ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠤᠶᠢᠯᠡᠳᠦᠭᠰᠡᠨ ︽ᠰᠤᠩᠭᠤᠯᠳᠠ︾ ᠬᠡᠮᠡᠬᠦ ᠪᠢᠴᠢᠯ ᠺᠢᠨᠣ᠋ ᠨᠢ ᠰᠢᠯᠢᠳᠡᠭ ᠪᠦᠲᠦᠭᠡᠯ ᠤᠨ ᠱᠠᠩᠨᠠᠯ ᠬᠦᠷᠲᠡᠪᠡ
7 ᠰᠠᠷ᠎ᠠ ᠶᠢᠨ 8 ᠤ ᠡᠳᠦᠷ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠬᠤᠶᠠᠳᠤᠭᠠᠷ ᠬᠤᠭᠤᠴᠠᠭᠠᠨ ᠤ ᠲᠤᠰᠬᠠᠢ ᠰᠡᠳᠦᠪᠲᠤ ᠪᠢᠴᠢᠯ ᠺᠢᠨᠣ᠋ ᠶᠢᠨ ᠨᠡᠪᠲᠡᠷᠡᠭᠦᠯᠦᠨ ᠦᠵᠡᠭᠦᠯᠦᠯᠲᠡ ᠶᠢᠨ ᠰᠢᠯᠢᠳᠡᠭ ᠪᠦᠲᠦᠭᠡᠯ ᠢ ᠨᠡᠶᠢᠲᠡᠯᠡᠬᠦ ᠶᠤᠰᠤᠯᠠᠯ ᠪᠤᠯᠤᠨ ᠪᠠᠶᠢᠴᠠᠭᠠᠬᠤ ᠪᠠᠶᠢᠭᠤᠯᠭ᠎ᠠ ᠶᠢᠨ ᠺᠢᠨᠣ᠋ ᠲᠧᠯᠸᠢᠰ ᠤᠨ ᠪᠦᠲᠦᠭᠡᠯ ᠢ ᠰᠤᠳᠤᠯᠤᠨ ᠶᠠᠷᠢᠯᠴᠠᠬᠤ ᠬᠤᠷᠠᠯ ᠪᠡᠭᠡᠵᠢᠩ ᠳᠤ ᠶᠠᠪᠤᠭᠳᠠᠯ᠎ᠠ᠃ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠠᠴᠠ ᠳᠡᠪᠰᠢᠭᠦᠯᠦᠭᠰᠡᠨ ︽ᠰᠤᠩᠭᠤᠯᠲᠠ︾ ᠬᠡᠮᠡᠬᠦ ᠪᠢᠴᠢᠯ ᠺᠢᠨᠣ᠋ ᠰᠢᠯᠢᠳᠡᠭ ᠪᠦᠲᠦᠭᠡᠯ ᠤᠨ ᠱᠠᠩᠨᠠᠯ ᠬᠦᠷᠲᠡᠪᠡ᠃
︵ᠵᠢᠷᠤᠭ ᠪᠣᠯ ᠱᠠᠩᠨᠠᠯ ᠣᠯᠭᠤᠬᠤ ᠶᠤᠰᠤᠯᠠᠯ ᠤᠨ ᠲᠤᠬᠠᠢ ᠶᠢᠨ ᠭᠠᠵᠠᠷ᠂ ᠵᠡᠭᠦᠨ ᠲᠠᠯ᠎ᠠ ᠠᠴᠠ ᠬᠤᠶᠠᠳᠤᠭᠠᠷ ᠪᠤᠯ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠶᠢᠯᠡᠩ ᠤᠨ ᠱᠦᠵᠢ᠂ ᠪᠠᠶᠢᠴᠠᠭᠠᠬᠤ ᠲᠠᠷᠤᠭ᠎ᠠ ᠡᠷᠳᠡᠨᠢᠳᠠᠯᠠᠢ︶
︽ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠬᠤᠶᠠᠳᠤᠭᠠᠷ ᠬᠤᠭᠤᠴᠠᠭᠠᠨ ᠤ ᠲᠤᠰᠬᠠᠢ ᠰᠡᠳᠦᠪᠲᠤ ᠪᠢᠴᠢᠯ ᠺᠢᠨᠣ᠋ ᠶᠢᠨ ᠨᠡᠪᠲᠡᠷᠡᠭᠦᠯᠦᠨ ᠦᠵᠡᠭᠦᠯᠬᠦ ᠬᠦᠳᠡᠯᠭᠡᠭᠡᠨ︾ ᠢ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠤᠯᠤᠰ ᠲᠦᠷᠦ ᠶᠢᠨ ᠭᠡᠯᠲᠡᠰ᠂ ᠪᠠᠶᠢᠴᠠᠭᠠᠬᠤ ᠡᠳᠦᠷ ᠤᠨ ᠰᠤᠨᠢᠨ ᠤ ᠬᠤᠷᠢᠶ᠎ᠠ ᠬᠤᠯᠪᠤᠭᠠᠯᠠᠵᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠤᠯᠤᠰ ᠲᠦᠷᠦ ᠶᠢᠨ ᠤᠬᠠᠭᠤᠯᠬᠤ ᠬᠡᠯᠲᠡᠰ ᠪᠠ ᠺᠢᠨᠣ᠋ ᠲᠧᠯᠸᠢᠰ ᠤᠨ ᠲᠦᠪ ᠠᠴᠠ ᠡᠷᠬᠢᠯᠡᠨ ᠶᠠᠪᠤᠭᠳᠠᠭᠤᠯᠪᠠ᠃ ᠲᠤᠰ ᠬᠦᠳᠡᠯᠭᠡᠭᠡᠨ ᠳᠤ ᠨᠡᠶᠢᠲᠡ 174 ᠬᠤᠪᠢ ᠪᠦᠲᠦᠭᠡᠯ ᠳᠡᠪᠰᠢᠭᠦᠯᠦᠭᠳᠡᠨ᠂ ᠡᠭᠦᠨ ᠳᠤ ᠪᠢᠴᠢᠯ ᠺᠢᠨᠣ᠋ 115 ᠬᠤᠪᠢ ᠂ ᠲᠤᠰᠬᠠᠢ ᠰᠡᠳᠦᠪᠲᠦ ᠺᠢᠨᠣ᠋ 59 ᠬᠤᠪᠢ ᠪᠠᠶᠢᠪᠠ᠃ ᠲᠤᠰ ᠬᠦᠳᠡᠯᠭᠡᠭᠡᠨ ᠤ ᠬᠢᠨᠠᠨ ᠲᠤᠭᠲᠠᠭᠠᠬᠤ ᠺᠤᠮᠢᠰ ᠨᠢ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ᠂ ᠺᠢᠨᠣ᠋ ᠲᠧᠯᠸᠢᠰ ᠤᠨ ᠮᠡᠷᠭᠡᠵᠢᠯᠲᠡᠨ ᠵᠡᠷᠭᠡ 18 ᠬᠦᠮᠦᠨ ᠢᠶᠠᠷ ᠪᠦᠷᠢᠯᠳᠦᠨ ᠪᠦᠬᠦᠶᠢᠯᠡ ᠪᠦᠲᠦᠭᠡᠯ ᠢ ᠴᠢᠩᠭ᠎ᠠ ᠨᠢᠮᠪᠠᠢ ᠬᠢᠨᠠᠨ ᠦᠵᠡᠵᠤ ᠬᠤᠪᠢ ᠦᠭᠴᠠᠢ᠃ ᠬᠠᠮᠤᠭ ᠡᠴᠦᠰ ᠤᠨ ᠰᠢᠯᠭᠠᠷᠠᠭᠤᠯᠤᠯᠲᠠ ᠳᠤ ᠤᠯᠠᠨ ᠨᠡᠶᠢᠲᠡ ᠶᠢᠨ ᠤᠨᠤᠭ᠎ᠠ ᠦᠭᠭᠦᠯᠲᠡ᠂ ᠲᠤᠰᠬᠠᠢ ᠮᠡᠷᠭᠡᠵᠢᠯᠲᠡᠨ ᠤ ᠲᠠᠨᠢᠯᠴᠠᠭᠤᠯᠭ᠎ᠠ ᠂ ᠦᠨᠡᠯᠡᠨ ᠲᠤᠭᠲᠠᠭᠠᠬᠤ ᠬᠤᠷᠠᠯ ᠵᠡᠷᠭᠡ ᠭᠤᠷᠪᠠᠨ ᠠᠯᠬᠤᠮ ᠢᠶᠠᠷ ᠳᠠᠮᠵᠢᠭᠠᠳ ᠡᠵᠡᠨ ᠬᠤᠷᠤᠭ᠎ᠠ ᠬᠤᠰᠢᠭᠤᠨ ᠤ ᠪᠠᠶᠢᠴᠠᠭᠠᠬᠤ ᠬᠤᠷᠢᠶᠠᠨ ᠤ ︽ᠰᠤᠩᠭᠤᠯᠲᠠ︾ ᠬᠡᠮᠡᠬᠦ ᠪᠢᠴᠢᠯ ᠺᠢᠨᠤ᠋ ᠶᠢ ᠪᠠᠭᠲᠠᠭᠠᠭᠰᠠᠨ ᠦᠪᠦᠷ ᠮᠤᠩᠭᠤᠯ ᠣᠷᠤᠨ ᠤ 3 ᠬᠤᠪᠢ ᠪᠦᠲᠦᠭᠡᠯ ᠰᠢᠯᠭᠠᠷᠠᠭᠳᠠᠪᠠ᠃
︵ᠵᠢᠷᠤᠭ ᠪᠣᠯ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠶᠢᠯᠡᠩ ᠤᠨ ᠱᠦᠵᠢ᠂ ᠪᠠᠶᠢᠴᠠᠭᠠᠬᠤ ᠳᠠᠷᠤᠭ᠎ᠠ ᠡᠷᠳᠡᠨᠢᠳᠠᠯᠠᠢ ᠱᠠᠩᠨᠠᠯ ᠭᠠᠷᠳᠠᠵᠤ ᠪᠠᠶᠢᠭ᠎ᠠ ᠨᠢ︶
ᠤᠶᠢᠯᠠᠭᠠᠭᠰᠠᠨ ᠢᠶᠠᠷ᠂ ᠲᠤᠰ ᠬᠦᠳᠡᠯᠭᠡᠭᠡᠨ ᠲᠡᠭᠦᠰᠦᠭᠰᠡᠨ ᠤ ᠳᠠᠷᠠᠭ᠎ᠠ᠂ ᠵᠤᠬᠢᠶᠠᠨ ᠪᠠᠶᠢᠭᠤᠯᠬᠤ ᠳᠤᠭᠤᠶᠢᠯᠠᠩ ᠠᠴᠠ ᠱᠠᠩᠨᠠᠯ ᠤᠯᠤᠭᠰᠠᠨ ᠪᠦᠲᠦᠭᠡᠯ ᠪᠠ ᠰᠢᠯᠢᠳᠡᠭ ᠪᠦᠲᠦᠭᠡᠯ ᠤᠳ ᠢ ᠰᠤᠩᠭᠤᠨ ᠳᠤᠮᠳᠠᠳᠤ ᠤᠯᠤᠰ ᠤᠨ ᠲᠤᠤᠷ ᠰᠦᠯᠵᠢᠶ᠎ᠡ᠂ ᠠᠷᠠᠳ ᠤᠨ ᠰᠦᠯᠵᠢᠶ᠎ᠡ᠂ ᠰᠢᠨᠬᠤᠸᠠ ᠰᠦᠯᠵᠢᠶ᠎ᠡ᠂ ᠲᠦᠪ ᠤᠨ ᠲᠧᠯᠸᠢᠰ ᠬᠤᠷᠢᠶ᠎ᠠ᠂ ᠰᠢᠨ ᠯᠠᠩ ᠰᠦᠯᠵᠢᠶ᠎ᠡ᠂ ᠲᠧᠩ ᠰᠢᠶᠦ᠋ᠨ ᠰᠦᠯᠵᠢᠶᠡᠨ ᠳᠤ ᠲᠠᠨᠢᠯᠴᠠᠭᠤᠯᠤᠨ ᠨᠡᠪᠲᠡᠷᠡᠭᠦᠯᠵᠤ᠂ ᠪᠠᠶᠢᠴᠠᠭᠠᠬᠤ ᠡᠳᠦᠷ ᠤᠨ ᠰᠤᠨᠢᠨ᠂ ︽ᠬᠤᠶᠠᠷ ᠪᠢᠴᠢᠯ ᠨᠢᠭᠡ ᠰᠢᠯᠵᠢᠶ᠎ᠡ︾ ᠵᠡᠷᠭᠡ ᠷᠠᠳᠢᠤ᠋ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠨᠡᠶᠢᠲᠡ ᠳᠤ ᠬᠠᠮᠤᠭ ᠶᠡᠭᠡ ᠪᠤᠯᠤᠮᠵᠢ ᠪᠠᠷ ᠨᠡᠪᠲᠡᠷᠡᠭᠦᠯᠦᠨ ᠦᠵᠡᠭᠦᠯᠵᠤ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠰᠤᠶᠤᠯ ᠤᠨ ᠪᠦᠲᠦᠭᠡᠨ ᠪᠠᠶᠢᠭᠤᠯᠤᠯᠲᠠ ᠶᠢᠨ ᠬᠡᠪ ᠰᠤᠷᠲᠠᠯ ᠢ ᠪᠠᠳᠠᠷᠠᠭᠤᠯᠬᠤ ᠪᠠᠷ ᠪᠠᠶᠢᠨ᠎ᠠ᠃ ᠡᠵᠡᠨ ᠬᠤᠷᠤᠭ᠎ᠠ ᠬᠤᠰᠢᠭᠤᠨ ᠤ ᠪᠠᠶᠢᠴᠠᠭᠠᠬᠤ ᠬᠤᠷᠢᠶᠠᠨ ᠤ ︽ᠰᠤᠩᠭᠤᠯᠲᠠ︾ ᠨᠢ ᠮᠦᠨ ᠡᠨᠡ ᠤᠬᠠᠭᠤᠯᠭ᠎ᠠ ᠶᠢᠨ ᠠᠭᠤᠯᠭ᠎ᠠ ᠳᠤ ᠪᠠᠭᠲᠠᠵᠤ ᠪᠠᠶᠢᠨ᠎ᠠ᠃