ᠮᠠ ᠶᠥᠩ ᠱᠧᠩ ᠪᠠᠶᠢᠴᠠᠭᠠᠬᠤ ᠲᠠᠷᠤᠭ᠎ᠠ ᠱᠠᠩᠳᠤ ᠰᠢᠶᠠᠨ ᠳᠤ ᠬᠦᠷᠴᠦ ᠪᠠᠶᠢᠴᠠᠭᠠᠨ ᠰᠣᠳᠤᠯᠤᠯᠲᠠ ᠬᠢᠪᠡ
7 ᠰᠠᠷ᠎ᠠ ᠶᠢᠨ 8 ᠤ ᠡᠳᠤᠷ᠂ ᠥᠪᠤᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠮᠠ ᠶᠥᠩ ᠱᠧᠩ ᠱᠠᠩᠳᠦ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠵᠠᠩ ᠴᠧᠨ᠂ ᠤᠯᠠᠭᠠᠨᠴᠠᠪ ᠬᠤᠲᠠ ᠶᠢᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠰᠦᠨ ᠵᠢᠶᠠᠨ ᠮᠢᠨ ᠤ ᠪᠠᠷᠠᠲᠠᠯᠭᠠ ᠳᠤᠤᠷ᠎ᠠ᠂ ᠮᠠ ᠶᠥᠩ ᠱᠧᠩ ᠪᠠᠶᠢᠴᠠᠭᠠᠬᠤ ᠳᠠᠷᠤᠭ᠎ᠠ ᠱᠠᠩᠳᠦ ᠰᠢᠶᠠᠨ ᠤ 《 ᠠᠷᠪᠠ ᠶᠢ ᠪᠦᠷᠬᠦᠭᠦᠯᠬᠦ 》 ᠬᠤᠯᠪᠤᠭᠳᠠᠯ ᠪᠦᠬᠦᠢ ᠢᠨᠵᠧᠨᠧᠷᠢᠩ ᠵᠢᠴᠢ ᠱᠠᠩᠳᠤ ᠰᠢᠶᠠᠨ ᠤ ᠪᠠᠶᠢᠴᠠᠭᠠᠬᠤ ᠬᠤᠷᠢᠶᠠᠨ ᠤ 《 ᠬᠤᠶᠠᠷ ᠭᠡᠷ 》 ᠤᠨ ᠪᠦᠳᠦᠭᠡᠨ ᠪᠠᠶᠢᠭᠤᠯᠤᠯᠲᠠ ᠤᠨ ᠲᠦᠷᠦᠯ ᠵᠤᠶᠢᠯ ᠢ ᠲᠤᠭᠤᠷᠢᠨ ᠦᠵᠡᠵᠦ᠂ ᠰᠠᠭᠤᠳᠠᠯ ᠤᠨ ᠬᠤᠷᠠᠯ ᠬᠢᠵᠦ ᠤᠯᠠᠭᠠᠨᠴᠠᠪ ᠬᠤᠲᠠ ᠶᠢᠨ ᠪᠠᠶᠢᠴᠠᠭᠠᠬᠤ ᠬᠤᠷᠢᠶ᠎ᠠ᠂ ᠱᠠᠩᠳᠦ ᠰᠢᠶᠠᠨ ᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠤᠯᠲᠡ ᠶᠢ ᠰᠤᠨᠤᠰᠪᠠ᠃
ᠮᠠ ᠶᠥᠩ ᠱᠧᠩ ᠪᠠᠶᠢᠴᠠᠭᠠᠬᠤ ᠳᠠᠷᠤᠭ᠎ᠠ ᠤᠯᠠᠭᠠᠨᠴᠠᠪ ᠬᠤᠲᠠ ᠶᠢᠨ ᠬᠤᠶᠠᠷ ᠱᠠᠲᠤᠨ ᠤ ᠪᠠᠶᠢᠴᠠᠭᠠᠬᠤ ᠬᠤᠷᠢᠶᠠᠨ ᠤ ᠠᠵᠢᠯ ᠢ ᠭᠦᠢᠴᠡᠳ ᠨᠤᠲᠠᠯᠠᠵᠤ᠂ ᠤᠯᠠᠭᠠᠨᠴᠠᠪ ᠬᠤᠲᠠ ᠶᠢᠨ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠴᠠᠭᠠᠬᠤ ᠬᠤᠷᠢᠶᠠᠨ ᠤ ᠠᠵᠢᠯ ᠢ ᠬᠦᠨᠳᠦᠳᠭᠡᠨ ᠦᠵᠡᠵᠦ᠂ ᠳᠡᠳᠭᠦᠨ ᠳᠡᠮᠵᠢᠭᠰᠡᠨ ᠳᠤ ᠲᠠᠯᠠᠷᠬᠠᠯ ᠢᠶᠠᠨ ᠢᠯᠡᠳᠭᠡᠵᠡᠢ᠃