ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠮᠠ ᠶᠥᠩ ᠱᠧᠩ ᠪᠠᠶᠢᠴᠠᠭᠠᠬᠤ ᠳᠠᠷᠤᠭ᠎ᠠ ᠵᠡᠷᠭᠡ ᠬᠦᠮᠦᠰ ᠬᠢᠩᠭᠠᠨ ᠠᠶᠢᠮᠠᠭ ᠲᠤ ᠬᠦᠷᠴᠦ ᠪᠠᠶᠢᠴᠠᠭᠠᠨ ᠰᠤᠳᠤᠯᠵᠤ ᠠᠵᠢᠯ ᠵᠢᠯᠤᠭᠤᠳᠪᠠ

2016-07-25 09:48:44
ᠵᠣᠬᠢᠶᠠᠭᠴᠢ
ᠡᠷᠭᠡ

    7 ᠰᠠᠷ᠎ᠠ ᠶᠢᠨ 12 ᠠᠴᠠ 13 ᠤ ᠡᠳᠤᠷ᠂ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠮᠠ ᠶᠥᠩ ᠱᠧᠩ ᠵᠡᠷᠭᠡ ᠬᠦᠮᠦᠰ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠬᠦᠷᠴᠦ ᠶᠠᠳᠠᠭᠤ ᠶᠢ ᠳᠡᠳᠭᠦᠬᠦ ᠠᠵᠢᠯ ᠢ ᠪᠠᠶᠢᠴᠠᠭᠠᠨ ᠰᠤᠳᠤᠯᠵᠤ᠂  ᠬᠤᠷᠴᠢᠨ ᠪᠠᠷᠠᠭᠤᠨ ᠭᠠᠷᠤᠨ ᠳᠤᠮᠳᠠᠳᠤ  ᠬᠤᠰᠢᠭᠤᠨ ᠤ ᠪᠠᠶᠢᠴᠠᠭᠠᠬᠤ ᠬᠤᠷᠢᠶ᠎ᠠ᠂ ᠲᠦᠴᠢᠤᠸᠠᠨ ᠰᠢᠶᠠᠨ ᠤ ᠪᠠᠶᠢᠴᠠᠭᠠᠬᠤ ᠬᠤᠷᠢᠶᠠᠨ ᠳᠤ ᠭᠦᠨᠵᠡᠭᠡᠶᠢᠷᠡᠨ ᠪᠠᠶᠢᠴᠠᠭᠠᠬᠤ ᠠᠵᠢᠯ ᠢ ᠪᠠᠶᠢᠴᠠᠭᠠᠨ ᠰᠤᠳᠤᠯᠵᠤ ᠵᠢᠯᠤᠭᠤᠳᠪᠠ᠃ ᠬᠢᠩᠭᠠᠨ ᠠᠶᠢᠮᠠᠭ ᠤᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠠᠶᠢᠮᠠᠭ ᠤᠨ ᠳᠠᠷᠤᠭ᠎ᠠ ᠬᠠᠨ ᠰᠢᠶᠠᠨ ᠵᠢᠶᠦ᠋ᠨ᠂ ᠬᠢᠩᠭᠠᠨ ᠠᠶᠢᠮᠠᠭ ᠤᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠥᠯᠢ ᠴᠠᠭᠠᠵᠠ ᠶᠢᠨ ᠬᠤᠷᠢᠶᠠᠨ ᠤ ᠱᠦᠵᠢ ᠯᠢᠦ ᠽᠢ ᠴᠢᠶᠠᠩ᠂  ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠬᠠᠨ ᠢᠦᠢ ᠪᠠᠷ᠎ᠠ ᠪᠤᠯᠤᠨ ᠪᠠᠶᠢᠴᠠᠭᠠᠨ ᠰᠤᠳᠤᠯᠪᠠ᠃

xam.jpg

    7 ᠰᠠᠷ᠎ᠠ ᠶᠢᠨ 12 ᠤ ᠡᠳᠤᠷ ᠤᠨ ᠦᠳᠡ ᠶᠢᠨ ᠬᠤᠶᠢᠨ᠎ᠠ᠂ ᠮᠠ ᠶᠥᠩ ᠱᠧᠩ ᠪᠠᠶᠢᠴᠠᠭᠠᠬᠤ  ᠳᠠᠷᠤᠭ᠎ᠠ ᠵᠡᠷᠭᠡ ᠬᠦᠮᠦᠰ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ  ᠬᠠᠪᠰᠤᠷᠤᠨ ᠲᠤᠰᠠᠯᠠᠬᠤ  ᠴᠢᠭ ᠵᠠᠯᠠᠶᠢᠳ ᠬᠤᠰᠢᠭᠤᠨ ᠤ ᠠᠷᠪᠠᠨ ᠭᠡᠷ ᠪᠠᠯᠭᠠᠰᠤ ᠶᠢᠨ ᠪᠠᠶᠠᠨ ᠲᠤᠬᠤᠢ ᠭᠠᠴᠠᠭ᠎ᠠ ᠳᠤ ᠬᠦᠷᠴᠦ  ᠪᠠᠶᠢᠴᠠᠭᠠᠪᠠ᠃

zaq.png


7 ᠰᠠᠷ᠎ᠠ ᠶᠢᠨ 13 ᠤ ᠡᠳᠤᠷ ᠤᠨ ᠦᠳᠡ ᠶᠢᠨ ᠡᠮᠤᠨ᠎ᠡ᠂ ᠮᠠ ᠶᠥᠩ ᠱᠧᠩ  ᠪᠠᠶᠢᠴᠠᠭᠠᠬᠤ ᠳᠠᠷᠤᠭ᠎ᠠ ᠵᠡᠷᠭᠡ ᠬᠦᠮᠦᠰ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶᠠᠨ ᠳᠤ ᠬᠦᠷᠴᠦ ᠪᠠᠶᠢᠴᠠᠭᠠᠨ ᠰᠤᠳᠤᠯᠪᠠ᠃

     

7 ᠰᠠᠷ᠎ᠠ ᠶᠢᠨ 13 ᠤ ᠡᠳᠤᠷ ᠤᠨ ᠦᠳᠡ ᠶᠢᠨ ᠬᠤᠶᠢᠨ᠎ᠠ᠂ ᠮᠠ ᠶᠥᠩ ᠱᠧᠩ  ᠪᠠᠶᠢᠴᠠᠭᠠᠬᠤ  ᠳᠠᠷᠤᠭ᠎ᠠ ᠵᠡᠷᠭᠡ ᠬᠦᠮᠦᠰ ᠲᠦᠴᠢᠤᠸᠠᠨ ᠰᠢᠶᠠᠨ ᠤ ᠪᠠᠶᠢᠴᠠᠭᠠᠬᠤ ᠬᠤᠷᠢᠶᠠᠨ ᠳᠤ ᠬᠦᠷᠴᠦ ᠪᠠᠶᠢᠴᠠᠭᠠᠨ ᠰᠤᠳᠤᠯᠪᠠ᠃

tq.jpg


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro