ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠲᠠᠯ᠎ᠠ ᠨᠤᠳᠤᠭ ᠤᠨ ᠪᠠᠶᠢᠴᠠᠭᠠᠬᠤ ᠲᠤᠰᠢᠶᠠᠯᠲᠠᠨ ᠬᠢᠭᠡᠳ ᠮᠠᠯᠴᠢᠨ ᠲᠥᠮᠡᠨ ᠤ ᠤᠪᠤᠭᠠᠨ ᠲᠡᠭᠡᠷᠡᠬᠢ ᠠᠭᠤᠯᠵᠠᠯᠲᠠ

2016-07-06 17:19:22
ᠵᠣᠬᠢᠶᠠᠭᠴᠢ

    ᠨᠣᠮᠢᠨ ᠬᠤᠷ᠎ᠠ ᠪᠠᠷ ᠮᠢᠯᠢᠶᠠᠭᠳᠠᠭᠰᠠᠨ ᠳᠠᠷᠬᠠᠨ ᠤ ᠲᠠᠯ᠎ᠠ ᠨᠤᠳᠤᠭ ᠲᠤ ᠣᠪᠤᠭᠠᠨ ᠲᠠᠬᠢᠯᠭ᠎ᠠ ᠪᠤᠯᠵᠥ ᠶᠡᠬᠡᠯ᠎ᠡ ᠬᠦᠷ ᠬᠦᠭᠵᠢᠶᠡᠨ ᠪᠣᠯᠣᠯ᠎ᠠ᠃ ᠡᠭᠡ ᠪᠠᠶᠢᠭᠠᠯᠢ ᠪᠠᠨ ᠰᠥᠰᠤᠭ᠍ᠯᠡᠨ ᠪᠢᠰᠢᠷᠡᠵᠦ᠂ ᠳᠡᠭᠡᠳᠦᠯᠡᠨ ᠰᠢᠳᠦᠭᠰᠡᠭᠡᠷ ᠢᠷᠡᠭᠰᠡᠨ ᠮᠤᠩᠭᠤᠯ ᠲᠥᠮᠡᠨ ᠤ ᠥᠪᠡᠳᠡᠭᠰᠢ ᠬᠥᠳᠡᠯᠭᠡᠭᠡᠨ ᠡᠬᠢᠯᠡᠵᠥ ᠪᠠᠶᠢᠭ᠎ᠠ ᠨᠢ ᠡᠨᠡ ᠪᠢᠯᠡ᠃   ᠲᠤᠰ ᠳᠤᠬᠢᠶᠠᠯ ᠢ ᠠᠰᠢᠭᠯᠠᠨ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠲᠤᠰᠢᠶᠠᠯ ᠢᠶᠠᠨ ᠠᠰᠢᠭᠯᠠᠨ ᠶᠠᠯ᠎ᠠ ᠬᠢᠬᠦ ᠶᠢ ᠰᠡᠷᠬᠡᠶᠢᠯᠡᠬᠦ ᠰᠠᠯᠠᠭ᠎ᠠ ᠨᠢ ᠲᠤᠮᠢᠯᠠᠭᠰᠠᠨ ᠪᠠᠶᠢᠴᠠᠭᠠᠬᠤ ᠲᠠᠰᠤᠭ ᠲᠠᠢ ᠬᠠᠮᠳᠤᠷᠠᠯᠴᠠᠠ᠂ ᠮᠠᠯᠵᠢᠬᠤ ᠤᠷᠤᠨ ᠳᠤ ᠬᠥᠷᠴᠤ᠂ ᠤᠪᠤᠭᠠᠨ ᠤ ᠬᠠᠵᠠᠭᠤ ᠳᠤ ᠬᠠᠤᠯᠢ ᠴᠠᠭᠠᠵᠠ ᠶᠢᠨ ᠵᠥᠪᠯᠡᠯᠭᠡ ᠶᠢᠨ ᠲᠠᠶᠢᠰᠠ  ᠪᠣᠰᠬᠠᠵᠤ᠂ ᠮᠠᠯᠵᠢᠬᠤ ᠤᠷᠤᠨ ᠤ ᠺᠠᠳ᠋ᠷ ᠠᠵᠢᠯᠳᠠᠨ ᠳᠤ ᠵᠤᠷᠢᠭᠤᠯᠤᠭᠰᠠ ᠰᠡᠷᠡᠮᠵᠢᠭᠦᠯᠦᠯ ᠤᠨ ᠳᠡᠪᠳᠡᠷ᠂ ᠪᠠᠶᠢᠴᠠᠭᠠᠬᠤ ᠪᠠᠶᠢᠭᠤᠯᠭ᠎ᠠ ᠠᠴᠠ 《 ᠠᠷᠪᠠ ᠶᠢ  ᠪᠥᠷᠬᠦᠬᠦᠯᠬᠦ 》 ᠳᠤ ᠤᠶᠢᠯᠡᠴᠢᠯᠡᠬᠦ ᠤᠬᠠᠭᠤᠯᠭ᠎ᠠ ᠶᠢᠨ ᠬᠠᠭᠤᠳᠠᠰᠤ ᠵᠡᠷᠭᠡ 300 ᠭᠠᠷᠤᠢ ᠬᠤᠪᠢ ᠶᠢ ᠮᠠᠯᠴᠢᠨ ᠲᠥᠮᠡᠨ ᠳᠤ ᠲᠠᠷᠠᠬᠨ ᠥᠭᠴᠦ᠂ 32 ᠬᠥᠮᠥᠨ ᠤᠳᠠᠭ᠎ᠠ ᠶᠢᠨ ᠬᠠᠤᠯᠢ ᠴᠠᠭᠠᠵᠠ ᠶᠢᠨ ᠵᠥᠪᠯᠡᠯᠭᠡ ᠶᠢ ᠬᠥᠯᠢᠶᠡᠨ ᠠᠪᠴᠤ ᠬᠠᠤᠯᠢ ᠴᠠᠭᠠᠵᠠ ᠶᠢᠨ ᠮᠡᠳᠡᠯᠭᠡ ᠬᠢᠭᠡᠳ ᠬᠠᠤᠯᠢ ᠶᠢ ᠲᠠᠶᠢᠯᠪᠤᠷᠢᠯᠠᠵᠤ ᠶᠤᠰᠤ ᠶᠠᠷᠢᠨ ᠬᠠᠷᠢᠭᠤ ᠥᠭᠪᠡ᠃

    ᠲᠤᠰ ᠤᠳᠠᠭᠠᠨ ᠤ ᠬᠠᠤᠯᠢ ᠴᠠᠭᠠᠵᠠ ᠶᠢᠨ ᠤᠬᠠᠭᠤᠯᠤᠯ ᠢᠶᠠᠷ ᠳᠠᠮᠵᠢᠨ᠂ ᠪᠠᠶᠢᠴᠠᠭᠠᠬᠤ ᠠᠵᠢᠯᠲᠠᠨ ᠮᠠᠯᠴᠢᠨ ᠲᠥᠮᠡᠨ ᠲᠠᠢ ᠤᠯᠠᠮ ᠨᠢᠭᠡ ᠠᠯᠬᠤᠮ ᠣᠶᠢᠷᠠᠲᠤᠨ᠂ ᠮᠠᠯᠴᠢᠨ ᠲᠥᠮᠡᠨ ᠤ ᠢᠳᠡᠬᠡᠯ ᠢ ᠤᠯᠵᠥ᠂ ᠪᠠᠶᠢᠴᠠᠭᠠᠬᠤ ᠠᠵᠢᠯᠲᠠᠨ ᠤ ᠠᠷᠠᠳ ᠲᠦᠮᠡᠨ ᠤ ᠲᠥᠯᠥᠭᠡ ᠬᠠᠤᠯᠢ ᠪᠠᠷᠢᠵᠣ ᠪᠠᠶᠢᠭ᠎ᠠ ᠶᠢ ᠠᠮᠢᠳᠤᠯᠢᠭ ᠮᠥᠷᠳᠡᠭᠡᠨ ᠪᠤᠳᠠᠳᠤ ᠶᠠᠪᠤᠳᠠᠯ ᠢᠶᠠᠷ ᠬᠠᠷᠠᠭᠤᠯᠤᠭᠰᠠᠨ ᠪᠠᠶᠢᠨ᠎ᠠ᠃ 

  


ᠢᠷᠡᠯᠲᠡ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro