ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠰᠢᠯᠵᠢᠮᠡᠯ ᠬᠤᠯᠪᠤᠭᠠᠨ ᠤ ᠺᠤᠮᠫᠠᠨᠢ ᠳᠤ ᠬᠦᠷᠴᠦ ᠲᠤᠰᠢᠶᠠᠯ ᠤᠨ ᠶᠠᠯᠠᠲᠦ ᠬᠡᠷᠡᠭ ᠢ ᠤᠷᠢᠳᠴᠢᠯᠡᠨ ᠰᠡᠷᠭᠡᠶᠢᠯᠡᠭᠦ ᠶᠢ ᠤᠬᠠᠭᠤᠯᠪᠠ

2016-07-06 17:12:10
ᠵᠣᠬᠢᠶᠠᠭᠴᠢ
ᠶᠢᠨ ᠶᠢᠨ ᠫᠢᠩ

    ᠤᠷᠴᠢᠮ ᠤᠨ ᠡᠳᠤᠷ᠂ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠲᠤᠰᠢᠶᠠᠯ ᠤᠨ ᠶᠠᠯ᠎ᠠ ᠬᠢᠬᠦ ᠶᠢ ᠤᠷᠢᠳᠴᠢᠯᠠᠨ ᠰᠠᠷᠭᠡᠶᠢᠯᠡᠭᠦ ᠰᠠᠯᠠᠭᠠᠨ ᠠᠴᠠ ᠲᠤᠰ ᠬᠤᠰᠢᠭᠤᠨ ᠤ ᠰᠢᠯᠵᠢᠮᠡᠯ ᠬᠤᠯᠪᠤᠭᠠᠨ ᠤ ᠺᠤᠮᠫᠠᠨᠢ  ᠶᠢᠨ 40 ᠭᠠᠷᠤᠢ  ᠠᠵᠢᠯᠲᠠᠨ  ᠢ ᠵᠣᠬᠢᠶᠠᠨ ᠪᠠᠶᠢᠭᠤᠯᠵᠤ ᠰᠡᠷᠡᠮᠵᠢ ᠬᠦᠮᠦᠵᠢᠯ ᠤᠨ ᠰᠠᠭᠤᠷᠢᠨ ᠭᠠᠵᠠᠷ ᠢ ᠲᠤᠭᠤᠷᠢᠨ ᠦᠵᠡᠭᠦᠯᠦᠭᠰᠡᠨ ᠪᠠᠶᠢᠨ᠎ᠡ᠃

   ᠰᠢᠯᠵᠢᠮᠡᠯ ᠬᠤᠯᠪᠤᠭᠠᠨ ᠤ ᠺᠤᠮᠫᠠᠨᠢ ᠶᠢᠨ ᠠᠵᠢᠯᠳᠡᠨ ᠨᠢ ᠪᠠᠶᠢᠴᠠᠭᠠᠬᠤ ᠬᠤᠷᠢᠶᠠᠨ ᠤ ᠲᠠᠶᠢᠯᠪᠤᠷᠢᠯᠠᠭᠴᠢ ᠶᠢᠨ ᠲᠠᠶᠢᠯᠪᠤᠷᠢᠯᠠᠭ᠎ᠠ ᠲᠤᠤᠷ᠎ᠠ᠂  ᠰᠢᠳᠭᠡᠯ ᠤᠨ ᠤᠷᠳᠦ ᠬᠤᠩᠬᠢᠯ᠂  ᠢᠯᠵᠠᠷᠠᠯ ᠢ ᠡᠰᠡᠷᠭᠦᠴᠡᠭᠦ ᠵᠢᠱᠢᠶ᠎ᠡ ᠦᠵᠡᠭᠦᠯᠬᠦ ᠲᠢᠩᠭᠢᠮ᠂ ᠬᠡᠮᠰᠢᠯ ᠤᠨ ᠤᠷᠤᠨ᠂ ᠤᠯᠠᠨ ᠵᠠᠭᠤᠴᠢᠳᠦ ᠠᠴᠢᠶᠠᠯᠠᠪᠤᠷᠢ ᠶᠢᠨ ᠤᠶᠢᠯᠡᠳᠤᠯᠴᠡᠭᠡᠨ ᠤ ᠤᠷᠤᠨ ᠵᠡᠷᠭᠡ ᠶᠢ ᠲᠤᠭᠤᠷᠢᠨ ᠦᠵᠡᠵᠦ᠂ ᠲᠤᠭᠤᠷᠢᠨ ᠦᠵᠡᠭᠦᠯᠬᠦ ᠶᠠᠪᠤᠴᠡ ᠳᠤᠮᠳᠠ᠂  ᠲᠠᠶᠢᠯᠪᠤᠷᠢᠯᠠᠭᠴᠢ ᠠᠴᠠ ᠠᠵᠦ ᠠᠬᠤᠶᠢᠯᠡᠯ ᠤᠨ ᠶᠠᠯ᠎ᠡ ᠬᠢᠬᠦ ᠤᠨᠴᠠᠯᠢᠭ ᠲᠠᠢ ᠤᠶᠠᠯᠳᠤᠭᠤᠯᠵᠦ᠂ ᠠᠵᠦ ᠠᠬᠤᠶᠢᠯᠠᠯ ᠤᠨ ᠶᠠᠯᠠᠲᠦ ᠬᠡᠷᠡᠭ ᠤᠨ ᠵᠢᠱᠢᠶ᠎ᠡ ᠶᠢ  ᠨᠠᠷᠢᠯᠢᠭ ᠲᠠᠶᠢᠯᠪᠤᠷᠢᠯᠠᠵᠦ᠂  ᠲᠡᠳᠡᠨᠠᠷ ᠲᠤ ᠨᠢᠭᠡᠨ ᠮᠠᠰᠢ ᠤᠳᠬ᠎ᠠ ᠠᠭᠤᠯᠭ᠎ᠠ ᠲᠠᠢ ᠰᠡᠷᠡᠮᠵᠢ ᠬᠦᠮᠤᠵᠢᠯ ᠤᠨ ᠤᠬᠠᠭᠤᠯᠬ᠎ᠠ ᠶᠢᠨ ᠬᠢᠴᠢᠶᠡᠯ ᠤᠷᠤᠪᠡ᠃

    ᠲᠤᠭᠤᠷᠢᠨ ᠦᠵᠡᠭᠰᠡᠨ ᠤ ᠲᠠᠷᠠᠭ᠎ᠠ᠂ ᠰᠢᠯᠵᠢᠮᠡᠯ ᠬᠤᠯᠪᠤᠭᠠᠨ ᠤ ᠠᠵᠢᠯᠳᠠᠨ ᠦᠪᠡᠷ ᠤᠨ ᠣᠯᠤᠯᠲᠠ ᠲᠦᠷᠦᠭᠳᠡᠯ ᠢᠶᠠᠨ ᠶᠠᠷᠢᠵᠣ᠂ ᠤᠨᠴᠠᠭᠠᠶᠢᠯᠠᠨ ᠱᠤᠷᠤᠩ ᠳᠤ ᠪᠡᠶᠢᠬᠤ ᠶᠠᠯᠠᠲᠠᠨ ᠤ ᠠᠮᠢᠳᠤᠷᠠᠯ ᠤᠨ ᠪᠠᠶᠢᠳᠠᠯ ᠢ ᠦᠵᠡᠭᠰᠡᠨ  ᠤ  ᠳᠠᠷᠠᠭ᠎ᠠ ᠡᠷᠬᠡ ᠴᠢᠯᠦᠭᠡᠨ ᠤ ᠬᠡᠴᠢᠨᠡᠨ ᠡᠷᠬᠢᠮ ᠨᠠᠨᠳᠢᠨ ᠭᠡᠰᠡᠨ ᠢ ᠤᠯᠡᠮ ᠨᠢᠭᠡ ᠠᠯᠬᠤᠮ ᠣᠶᠢᠯᠠᠭᠠᠨ ᠮᠡᠳᠡᠵᠦ᠂ ᠠᠷᠢᠭᠤᠨ ᠴᠢᠭᠡᠴᠢ ᠢᠶᠠᠷ ᠲᠤᠰᠢᠶᠠᠯ ᠢᠶᠠᠨ ᠭᠦᠢᠴᠠᠳᠭᠡᠵᠦ᠂ ᠠᠵᠢᠯ ᠤᠨ ᠪᠠᠶᠢᠷᠢ ᠪᠠᠨ ᠨᠠᠨᠳᠢᠩᠨᠠᠨ᠂ ᠲᠤᠰᠢᠶᠠᠯ ᠤᠨ ᠶᠠᠯᠠᠲᠦ ᠬᠡᠷᠡᠭ ᠠᠴᠠ ᠬᠤᠯᠡ ᠵᠠᠶᠢᠯᠠᠨ᠎ᠡ ᠭᠡᠵᠦ ᠢᠯᠡᠷᠬᠡᠶᠢᠯᠡᠭᠰᠡᠨ ᠪᠠᠶᠢᠨ᠎ᠡ᠃

2016612161650744.jpg

                                                                     

                                                                                                    


ᠢᠷᠡᠯᠲᠡ
ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro