ᠬᠤᠣᠷ ᠫᠠᠨᠽᠠᠯᠠᠨ ᠬᠤᠳᠠᠯᠳᠣᠭᠰᠠᠨ ᠠᠴᠠ ᠬᠠᠣᠯᠢ ᠶᠣᠰᠣᠭᠠᠷ ᠪᠠᠷᠢᠪᠴᠢᠯᠠᠭᠳᠠᠪᠠ
ᠶᠠᠯ᠎ᠠ ᠬᠢᠭᠰᠡᠨ ᠰᠡᠵᠢᠭᠳᠡᠨ ᠳ᠋ᠠᠨᠽᠠᠨ᠂ ᠪᠠᠭᠠᠷᠢᠨ ᠪᠠᠷᠠᠭᠤᠨ ᠬᠤᠰᠢᠭᠤᠨ ᠤ ᠰᠢᠷᠠᠮᠦ᠋ᠷᠡᠨ ᠰᠣᠮᠦ ᠶᠢᠨ ᠬᠦᠮᠦᠨ ᠃ ᠮᠣᠩᠭᠤᠯ ᠦᠨᠳᠦᠰᠦᠳᠠᠨ ᠂ ᠲᠡᠭᠡᠳᠦ ᠲᠣᠮᠳᠠᠳᠦ ᠶᠢᠨ ᠰᠣᠶᠣᠯ ᠤᠨ ᠬᠡᠮᠵᠢᠶ᠎ᠠ ᠲᠠᠢ᠂ ᠮᠠᠯᠴᠢᠨ᠃
ᠳ᠋ᠠᠨᠽᠠᠨ 2016 ᠣᠨ ᠤ 5 ᠰᠠᠷ᠎ᠠ ᠶᠢᠨ 12 ᠤ ᠡᠳᠦᠷ ᠪᠠᠭᠠᠷᠢᠨ ᠪᠠᠷᠠᠭᠤᠨ ᠬᠤᠰᠢᠭᠤᠨ ᠤ ᠲᠣᠳᠦᠭᠠᠳᠦ ᠶᠢ ᠬᠠᠮᠠᠭᠠᠯᠠᠬᠤ ᠲᠣᠪᠴᠢᠶ᠎ᠠ ᠳᠤ ᠬᠤᠣᠷ ᠫᠠᠨᠽᠠᠯᠠᠨ ᠬᠤᠳᠠᠯᠳᠣᠭᠰᠠᠨ ᠶᠠᠯ᠎ᠠ ᠪᠠᠷ ᠰᠡᠵᠢᠭᠯᠡᠭᠳᠠᠵᠦ ᠪᠠᠭᠠᠷᠢᠨ ᠪᠠᠷᠠᠭᠤᠨ ᠬᠤᠰᠢᠭᠤᠨ ᠤ ᠬᠤᠷᠢᠭᠤᠯ ᠤᠨ ᠭᠠᠵᠠᠷ ᠲᠤ ᠲᠦᠷ ᠬᠤᠷᠢᠭᠳᠠᠪᠠ᠃
ᠪᠠᠶᠢᠴᠠᠭᠠᠨ ᠲᠣᠳᠣᠯᠠᠭᠰᠠᠨ ᠪᠠᠷ ᠶᠠᠯ᠎ᠠ ᠬᠢᠭᠰᠡᠨ ᠰᠡᠵᠢᠭᠳᠡᠨ ᠳ᠋ᠠᠨᠽᠠᠨ 2015 ᠣᠨ ᠤ 10 ᠰᠠᠷ᠎ᠠ ᠳᠤ ᠭᠠᠳᠠᠷ ᠣᠷᠣᠨ ᠠᠴᠠ 6 ᠭᠷᠠᠮ ᠮᠦᠰᠦᠨ ᠬᠤᠣᠷ ᠬᠤᠳᠠᠯᠳᠦᠨ ᠠᠪᠣᠭᠰᠠᠨ ᠤ ᠲᠠᠷᠠᠭ᠎ᠠ 2 ᠭᠷᠠᠮ ᠢ ᠨᠢ ᠭᠷᠠᠮ ᠪᠦᠷᠢ ᠳᠡᠭᠡᠨ 700 ᠲᠦᠭᠦᠷᠢᠭ ᠢᠶᠠᠷ ᠬᠤᠣᠷ ᠲᠠᠳᠠᠭᠴᠢ ᠰᠠᠩᠪᠤᠤ ᠪᠠ ᠯᠢᠶᠠᠩ ᠣᠪᠣᠭᠳᠦ ᠳᠤ ᠬᠤᠳᠠᠯᠳᠦᠨ ᠦᠭᠴᠦ᠂ 2016 ᠣᠨ ᠤ 5 ᠰᠠᠷ᠎ᠠ ᠳᠤ ᠴᠢᠯᠣᠭᠡᠨ ᠤ ᠬᠤᠭᠤᠴᠠᠭ᠎ᠠ ᠪᠠᠷ ᠭᠠᠳᠠᠷ ᠣᠷᠣᠨ ᠠᠴᠠ 8 ᠭᠷᠠᠮ ᠮᠦᠰᠦᠨ ᠬᠤᠣᠷ ᠬᠤᠳᠠᠯᠳᠦᠨ ᠠᠪᠴᠢᠷᠠᠵᠦ ᠭᠷᠠᠮ ᠪᠦᠷᠢ ᠳᠡᠭᠡᠨ 700 ᠲᠦᠭᠦᠷᠢᠭ ᠢᠶᠠᠷ ᠬᠤᠣᠷ ᠲᠠᠳᠠᠭᠴᠢ ᠴᠧᠨ ᠣᠪᠤᠭᠲᠦ ᠳᠤ 3 ᠭᠷᠠᠮ ᠬᠤᠳᠠᠯᠳᠦᠨ ᠦᠭᠴᠦ᠂ 800 ᠲᠦᠭᠦᠷᠢᠭ ᠢᠶᠠᠷ ᠬᠤᠣᠷ ᠲᠠᠳᠠᠭᠴᠢ ᠴᠢ ᠣᠪᠣᠭᠳᠦ ᠳᠤ 2 ᠭᠷᠠᠮ ᠬᠤᠳᠠᠯᠳᠦᠨ ᠦᠭᠪᠡ᠃ ᠶᠠᠯ᠎ᠠ ᠬᠢᠭᠰᠡᠨ ᠰᠡᠵᠢᠭᠳᠡᠨ ᠳ᠋ᠠᠨᠽᠠᠨ ᠲᠣᠮᠳᠠ ᠠᠴᠠ ᠨᠢ ᠬᠠᠣᠯᠢ ᠪᠣᠰᠦ ᠣᠷᠣᠯᠭ᠎ᠠ ᠣᠯᠪᠠ᠃
ᠶᠠᠯ᠎ᠠ ᠬᠢᠭᠰᠡᠨ ᠰᠡᠵᠢᠭᠳᠡᠨ ᠳ᠋ᠠᠨᠽᠠᠨ ᠤ ᠦᠢᠯᠡ ᠠᠵᠢᠯᠯᠠᠭ᠎ᠠ ᠨᠢ ᠬᠠᠣᠯᠢ ᠪᠣᠰᠦ ᠪᠠᠷ ᠬᠤᠣᠷ ᠫᠠᠨᠽᠠᠯᠠᠭᠰᠠᠨ ᠶᠠᠯ᠎ᠠ ᠪᠠᠷ ᠰᠡᠵᠢᠭᠯᠡᠭᠳᠡᠨ᠂ ᠪᠠᠭᠠᠷᠢᠨ ᠪᠠᠷᠠᠭᠤᠨ ᠬᠤᠰᠢᠭᠤᠨ ᠤ ᠳᠣᠳᠦᠭᠠᠳᠦ ᠶᠢ ᠬᠠᠮᠠᠭᠠᠯᠠᠬᠤ ᠲᠣᠪᠴᠢᠶ᠎ᠠ 2016 ᠣᠨ ᠤ 6 ᠰᠠᠷ᠎ᠠ ᠶᠢᠨ 8 ᠡᠳᠦᠷ ᠪᠠᠶᠢᠴᠠᠭᠠᠬᠤ ᠬᠤᠷᠢᠶᠠᠨ ᠳᠤ ᠪᠠᠷᠢᠪᠴᠢᠯᠠᠬᠤ ᠶᠢ ᠵᠦᠪᠰᠢᠶᠠᠷᠡᠭᠦᠯᠭᠦ ᠪᠠᠷ ᠲᠡᠪᠰᠢᠭᠦᠯᠵᠦ᠂ 6 ᠰᠠᠷ᠎ᠠ ᠶᠢᠨ 15 ᠤ ᠡᠳᠦᠷ ᠪᠠᠶᠢᠴᠠᠭᠠᠬᠤ ᠬᠤᠷᠢᠶ᠎ᠠ ᠪᠠᠷᠢᠪᠴᠢᠯᠠᠬᠤ ᠶᠢ ᠵᠦᠪᠰᠢᠶᠠᠷᠠᠪᠠ᠃