ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠠᠷᠢᠬᠢ ᠣᠣᠭᠤᠵᠦ ᠡᠬᠡᠨᠡᠷ ᠢᠶᠠᠨ ᠪᠠᠭᠠᠯᠵᠠᠭᠤᠷᠳᠠᠨ ᠠᠯᠠᠵᠦ ᠨᠠᠰᠣᠨ ᠤ ᠠᠮᠢᠳᠦᠷᠠᠯ ᠢᠶᠠᠨ ᠬᠠᠷᠠᠯᠠᠭᠤᠯᠪᠠ

2016-07-26 17:28:04
ᠵᠣᠬᠢᠶᠠᠭᠴᠢ

    ᠶᠠᠯ᠎ᠠ ᠬᠢᠭᠰᠡᠨ ᠰᠡᠵᠢᠭᠳᠡᠨ ᠬᠦᠬᠡ ᠂ 42 ᠨᠠᠰᠣᠳᠠᠢ ᠂ ᠪᠠᠭᠠᠷᠢᠨ ᠪᠠᠷᠠᠭᠤᠨ ᠬᠤᠰᠢᠭᠤᠨ ᠤ  ᠪᠣᠷᠤᠠᠤᠰᠤ ᠪᠠᠯᠭᠠᠰᠣᠨ ᠤ  ᠬᠤᠶᠢᠨᠰᠦᠮ᠎ᠡ ᠭᠠᠴᠠᠭᠠᠨ ᠤ ᠭᠤᠷᠪᠠᠳᠤᠭᠠᠷ ᠲᠣᠭᠤᠶᠢᠯᠠᠩ ᠤᠨ ᠬᠦᠮᠦᠨ᠂ ᠪᠠᠭ᠎ᠠ ᠰᠣᠷᠭᠠᠭᠤᠯᠢ ᠶᠢᠨ ᠰᠣᠶᠣᠯ ᠤᠨ ᠬᠡᠮᠵᠢᠶ᠎ᠠ ᠲᠠᠢ᠃

    2016 ᠣᠨ ᠤ 3 ᠰᠠᠷ᠎ᠠ ᠶᠢᠨ 21 ᠤ ᠰᠦᠨᠢ ᠬᠦᠬᠡ ᠭᠡᠷ ᠲᠡᠭᠡᠨ ᠠᠷᠢᠬᠢ ᠣᠣᠭᠤᠵᠦ ᠡᠭᠡᠨᠡᠷ ᠬᠦᠬᠡᠭᠴᠢᠨ ᠲᠠᠢ ᠪᠠᠨ ᠬᠡᠷᠡᠯᠳᠤᠵᠤ ᠂ ᠡᠬᠡᠨᠡᠷ ᠤᠨ ᠢᠶᠠᠨ ᠪᠠᠶ᠎ᠡ ᠲᠡᠭᠡᠷ᠎ᠠ ᠨᠢ ᠵᠠᠶᠢᠳᠠᠯᠠᠵᠦ ᠨᠢᠭᠤᠷ ᠤᠨ ᠬᠡᠰᠡᠭ ᠲᠤᠨᠢ ᠨᠢᠳᠦᠷᠭᠠᠳᠠᠨ ᠴᠣᠬᠢᠵᠦ ᠴᠠᠭᠡᠵᠢᠨ ᠬᠡᠰᠡᠭ ᠲᠤᠨᠢ ᠡᠪᠦᠳᠦᠭᠯᠡᠨ ᠬᠤᠶᠠᠷ ᠭᠠᠷ ᠢᠶᠠᠷ ᠢᠶᠠᠨ  ᠬᠤᠭᠤᠯᠠᠢ ᠶᠢ ᠨᠢ  ᠪᠠᠭᠠᠯᠵᠠᠭᠤᠷᠳᠠᠵᠦ ᠠᠯᠠᠪᠠ ᠃

    ᠡᠨᠡᠬᠦ ᠶᠠᠯᠠᠳᠦ ᠠᠵᠢᠯᠯᠠᠭ᠎ᠠ ᠶᠢ ᠭᠡᠷᠡᠴᠢᠯᠡᠬᠦ ᠭᠡᠷᠡᠴᠢ ᠪᠠᠷᠢᠮᠳᠠ ᠲᠣᠬᠠᠢ ᠶᠢᠨ ᠲᠠᠯᠠᠪᠠᠢ  ᠶᠢᠨ ᠬᠠᠶᠢᠨ ᠲᠡᠮᠳᠡᠭᠯᠡᠭᠰᠡᠨ ᠲᠡᠮᠳᠡᠭᠯᠡᠯ᠂ ᠦᠬᠦᠳᠡᠯ ᠲᠤᠶᠠᠴᠢᠭᠰᠠᠨ ᠮᠠᠳᠠᠭᠦᠯᠦᠯᠳᠠ᠂ ᠭᠡᠷᠡᠴᠢᠯᠡᠭᠴᠢ ᠶᠢᠨ ᠭᠡᠷᠡᠴᠢ ᠮᠠᠲ᠋ᠧᠷᠢᠶᠠᠯ᠂ ᠶᠠᠯ᠎ᠠ ᠬᠢᠭᠰᠡᠨ ᠰᠡᠵᠢᠭᠳᠡᠨ ᠤ ᠦᠴᠢᠭᠯᠡᠯ ᠨᠢ ᠬᠦᠬᠡ ᠶᠢᠨ ᠵᠣᠷᠢᠭᠤᠳᠠ ᠬᠦᠮᠦᠨ ᠠᠯᠠᠭᠰᠠᠨ ᠢ ᠭᠦᠢᠴᠡᠳ ᠭᠡᠷᠡᠴᠢᠯᠡᠨ᠂ ᠪᠠᠭᠠᠷᠢᠨ ᠪᠠᠷᠠᠭᠤᠨ ᠬᠤᠰᠢᠭᠤᠨ ᠤ ᠲᠣᠳᠦᠭᠠᠳᠦ ᠶᠢᠨ ᠬᠠᠮᠠᠭᠠᠯᠠᠬᠤ ᠲᠣᠪᠴᠢᠶ᠎ᠠ  ᠪᠠᠭᠠᠷᠢᠨ ᠪᠠᠷᠠᠭᠤᠨ ᠬᠤᠰᠢᠭᠤᠨ ᠤ ᠪᠠᠶᠢᠴᠠᠭᠠᠬᠤ ᠬᠤᠷᠢᠶᠠᠨ ᠳᠤ ᠪᠠᠷᠢᠪᠴᠢᠯᠠᠬᠤ ᠶᠢ ᠵᠦᠪᠰᠢᠶᠡᠷᠡᠭᠦᠯᠬᠦ ᠪᠠᠷ ᠲᠡᠪᠰᠢᠭᠦᠯᠪᠠ᠃

    ᠨᠢᠭᠡ ᠴᠠᠭ ᠤᠨ ᠠᠷᠢᠬᠢᠨ ᠬᠠᠯᠠᠭᠤᠨ ᠢᠶᠠᠷ ᠡᠬᠡᠨᠠᠷ ᠢᠶᠠᠨ ᠠᠯᠠᠵᠤ ᠨᠠᠰᠣᠨ ᠤ ᠠᠮᠢᠳᠦᠷᠠᠯ ᠢᠶᠠᠨ ᠬᠠᠷᠠᠯᠠᠭᠤᠯᠵᠦ᠂ ᠵᠢᠷᠭᠠᠯᠳᠦ ᠠᠮᠢᠳᠦᠷᠠᠯ ᠢᠶᠠᠨ ᠵᠣᠪᠠᠯᠠᠩ  ᠢᠶᠠᠷ ᠰᠣᠯᠢᠭᠰᠠᠨ  ᠵᠢᠱᠢᠶ᠎ᠠ  ᠠᠴᠠ  ᠮᠠᠨ ᠤ ᠬᠦᠳᠡᠭᠡ ᠲᠣᠰᠬᠤᠨ ᠤ ᠮᠠᠯᠵᠢᠬᠤ ᠲᠠᠷᠢᠶᠠᠯᠠᠬᠤ ᠣᠷᠣᠨ ᠤ ᠬᠦᠮᠦᠰ ᠠᠷᠢᠬᠢ ᠬᠡᠳᠦᠷᠡᠳᠠᠯ᠎ᠠ ᠣᠣᠭᠤᠬᠤ ᠶᠢ ᠡᠷᠡᠰ ᠴᠡᠭᠡᠷᠯᠡᠵᠦ ᠠᠷᠢᠬᠢᠨ ᠠᠴᠠ ᠪᠣᠯᠵᠦ ᠠᠵᠦ ᠠᠮᠢᠳᠦᠷᠠᠯ ᠢᠶᠠᠨ ᠬᠠᠷᠠᠯᠠᠭᠤᠯᠵᠦ ᠪᠠᠶᠢᠬᠤ ᠵᠢᠱᠢᠶ᠎ᠠ ᠠᠴᠠ ᠰᠣᠷᠭᠠᠮᠵᠢ ᠠᠪᠬᠤ ᠬᠡᠷᠡᠭᠳᠠᠢ᠃




                                                                                                  

ᠢᠷᠡᠯᠲᠡ
ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro