠨ ᠤ ᠡᠳ᠋ ᠪᠤᠳᠠᠰ ᠤᠨ ᠱᠠᠩᠨᠠᠯ ᠤᠯᠭᠤᠨ᠎ᠠ᠃
ᠠᠷᠪᠠᠨ ᠨᠢᠭᠡ᠂ ᠢᠯᠡᠴᠢᠯᠡᠨ ᠮᠡᠳᠡᠬᠦᠯᠦᠯ ᠤᠨ ᠰᠢᠢᠳᠪᠦᠷᠢᠯᠡᠯᠳᠡ
ᠪᠠᠶᠢᠴᠠᠭᠠᠬᠤ ᠬᠤᠷᠢᠶᠠᠨ ᠠᠴᠠ ᠢᠯᠡᠴᠢᠯᠡᠨ ᠮᠡᠳᠡᠬᠦᠯᠦᠭᠰᠡᠨ ᠮᠡᠲ᠋ᠧᠷᠢᠶᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠪᠠᠶᠢᠴᠠᠭᠠᠬᠤ ᠪᠠᠶᠢᠭᠤᠯᠭ᠎ᠠ ᠳᠤ ᠬᠠᠷᠢᠶᠠᠯᠠᠭᠳᠠᠬᠤ ᠰᠦᠪᠡᠭᠴᠢ ᠶᠢ ᠬᠠᠤᠯᠢ ᠶᠤᠰᠤᠭᠠᠷ ᠬᠦᠯᠢᠶᠡᠨ ᠠᠪᠬᠤ ᠶᠢᠨ ᠬᠠᠮᠳᠤ ᠬᠠᠷᠭᠤᠭᠤᠯᠤᠨ ᠪᠠᠶᠢᠴᠠᠭᠠᠬᠤ ᠭᠡᠷᠡᠭᠳᠡᠢ᠃ ᠪᠠᠶᠢᠴᠠᠭᠠᠬᠤ ᠪᠠᠶᠢᠭᠤᠯᠭ᠎ᠠ ᠳᠤ ᠦᠯᠦ ᠬᠠᠷᠢᠶᠠᠯᠠᠭᠳᠠᠬᠤ ᠰᠦᠪᠡᠭᠴᠢ ᠶᠢ ᠰᠢᠯᠵᠢᠬᠦᠯᠦᠨ ᠬᠦᠷᠭᠡᠵᠦ᠂ ᠠᠭᠤᠯᠭ᠎ᠠ ᠨᠢ ᠲᠤᠳᠤᠷᠬᠠᠢ ᠦᠭᠡᠢ ᠪᠠ ᠪᠠᠶᠢᠴᠠᠭᠠᠨ ᠰᠢᠢᠳᠪᠦᠷᠢᠯᠡᠬᠦ ᠨᠦᠬᠦᠴᠡᠯ ᠳᠤ ᠬᠦᠷᠬᠦ ᠦᠭᠡᠢ ᠰᠦᠪᠡᠭᠴᠢ ᠶᠢ ᠪᠠᠶᠢᠴᠠᠭᠠᠬᠤ ᠪᠠᠷ ᠦᠯᠡᠳᠡᠭᠡᠨ ᠠᠪᠬᠤ ᠪᠠᠷ ᠰᠢᠢᠳᠪᠦᠷᠢᠯᠡᠨ᠎ᠡ᠃
ᠥᠪᠦᠷ ᠮᠤᠩᠭᠤᠯ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠢᠯᠡᠴᠢᠯᠡᠨ ᠮᠡᠳᠡᠬᠦᠯᠬᠦ ᠲᠦᠪ ᠤᠨ ᠬᠠᠶ᠋ᠢᠭ᠂ ᠢᠯᠡᠴᠢᠯᠡᠨ ᠮᠡᠳᠡᠬᠦᠯᠬᠦ ᠤᠳᠠᠰᠤ᠄
ᠬᠥᠬᠡᠬᠤᠲᠠ ᠶᠢᠨ ᠶᠡᠭᠡ ᠰᠤᠷᠭᠠᠭᠤᠯᠢ ᠶᠢᠨ ᠵᠡᠭᠦᠨ ᠵᠡᠭᠡᠯᠢ ᠶᠢᠨ 61 ᠳ᠋ᠤᠭᠠᠷ ᠨᠤᠮᠧᠷ᠂ ᠢᠯᠡᠴᠢᠯᠡᠨ ᠮᠡᠳᠡᠬᠦᠯᠬᠦ ᠤᠳᠠᠰᠤ᠄ 12309᠃