ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠨᠳᠦᠰᠤᠨ ᠬᠠᠥᠯᠢ ᠳᠤ ᠲᠦᠪ ᠴᠢᠩᠭ᠎ᠠ ᠪᠠᠷ ᠲᠠᠩᠭᠠᠷᠢᠭ ᠬᠢᠪᠡ

2016-08-03 11:19:23
ᠵᠣᠬᠢᠶᠠᠭᠴᠢ


    《ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠤᠰᠤᠨ ᠬᠠᠥᠯᠢ ᠳᠤ ᠦᠨᠡᠨᠴᠢ ᠰᠢᠳᠤᠷᠭᠤ᠂ ᠦᠨᠳᠤᠰᠤᠨ ᠬᠠᠥᠯᠢ ᠶᠢᠨ ᠡᠷᠬᠡ ᠰᠦᠷ ᠢ ᠬᠠᠮᠠᠭᠠᠯᠠᠨ᠂ ᠬᠠᠥᠯᠢ ᠶᠤᠰᠤᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠶ᠎ᠡ … 》7 ᠰᠠᠷ᠎ᠠ ᠶᠢᠨ 27 ᠤ ᠡᠳᠤᠷ ᠤᠨ ᠦᠳᠡ ᠶᠢᠨ ᠡᠮᠤᠨ᠎ᠡ᠂ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ 2016 ᠤᠨ ᠠᠴᠠ ᠨᠠᠰᠢᠬᠢ ᠬᠠᠤᠯᠢ ᠴᠠᠭᠠᠵᠠ ᠪᠠ ᠵᠰᠠᠭ ᠵᠠᠬᠢᠷᠭᠠᠨ ᠤ ᠲᠤᠰᠢᠶᠠᠯ ᠳᠤ ᠰᠢᠨ᠎ᠡ ᠪᠠᠷ ᠲᠣᠮᠢᠯᠠᠭᠳᠠᠭᠰᠠᠨ 27  ᠪᠠᠶᠢᠴᠠᠭᠠᠬᠤ ᠠᠵᠢᠯᠲᠠᠨ ᠬᠠᠮᠲᠤᠪᠡᠷ ᠦᠨᠳᠤᠰᠤᠨ ᠬᠠᠥᠯᠢ ᠳᠤ ᠲᠠᠩᠭᠠᠷᠢᠭ ᠬᠢᠪᠠ᠃  ᠡᠨᠡ ᠪᠤᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠤᠰᠤᠨ ᠬᠠᠤᠯᠢ ᠳᠤ ᠲᠠᠩᠭᠠᠷᠢᠭᠯᠠᠬᠤ ᠲᠦᠷᠢᠮ ᠶᠢ ᠬᠡᠷᠡᠭᠵᠢᠬᠦᠯᠬᠦ ᠲᠤᠬᠠᠢ ᠲᠤᠭᠳᠠᠭᠠᠯ  ᠤᠨ  ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠠᠩᠬᠠᠳᠤᠭᠠᠷ ᠤᠳᠠᠭ᠎ᠠ ᠦᠨᠳᠤᠰᠤᠨ ᠬᠠᠤᠯᠢ ᠳᠤ ᠲᠠᠩᠭᠠᠷᠢᠭᠯᠠᠬᠤ ᠶᠤᠰᠤᠯᠠᠯ ᠶᠠᠪᠤᠭᠳᠠᠭᠤᠯᠪᠠ᠃ 

1.jpg

    ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠮᠠ ᠶᠥᠩ ᠱᠧᠩ ᠲᠠᠩᠭᠠᠷᠢᠭᠯᠠᠬᠤ ᠶᠤᠰᠤᠯᠠᠯ ᠢ ᠡᠷᠬᠢᠯᠡᠭᠰᠡᠨ ᠤ ᠬᠠᠮᠲᠤ ᠪᠠᠶᠢᠡᠭᠭᠤ ᠶᠢᠨ ᠲᠡᠳ᠋ ᠪᠠᠶᠢᠴᠠᠭᠠᠬᠤ ᠲᠠᠷᠤᠭ᠎ᠠ ᠸᠧᠢ ᠶᠠ ᠯᠢ ᠪᠠ ᠰᠠᠬᠢᠯᠭ᠎ᠠ ᠪᠠᠳᠤ ᠬᠢᠨᠠᠨ ᠪᠠᠶᠢᠴᠠᠭᠠᠬᠤ ᠲᠤᠭᠤᠶᠢᠯᠡᠩ ᠤᠨ ᠲᠠᠷᠤᠭ᠎ᠠ ᠶᠤᠸᠠᠢ ᠱᠢ ᠭᠤᠸᠠᠩ ᠲᠠᠢ ᠲᠠᠩᠭᠠᠷᠢᠭ ᠲᠤ ᠬᠢᠨᠠᠯᠳᠠ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠰᠢᠨ᠎ᠡ ᠪᠠᠷ ᠲᠣᠮᠢᠯᠠᠭᠳᠠᠭᠰᠠᠨ ᠲᠡᠳ᠋ ᠪᠠᠶᠢᠴᠠᠭᠠᠬᠤ ᠲᠠᠷᠤᠭ᠎ᠠ ᠵᠢᠶᠠᠨ ᠰᠢᠶᠣᠣ ᠸᠧᠨ ᠳᠠᠭᠠᠭᠤᠯᠤᠨ ᠲᠠᠩᠭᠠᠷᠢᠭ ᠬᠢᠪᠡ᠃ 

3.jpg2.jpg

ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro